ᠰᠦᠨ ᠣᠷᠬᠣᠳᠠᠢСүн орхоодой
ᠰᠦᠨ ᠣᠷᠬᠣᠳᠠᠢ
ᠲᠤᠰ ᠡᠮ ᠪᠣᠯ ᠬᠤᠷᠳᠤᠨ ᠴᠠᠭᠠᠨ ᠤ᠋ ᠢᠵᠠᠭᠤᠷ ᠤ᠋ᠨ ᠤᠷᠭᠤᠮᠠᠯ ᠪᠣᠯᠬᠤ ᠰᠦᠨ ᠣᠷᠬᠣᠳᠠᠢ ᠶ᠋ᠢᠨ ᠬᠠᠲᠠᠭᠠᠭᠰᠠᠨ ᠦᠨᠳᠦᠰᠦ ᠮᠥᠨ᠃ ᠪᠠᠰᠠ ᠰᠢᠷ᠎ᠠ ᠣᠷᠬᠣᠳᠠᠢ᠂ ᠯᠦᠳᠥ᠋ᠳᠳᠣᠷᠵᠢ ᠴᠣᠭ ᠭᠡᠳᠡᠭ᠃
[ ᠤᠤᠯ ᠤᠷᠭᠤᠮᠠᠯ] ᠵᠡᠯᠡᠯᠡᠵᠦ ᠤᠷᠭᠤᠬᠤ ᠣᠯᠠᠨ ᠨᠠᠰᠤᠲᠤ ᠡᠪᠡᠰᠦᠯᠢᠭ ᠤᠷᠭᠤᠮᠠᠯ᠃ ᠴᠠᠭᠠᠨ ᠥᠩᠭᠡᠲᠦ ᠰᠦ ᠲᠡᠢ ᠪᠥᠭᠡᠳ ᠮᠠᠰᠢ ᠦᠮᠡᠬᠡᠢ ᠪᠠᠢᠳᠠᠭ᠃ ᠡᠰᠢ ᠨᠢ ᠨᠠᠷᠢᠨ ᠤᠷᠲᠤ ᠮᠥᠷᠲᠡᠭᠡᠨ ᠣᠯᠠᠨ ᠰᠠᠯᠠᠭᠠᠯᠠᠨ᠎ᠠ᠂ ᠭᠥᠯᠢᠭᠡᠷ᠂ ᠦᠰᠦ ᠦᠭᠡᠢ᠃ ᠨᠠᠪᠴᠢ ᠨᠢ ᠴᠤᠪᠤᠷᠠᠨ ᠤᠷᠭᠤᠬᠤ ᠪᠤᠶᠤ ᠴᠢᠭᠲᠠᠯᠠᠨ ᠤᠷᠭᠤᠨ᠎ᠠ᠂ ᠥᠨᠳᠡᠭᠡᠯᠵᠢᠨ᠂1 -6.3cm ᠤᠷᠲᠤ᠂0.5—5cm ᠥᠷᠭᠡᠨ᠂ ᠮᠤᠬᠤᠷ ᠪᠤᠶᠤ ᠱᠣᠪᠬᠣ ᠦᠵᠦᠭᠦᠷ ᠲᠡᠢ᠂ ᠲᠣᠭᠣᠷᠢᠭ ᠪᠤᠶᠤ ᠵᠢᠷᠦᠬᠡᠨ ᠬᠡᠯᠪᠡᠷᠢᠲᠦ ᠤᠭ ᠲᠠᠢ᠂ ᠳᠣᠯᠭᠢᠶᠠᠯᠢᠭ ᠮᠤᠬᠤᠷ ᠬᠡᠷᠴᠢᠶᠡᠰᠦ ᠲᠡᠢ ᠪᠤᠶᠤ ᠪᠦᠲᠦᠨ ᠬᠥᠪᠡᠭᠡ ᠲᠡᠢ᠂ ᠨᠠᠪᠴᠢᠨ ᠤ᠋ ᠬᠣᠶᠠᠷ ᠲᠠᠯ᠎ᠠ ᠳ᠋ᠤᠨᠢ ᠨᠢᠭ᠋ ᠪᠤᠶᠤ ᠲᠠᠷᠠᠮᠠᠭ ᠣᠬᠣᠷ ᠵᠥᠭᠡᠯᠡᠨ ᠦᠰᠦ ᠲᠡᠢ᠂ ᠵᠠᠷᠢᠮ ᠳ᠋ᠠᠭᠠᠨ ᠦᠰᠦ ᠦᠭᠡᠢ᠃ ᠨᠠᠪᠴᠢᠨ ᠪᠠᠷᠢᠭᠤᠯ ᠨᠢ0.5 - 3cm ᠤᠷᠲᠤ᠃ ᠴᠡᠴᠡᠭ ᠨᠢ ᠡᠰᠢᠨ ᠦ᠌ ᠣᠷᠣᠢ ᠳ᠋ᠤ᠌1 - 3 ᠬᠦᠢᠰ ᠢ᠋ᠶ᠋ᠡᠷ ᠳᠡᠯᠭᠡᠷᠡᠨ᠎ᠡ᠃ ᠴᠡᠴᠡᠭ ᠦ᠋ᠨ ᠪᠠᠷᠢᠭᠤᠯ ᠨᠢ ᠨᠠᠷᠢᠬᠠᠨ᠃ 5 ᠰᠡᠵᠢᠭᠦᠷ ᠢᠯᠲᠠᠰᠤ ᠲᠠᠢ᠂ ᠬᠠᠶᠠ ᠪᠠᠰᠠ4 ᠪᠠᠢᠳᠠᠭ᠃ ᠲᠣᠭᠣᠷᠢᠭ ᠰᠢᠭ᠋ ᠬᠠᠪᠲᠠᠭᠠᠢ ᠲᠡᠪᠡᠨᠡ ᠪᠤᠶᠤ ᠭᠤᠷᠪᠠᠯᠵᠢᠨ ᠰᠢᠭ᠋ ᠬᠠᠪᠲᠠᠭᠠᠢ ᠲᠡᠪᠡᠨᠡ ᠬᠡᠯᠪᠡᠷᠢ ᠲᠡᠢ᠂ ᠤᠷᠲᠤ ᠨᠢ ᠥᠷᠭᠡᠨ ᠦ᠌ ᠪᠡᠨ2 - 3 ᠳᠠᠬᠢᠨ᠂ ᠪᠦᠲᠦᠨ ᠬᠥᠪᠡᠭᠡ ᠲᠡᠢ᠃ ᠴᠡᠴᠡᠭ ᠦ᠋ᠨ ᠳᠡᠯᠪᠢ ᠨᠢ ᠰᠢᠷᠠᠩᠭᠤᠢ ᠨᠣᠭᠣᠭᠠᠨ᠂ ᠪᠣᠷᠣ ᠲᠣᠯᠪᠣ ᠲᠠᠢ᠂ ᠥᠷᠭᠡᠨ ᠬᠤᠩᠬ᠎ᠠ ᠬᠡᠯᠪᠡᠷᠢ ᠲᠡᠢ᠂ ᠤᠷᠲᠤ ᠪᠠ ᠥᠷᠭᠡᠨ ᠨᠢ ᠪᠠᠷᠤᠭ2 - 2.5cm᠂ ᠦᠰᠦ ᠦᠭᠡᠢ᠃ ᠦᠵᠦᠭᠦᠷ ᠲᠤᠨᠢ5 ᠭᠦᠢᠬᠡᠨ ᠣᠨᠢ ᠲᠠᠢ᠂ ᠰᠡᠵᠢᠭᠦᠷ ᠢᠯᠲᠠᠰᠤ ᠨᠢ ᠭᠤᠷᠪᠠᠯᠵᠢᠨ᠃5 ᠡᠷ᠎ᠡ ᠲᠣᠭᠣᠷᠴᠣᠭ ᠲᠠᠢ᠂ ᠳᠣᠬᠢᠭᠤᠷ ᠨᠢ ᠳᠤᠮᠳᠠ ᠠ᠋ᠴᠠ ᠳᠣᠷᠣᠭᠰᠢ ᠪᠠᠨ ᠵᠢᠭᠠᠬᠠᠨ ᠥᠷᠭᠡᠵᠢᠨ᠎ᠡ᠃ ᠤᠮᠠᠢ ᠨᠢ ᠬᠠᠭᠠᠰ ᠳᠣᠣᠷᠠᠲᠤ ᠣᠷᠣᠨ ᠲᠠᠢ᠂ ᠴᠡᠴᠡᠭ ᠦ᠋ᠨ ᠪᠠᠭᠠᠨ᠎ᠠ ᠨᠢ ᠣᠬᠣᠷ᠂3 ᠪᠠᠭᠠᠨ᠎ᠠ ᠲᠠᠢ᠃ ᠬᠣᠩᠭᠣᠷᠴᠣᠭᠲᠤ ᠵᠢᠮᠢᠰ ᠨᠢ ᠣᠬᠣᠷᠬᠠᠨ ᠱᠣᠷᠣᠯᠵᠢᠨ ᠬᠡᠯᠪᠡᠷᠢ ᠲᠡᠢ᠂ ᠮᠥᠩᠬᠡ ᠣᠷᠣᠰᠢᠬᠤ ᠴᠡᠴᠡᠭ ᠦ᠋ᠨ ᠲᠣᠭᠳᠣᠢ ᠲᠠᠢ᠂ ᠪᠣᠯᠪᠠᠰᠤᠷᠠᠪᠠᠯ ᠣᠷᠣᠢ ᠪᠠᠷ ᠢ᠋ᠶ᠋ᠠᠨ ᠭᠤᠷᠪᠠᠨ ᠲᠡᠰᠢ ᠬᠠᠭᠠᠷᠠᠨ᠎ᠠ᠃ ᠦᠷ᠎ᠡ ᠨᠢ ᠵᠢᠵᠢᠭ ᠪᠥᠭᠡᠳ ᠣᠯᠠᠨ᠂ ᠬᠦᠷᠡᠩ ᠳᠠᠯᠠᠪᠴᠢ ᠲᠠᠢ᠃7 - 8 ᠳ᠋ᠤᠭᠠᠷ ᠰᠠᠷ᠎ᠠ ᠳ᠋ᠤ᠌ ᠴᠡᠴᠡᠭᠯᠡᠵᠦ᠂8 - 9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠣᠢ ᠮᠣᠳᠣᠨ ᠤ᠋ ᠬᠥᠪᠡᠭᠡ᠂ ᠪᠤᠲᠠ ᠰᠥᠭᠡᠭ ᠳᠤᠮᠳᠠ ᠤᠷᠭᠤᠨ᠎ᠠ᠃ ᠵᠡᠭᠦᠨ ᠬᠣᠢᠲᠤ ᠣᠷᠣᠨ᠂ ᠥᠪᠥᠷ ᠮᠣᠩᠭᠣᠯ᠂ ᠱᠠᠨ ᠰᠢ᠂ ᠱᠠᠨᠰᠢ᠂ ᠬᠤᠪᠧᠢ᠂ ᠾᠧᠨᠠᠨ᠂ ᠶᠦᠨᠨᠠᠨ᠂ ᠭᠠᠨᠰᠦ᠂ ᠰᠧᠴᠤᠸᠠᠨ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠨᠠᠮᠤᠷ ᠦᠨᠳᠦᠰᠦ ᠶ᠋ᠢ ᠨᠢ ᠮᠠᠯᠲᠠᠨ ᠠᠪᠴᠤ ᠠᠷᠢᠯᠭᠠᠨ ᠴᠡᠪᠡᠷᠯᠡᠭᠡᠳ᠂ ᠳᠠᠬᠢᠨ ᠳᠠᠪᠲᠠᠨ ᠦᠩᠭᠡᠵᠦ ᠪᠠᠢᠭᠠᠳ ᠨᠠᠷᠠᠨ ᠳ᠋ᠤ᠌ ᠭᠦᠢᠴᠡᠳ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ᠂ ᠭᠤᠱᠤᠭᠤᠨ᠂ ᠡᠬᠡᠭᠦᠨ ᠠᠮᠲᠠ ᠲᠠᠢ᠃ ᠰᠡᠷᠢᠭᠦᠨ ᠴᠢᠨᠠᠷ ᠲᠠᠢ᠃ ᠬᠤᠷᠴᠠ᠂ ᠵᠥᠭᠡᠯᠡᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠬᠠᠪᠤᠳᠠᠷ ᠢ᠋ ᠬᠠᠷᠢᠭᠤᠯᠬᠤ᠂ ᠰᠢᠷ᠎ᠠ ᠤᠰᠤ ᠶ᠋ᠢ ᠠᠷᠢᠯᠭᠠᠬᠤ᠂ ᠬᠥᠰᠢᠭᠰᠡᠨ ᠢ᠋ ᠲᠠᠯᠪᠢᠭᠳᠠᠭᠤᠯᠬᠤ ᠴᠢᠳᠠᠯ ᠲᠠᠢ᠃ ᠭᠣᠣᠯᠳᠠᠭᠤ ᠪᠠᠮ᠂ ᠲᠤᠯᠠᠢ᠂ ᠬᠡᠷᠦᠬᠦ᠂ ᠦᠶ᠎ᠡ ᠭᠡᠰᠢᠭᠦᠦ ᠶ᠋ᠢᠨ ᠰᠢᠷ᠎ᠠ ᠤᠰᠤᠨ ᠡᠪᠡᠳᠴᠢᠨ᠂ ᠨᠢᠶᠠᠨ ᠬᠠᠪᠤᠳᠠᠷ᠂ ᠦᠬᠡᠷ ᠢᠯᠳᠦ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄党参
ᠠᠩᠭ᠌ᠯᠢ ᠨᠡᠷ᠎ᠡ᠄ Codonopsis pilosuda (Franch.) Nannf
ᠦᠰᠦᠭ ᠠᠮᠢᠯᠠᠭᠤᠯᠤᠭᠴᠢ᠄ ᠤᠷᠠᠨᠴᠢᠮᠡᠭ
ᠬᠢᠨᠠᠭᠴᠢ᠄ ᠲᠤᠶᠠᠭ᠎ᠠ
