ᠰᠢᠷ᠎ᠠ ᠪᠣᠩ ᠠШар бон аа ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠰᠢᠷ᠎ᠠ ᠪᠣᠩ ᠠШар бон аа

ᠰᠢᠷ᠎ᠠ ᠪᠣᠩ ᠠШар бон аа

2025-01-19

233

ᠰᠢᠷ᠎ᠠ ᠪᠣᠩ ᠠ

   ᠲᠤᠰ ᠡᠮ ᠪᠣᠯ ᠬᠣᠯᠲᠣᠰᠣᠨ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠰᠢᠷ᠎ᠠ ᠬᠤᠤᠷᠠᠰᠤ ᠶ᠋ᠢᠨ ᠬᠠᠲᠠᠭᠠᠭᠰᠠᠨ ᠲᠥᠮᠥᠰᠥᠯᠢᠭ ᠦᠨᠳᠦᠰᠦ ᠮᠥᠨ᠃ ᠪᠠᠰᠠ ᠪᠤᠩᠰᠸᠷ ᠭᠡᠳᠡᠭ᠃
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃ ᠲᠥᠮᠥᠰᠥᠯᠢᠭ ᠦᠨᠳᠦᠰᠦ ᠨᠢ ᠶᠡᠷᠦ ᠳ᠋ᠡᠭᠡᠨ ᠬᠣᠶᠠᠷ ᠢ᠋ᠶ᠋ᠠᠷ ᠵᠠᠯᠭᠠᠯᠳᠤᠳᠠᠭ ᠪᠥᠭᠡᠳ ᠲᠣᠩᠭᠣᠷᠤᠤ ᠥᠨᠳᠡᠭᠡᠯᠵᠢᠨ ᠪᠤᠶᠤ ᠡᠭᠡᠷᠡᠦᠯ ᠬᠡᠯᠪᠡᠷᠢ ᠲᠡᠢ᠃ ᠡᠰᠢ ᠨᠢ ᠰᠢᠯᠤᠭᠤᠨ·50~120cm ᠥᠨᠳᠥᠷ᠃ ᠨᠠᠪᠴᠢ ᠨᠢ ᠴᠤᠪᠤᠷᠠᠨ ᠤᠷᠭᠤᠬᠤ ᠪᠥᠭᠡᠳ ᠪᠠᠷᠢᠭᠤᠯ ᠲᠠᠢ᠃ ᠨᠠᠪᠴᠢᠨ ᠢᠯᠲᠠᠰᠤ ᠨᠢ3~5 ᠠᠯᠠᠭᠠᠯᠢᠭ ᠭᠦᠢᠴᠡᠳ ᠣᠨᠢ ᠲᠠᠢ᠂ ᠰᠡᠵᠢᠭᠦᠷ ᠢᠯᠲᠠᠰᠤ ᠨᠢ ᠪᠠᠰᠠ ᠬᠣᠶᠠᠷᠳᠠᠭᠰᠠᠨ ᠥᠳᠥᠯᠢᠭ ᠣᠨᠢ ᠭᠠᠷᠤᠨ᠎ᠠ᠃ ᠡᠴᠦᠰ ᠦ᠋ᠨ ᠰᠡᠵᠢᠭᠦᠷ ᠢᠯᠲᠠᠰᠤ ᠨᠢ ᠪᠦᠰᠡᠯᠢᠭ ᠬᠡᠯᠪᠡᠷᠢ ᠲᠡᠢ᠂ ᠬᠤᠷᠴᠠ ᠱᠣᠪᠬᠣ ᠦᠵᠦᠭᠦᠷ ᠨᠢ2mm ᠣᠷᠴᠢᠮ ᠥᠷᠭᠡᠨ᠃ ᠴᠠᠴᠤᠭ ᠬᠡᠯᠪᠡᠷᠢᠲᠦ ᠪᠠᠭ ᠴᠡᠴᠡᠭ ᠨᠢ ᠣᠷᠣᠢ ᠳ᠋ᠤᠨᠢ ᠳᠡᠯᠭᠡᠷᠡᠨ᠎ᠡ᠃ ᠵᠢᠵᠢᠭ ᠪᠠᠷᠢᠭᠤᠯ ᠨᠢ0.5~4cm ᠤᠷᠲᠤ᠃ ᠴᠡᠴᠡᠭ ᠦ᠋ᠨ ᠳᠡᠯᠪᠢ ᠰᠢᠭ᠋5 ᠲᠣᠭᠳᠣᠢ ᠲᠠᠢ᠂ ᠰᠢᠷᠠᠩᠭᠤᠢ ᠥᠩᠭᠡ ᠲᠡᠢ᠂ ᠭᠠᠳᠠᠭᠤᠷ ᠨᠢ ᠨᠢᠭ ᠵᠥᠭᠡᠯᠡᠨ ᠦᠰᠦ ᠲᠡᠢ᠂ ᠳᠡᠭᠡᠷ᠎ᠡ ᠲᠣᠭᠳᠣᠢ ᠢᠯᠲᠠᠰᠤ ᠨᠢ ᠣᠩᠭᠣᠴᠠᠯᠢᠭ ᠲᠤᠭᠤᠯᠭ᠎ᠠ ᠬᠡᠯᠪᠡᠷᠢ ᠲᠡᠢ᠂1~2cm ᠤᠷᠲᠤ᠂ ᠬᠠᠵᠠᠭᠤ ᠶ᠋ᠢᠨ ᠲᠣᠭᠳᠣᠢ ᠢᠯᠲᠠᠰᠤ ᠨᠢ ᠲᠣᠭᠣᠷᠢᠭ ᠬᠡᠯᠪᠡᠷᠢ ᠲᠡᠢ᠃ ᠴᠡᠴᠡᠭ ᠦ᠋ᠨ ᠳᠡᠯᠪᠢ ᠨᠢ2᠂ ᠳᠤᠭᠤᠯᠠᠭ᠎ᠠ ᠬᠡᠯᠲᠡᠰ ᠦ᠋ᠨ ᠳᠣᠣᠷ᠎ᠠ ᠨᠢ ᠴᠢᠩᠭ᠎ᠠ ᠨᠠᠭᠠᠯᠳᠤᠵᠤ ᠪᠣᠢ᠃ ᠣᠯᠠᠨ ᠡᠷ᠎ᠡ ᠲᠣᠭᠣᠷᠴᠣᠭ ᠲᠠᠢ᠃3 ᠤᠮᠠᠢ ᠲᠠᠢ᠂ ᠬᠠᠪᠲᠠᠭᠠᠢ ᠥᠨᠳᠡᠭᠡᠯᠵᠢᠨ ᠬᠡᠯᠪᠡᠷᠢ ᠲᠡᠢ᠂ ᠢᠭᠴᠤ ᠪᠦᠷᠬᠦᠭᠰᠡᠨ ᠴᠡᠯᠮᠡᠨ ᠦᠰᠦ ᠲᠡᠢ᠃3~5 ᠴᠠᠨ᠎ᠠ ᠵᠢᠮᠢᠰ ᠲᠡᠢ ᠪᠥᠭᠡᠳ ᠲᠠᠷᠠᠮᠠᠭ ᠴᠠᠭᠠᠨ ᠦᠰᠦ ᠲᠡᠢ᠃ ᠦᠷ᠎ᠡ ᠨᠢ ᠢᠷᠮᠡᠭ ᠲᠡᠢ ᠪᠥᠭᠡᠳ ᠢᠷᠮᠡᠭ ᠦ᠋ᠨ ᠬᠡᠰᠡᠭ ᠲᠤᠨᠢ ᠳᠠᠯᠠᠪᠴᠢ ᠲᠠᠢ᠃8~9 ᠳ᠋ᠦ᠍ᠭᠡᠷ ᠰᠠᠷ᠎ᠠ ᠳ᠋ᠤ᠌ ᠴᠡᠴᠡᠭᠯᠡᠵᠦ᠂10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠬᠠᠵᠠᠭᠤ ᠶ᠋ᠢᠨ ᠪᠤᠲᠠ ᠰᠥᠭᠡᠭ ᠪᠤᠶᠤ ᠥᠯᠥᠩ ᠡᠪᠡᠰᠦᠨ ᠳᠤᠮᠳᠠ ᠤᠷᠭᠤᠨ᠎ᠠ᠃ ᠬᠠᠷᠠᠮᠦ᠋ᠷᠡᠨ᠂ ᠬᠢᠷᠢᠨ᠂ ᠯᠢᠶᠣᠤᠨᠢᠩ᠂ ᠾᠧᠪᠧᠢ ᠵᠡᠷᠭᠡ ᠮᠣᠵᠢ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ]8~9 ᠳ᠋ᠦ᠍ᠭᠡᠷ ᠰᠠᠷ᠎ᠠ ᠶ᠋ᠢᠨ ᠬᠣᠭᠣᠷᠣᠨᠳᠣ ᠲᠥᠮᠥᠰᠥᠯᠢᠭ ᠦᠨᠳᠦᠰᠦ ᠶ᠋ᠢ ᠨᠢ ᠮᠠᠯᠲᠠᠨ ᠠᠪᠴᠤ᠂ ᠦᠯᠡᠳᠡᠭᠳᠡᠯ ᠡᠰᠢ᠂ ᠨᠠᠪᠴᠢ᠂ ᠰᠠᠬᠠᠯ ᠦᠨᠳᠦᠰᠦ ᠶ᠋ᠢ ᠨᠢ ᠠᠷᠢᠯᠭᠠᠵᠤ ᠬᠠᠶᠠᠭᠠᠳ᠂ ᠤᠬᠢᠶᠠᠨ ᠴᠡᠪᠡᠷᠯᠡᠭᠡᠳ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠤᠱᠤᠭᠤᠨ᠂ ᠠᠮᠲᠠᠯᠢᠭ ᠠᠮᠲᠠ ᠲᠠᠢ; ᠪᠦᠯᠢᠶᠡᠨ ᠴᠢᠨᠠᠷ ᠲᠠᠢ; ᠬᠣᠣᠷ ᠲᠠᠢ᠃
   [ ᠴᠢᠳᠠᠯ ᠪᠠ ᠭᠣᠣᠯᠳᠠᠭᠤ ᠵᠠᠰᠠᠬᠤ] ᠨᠢᠶᠠᠨ ᠢ᠋ ᠨᠢᠲᠤᠯᠬᠤ᠂ ᠡᠪᠡᠳᠬᠦ ᠶ᠋ᠢ ᠵᠣᠭᠰᠣᠭᠠᠬᠤ᠂ ᠰᠢᠷ᠎ᠠ ᠤᠰᠤ ᠶ᠋ᠢ ᠠᠷᠢᠯᠭᠠᠬᠤ ᠴᠢᠳᠠᠯ ᠲᠠᠢ᠃ ᠭᠣᠣᠯᠳᠠᠭᠤ ᠬᠢᠵᠢᠭ ᠲᠠᠭᠰᠢᠭᠤᠷ᠂ ᠭᠡᠳᠡᠰᠦᠨ ᠬᠠᠳᠬᠤᠯᠭ᠎ᠠ᠂ ᠣᠬᠣᠷ ᠬᠠᠳᠬᠤᠯᠭ᠎ᠠ᠂ ᠨᠢᠶᠠᠨ ᠴᠢᠭᠢᠬ᠎ᠠ᠂ ᠭᠠᠯ ᠨᠠᠮᠤᠰᠤ᠂ ᠰᠠᠬᠤᠤ ᠪᠣᠭᠣᠮ᠎ᠠ᠂ ᠰᠢᠯᠢ ᠲᠠᠲᠠᠬᠤ᠂ ᠲᠤᠯᠠᠢ᠂ ᠬᠡᠷᠦᠬᠦ᠂ ᠦᠶ᠎ᠡ ᠭᠡᠰᠢᠭᠦᠦ ᠡᠪᠡᠳᠬᠦ᠂ ᠰᠠ᠂ ᠵᠢᠷᠦᠬᠡᠨ ᠦ᠌ ᠬᠡᠢ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
   [ ᠠᠩᠬᠠᠷᠤᠯ] ᠲᠠᠮᠢᠷ ᠳᠣᠷᠣᠢ᠂ ᠵᠢᠷᠮᠦᠰᠦᠨ ᠡᠮᠡᠭᠲᠡᠢ ᠳ᠋ᠦ᠍ ᠴᠡᠭᠡᠷᠯᠡᠨ᠎ᠡ᠃

   ᠬᠢᠲᠠᠳ ᠨᠡᠷ᠎ᠡ᠄关白附
   ᠠᠩᠭ᠌ᠯᠢ ᠨᠡᠷ᠎ᠡ᠄Aconitum coreanum (Levl.) Rapaics [A. koreanum R. Raym

   ᠦᠰᠦᠭ ᠠᠮᠢᠯᠠᠭᠤᠯᠤᠭᠴᠢ᠄ ᠠᠯᠲᠠᠨᠴᠡᠴᠡᠭ
   ᠬᠢᠨᠠᠭᠴᠢ᠄ ᠲᠤᠶᠠᠭ᠎ᠠ