ᠰᠠᠷᠢᠮᠰᠠᠭСаримсаг ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠰᠠᠷᠢᠮᠰᠠᠭСаримсаг

ᠰᠠᠷᠢᠮᠰᠠᠭСаримсаг

2025-01-12

275

ᠰᠠᠷᠢᠮᠰᠠᠭ 

   ᠲᠤᠰ ᠡᠮ ᠪᠣᠯ ᠰᠠᠷᠠᠨ᠎ᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠰᠠᠷᠢᠮᠰᠠᠭ ᠤ᠋ᠨ ᠬᠠᠲᠠᠭᠠᠭᠰᠠᠨ ᠬᠠᠢᠷᠰᠤᠯᠢᠭ ᠡᠰᠢ ᠮᠥᠨ᠃ ᠪᠠᠰᠠ ᠭᠣᠭ ᠭᠡᠳᠡᠭ᠃
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃ ᠮᠠᠰᠢ ᠦᠮᠡᠬᠡᠢ ᠦᠨᠦᠷ ᠲᠡᠢ᠂ ᠬᠠᠢᠷᠰᠤᠯᠢᠭ ᠡᠰᠢ ᠨᠢ ᠲᠣᠮᠣ᠂6—10 ᠬᠡᠯᠲᠡᠰ ᠲᠡᠢ᠂ ᠭᠠᠳᠠᠭᠤᠷ ᠨᠢ ᠴᠠᠢᠪᠤᠷ ᠴᠠᠭᠠᠨ ᠪᠤᠶᠤ ᠭᠦᠢᠬᠡᠨ ᠤᠯᠠᠪᠤᠷ ᠬᠠᠭᠤᠷᠠᠢ ᠰᠠᠷᠢᠰᠤᠯᠢᠭ ᠬᠠᠢᠷᠰᠤ ᠲᠠᠢ᠃ ᠨᠠᠪᠴᠢ ᠨᠢ ᠤᠵᠠᠭᠤᠷ ᠠ᠋ᠴᠠ ᠪᠠᠨ ᠤᠷᠭᠤᠨ᠎ᠠ᠃ ᠴᠤᠯᠤᠷᠬᠠᠭ᠂ ᠬᠠᠪᠲᠠᠭᠠᠢ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂2.5cm ᠣᠷᠴᠢᠮ ᠥᠷᠭᠡᠨ᠂ ᠤᠭ ᠨᠢ ᠲᠣᠭᠳᠣᠢ ᠰᠢᠭ᠋ ᠪᠣᠯᠳᠠᠭ᠃ ᠴᠡᠴᠡᠭ ᠦ᠋ᠨ ᠡᠰᠢ ᠨᠢ ᠰᠢᠯᠤᠭᠤᠨ᠂ 60cm ᠣᠷᠴᠢᠮ ᠥᠨᠳᠥᠷ᠃ ᠰᠢᠭᠦᠷ ᠬᠡᠯᠪᠡᠷᠢᠲᠦ ᠪᠠᠭ ᠴᠡᠴᠡᠭ ᠨᠢ ᠵᠢᠵᠢᠭ ᠮᠥᠷᠲᠡᠭᠡᠨ ᠢᠬᠴᠤ᠂1—3 ᠪᠠᠭᠯᠠᠭᠴᠢ ᠢᠯᠲᠠᠰᠤ ᠲᠠᠢ᠂ ᠢᠯᠲᠠᠰᠤ ᠨᠢ8—10cm ᠤᠷᠲᠤ᠂ ᠬᠠᠯᠢᠰᠤᠯᠢᠭ᠂ ᠭᠦᠢᠬᠡᠨ ᠤᠯᠠᠭᠠᠨ ᠥᠩᠭᠡ ᠲᠡᠢ ᠨᠠᠬᠢᠶ᠎ᠠ ᠠᠯᠠᠭᠯᠠᠵᠤ ᠪᠠᠢᠳᠠᠭ᠂4mm ᠤᠷᠲᠤ᠂ ᠴᠡᠴᠡᠭ ᠦ᠋ᠨ ᠪᠠᠷᠢᠭᠤᠯ ᠨᠢ ᠨᠠᠷᠢᠨ ᠪᠥᠭᠡᠳ ᠴᠡᠴᠡᠭ ᠡᠴᠡ ᠪᠡᠨ ᠤᠷᠲᠤ᠃ ᠴᠡᠴᠡᠭ ᠦ᠋ᠨ ᠰᠢᠳᠠᠷ6᠂ ᠶᠠᠭᠠᠨ ᠥᠩᠭᠡ ᠲᠡᠢ᠂ ᠵᠤᠤᠪᠠᠩᠯᠢᠭ ᠬᠠᠪᠲᠠᠭᠠᠢ ᠲᠡᠪᠡᠨᠡ ᠬᠡᠯᠪᠡᠷᠢ ᠲᠡᠢ᠃6 ᠡᠷ᠎ᠡ ᠲᠣᠭᠣᠷᠴᠣᠭ ᠨᠢ ᠴᠠᠭᠠᠨ ᠥᠩᠭᠡ ᠲᠡᠢ᠂ ᠲᠣᠭᠣᠰᠣᠪᠴᠢ ᠨᠢ ᠭᠦᠳᠦᠭᠦᠷ᠃1 ᠡᠮ᠎ᠡ ᠲᠣᠭᠣᠷᠴᠣᠭ ᠲᠠᠢ᠂ ᠴᠡᠴᠡᠭ ᠦ᠋ᠨ ᠪᠠᠭᠠᠨ᠎ᠠ ᠨᠢ ᠭᠦᠳᠦᠭᠦᠷ᠂ ᠳᠡᠭᠡᠳᠦ ᠣᠷᠣᠨᠲᠤ ᠤᠮᠠᠢ ᠲᠠᠢ  ᠤᠷᠲᠤ ᠵᠤᠤᠪᠠᠩᠯᠢᠭ ᠥᠨᠳᠡᠭᠡᠯᠵᠢᠨ ᠬᠡᠯᠪᠡᠷᠢ ᠲᠡᠢ᠂ ᠦᠵᠦᠭᠦᠷ ᠨᠢ ᠬᠣᠲᠣᠭᠣᠷ ᠂3 ᠲᠠᠰᠤᠭ ᠲᠠᠢ᠃ ᠬᠣᠩᠭᠣᠷᠴᠣᠭᠲᠤ ᠵᠢᠮᠢᠰ ᠨᠢ1 ᠲᠠᠰᠤᠭ ᠢ᠋ᠶ᠋ᠠᠷ ᠬᠠᠭᠠᠷᠠᠨ᠎ᠠ᠃ ᠬᠠᠷ᠎ᠠ ᠦᠷ᠎ᠡ ᠲᠡᠢ᠂ ᠵᠤᠨ ᠴᠡᠴᠡᠭᠯᠡᠨ᠎ᠡ᠃
   [ᠤᠷᠭᠤᠬᠤ ᠣᠷᠴᠢᠨ ᠬᠢᠭᠡᠳ ᠲᠠᠷᠬᠠᠴᠠ] ᠮᠠᠨ ᠤ᠋ ᠤᠯᠤᠰ ᠤ᠋ᠨ ᠡᠯ᠎ᠡ ᠭᠠᠵᠠᠷ ᠲᠤ ᠴᠥᠮ ᠠᠷᠠᠴᠢᠯᠠᠨ ᠲᠠᠷᠢᠵᠤ ᠪᠣᠢ᠃
   [ ᠲᠡᠭᠦᠵᠦ ᠪᠣᠯᠪᠠᠰᠤᠷᠠᠭᠤᠯᠬᠤ]
5 ᠳ᠋ᠤᠭᠠᠷ ᠰᠠᠷ᠎ᠠ ᠳ᠋ᠤ᠌ ᠨᠠᠪᠴᠢ ᠨᠢ ᠬᠤᠪᠠᠬᠠᠢᠷᠠᠬᠤ ᠦᠶ᠎ᠡ ᠳ᠋ᠦ᠍ᠨᠢ ᠮᠠᠯᠲᠠᠨ ᠠᠪᠴᠤ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠤᠱᠤᠭᠤᠨ ᠠᠮᠲᠠ ᠲᠠᠢ᠃ ᠪᠦᠯᠢᠶᠡᠨ ᠴᠢᠨᠠᠷ ᠲᠠᠢ᠃ ᠬᠤᠷᠴᠠ᠂ ᠲᠣᠰᠣᠯᠢᠭ᠂ ᠬᠦᠨᠳᠦ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠬᠡᠢ ᠶ᠋ᠢ ᠳᠠᠷᠤᠬᠤ᠂ ᠠᠮᠢᠰᠬᠤᠭᠠᠳᠠᠬᠤ ᠶ᠋ᠢ ᠵᠣᠭᠰᠣᠭᠠᠬᠤ᠂ ᠴᠠᠷ ᠢ᠋ ᠠᠷᠢᠯᠭᠠᠬᠤ᠂ ᠬᠣᠷᠣᠬᠠᠢ ᠶ᠋ᠢ ᠨᠢᠲᠤᠯᠬᠤ᠂ ᠬᠣᠣᠷ ᠢ᠋ ᠲᠠᠢᠯᠬᠤ᠂ ᠰᠢᠷ᠎ᠠ ᠤᠰᠤ ᠶ᠋ᠢ ᠠᠷᠢᠯᠭᠠᠬᠤ᠂ ᠢᠯᠴᠢ ᠶ᠋ᠢ ᠰᠡᠯᠪᠢᠬᠦ᠂ ᠳᠤᠷ᠎ᠠ ᠶ᠋ᠢ ᠨᠡᠭᠡᠭᠡᠬᠦ᠂ ᠪᠡᠲᠡᠭᠢ ᠶ᠋ᠢ ᠡᠪᠳᠡᠬᠦ ᠴᠢᠳᠠᠯ ᠲᠠᠢ᠃ ᠭᠣᠣᠯᠳᠠᠭᠤ ᠬᠡᠢ ᠬᠠᠯᠠᠭᠤᠨ᠂ ᠵᠢᠷᠦᠬᠡᠨ ᠬᠡᠢ᠂ ᠭᠣᠣᠯ ᠤ᠋ᠨ ᠬᠡᠢ ᠶ᠋ᠢᠨ ᠡᠪᠡᠳᠴᠢᠨ᠂ ᠬᠣᠭᠣᠯᠠᠢ ᠶ᠋ᠢᠨ ᠬᠠᠯᠠᠭᠤᠨ᠂ ᠭᠥᠭᠦᠭᠦᠯᠳᠡᠭ ᠬᠠᠨᠢᠶᠠᠳᠤ᠂ ᠠᠮᠢᠰᠬᠤᠭᠠᠳᠠᠬᠤ᠂ ᠬᠢᠯᠭᠠᠰᠤᠨ ᠬᠣᠷᠣᠬᠠᠢᠲᠤ ᠡᠪᠡᠳᠴᠢᠨ᠂᠂ ᠤᠮᠠᠢ ᠶ᠋ᠢᠨ ᠬᠣᠷᠣᠬᠠᠢ ᠡᠪᠡᠳᠴᠢᠨ᠂ ᠬᠡᠢ ᠪᠡᠲᠡᠭᠢ᠂ ᠮᠣᠭᠠᠢ ᠶ᠋ᠢᠨ ᠬᠣᠣᠷ᠂ ᠨᠠᠢᠷᠠᠭᠤᠯᠤᠭᠰᠠᠨ ᠬᠣᠣᠷ᠂ ᠭᠠᠯᠵᠠᠭᠤ ᠡᠪᠡᠳᠴᠢᠨ᠂ ᠬᠠᠷ᠎ᠠ ᠲᠤᠭᠤᠯᠭ᠎ᠠ ᠶ᠋ᠢᠨ ᠤᠳᠠᠭᠠᠨ ᠬᠣᠣᠷᠳᠠᠯ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄大蒜
   ᠠᠩᠭ᠌ᠯᠢ ᠨᠡᠷ᠎ᠡ᠄Allium sativum

   ᠦᠰᠦᠭ ᠠᠮᠢᠯᠠᠭᠤᠯᠤᠭᠴᠢ᠄ ᠪᠤᠷᠤᠨᠤᠳ᠂ ᠴᠢᠮᠡᠭ
   ᠬᠢᠨᠠᠭᠴᠢ᠄ ᠲᠤᠶᠠᠭ᠎ᠠ