ᠰᠢᠷ᠎ᠠ ᠬᠤᠩᠯᠧᠨШар хонлен ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠰᠢᠷ᠎ᠠ ᠬᠤᠩᠯᠧᠨШар хонлен

ᠰᠢᠷ᠎ᠠ ᠬᠤᠩᠯᠧᠨШар хонлен

2025-01-20

244

ᠰᠢᠷ᠎ᠠ ᠬᠤᠩᠯᠧᠨ

   ᠲᠤᠰ ᠡᠮ ᠪᠣᠯ ᠬᠣᠯᠲᠣᠰᠣᠨ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠰᠢᠷ᠎ᠠ ᠬᠤᠩᠯᠧᠨ᠂ ᠭᠤᠷᠪᠠᠯᠵᠢᠨ ᠨᠠᠪᠴᠢᠲᠤ ᠰᠢᠷ᠎ᠠ ᠬᠤᠩᠯᠧᠨ ᠪᠠ ᠶᠦᠨᠨᠠᠨ ᠰᠢᠷ᠎ᠠ ᠬᠤᠩᠯᠧᠨ ᠦ᠌ ᠬᠠᠲᠠᠭᠠᠭᠰᠠᠨ ᠦᠨᠳᠦᠰᠦᠯᠢᠭ ᠡᠰᠢ ᠮᠥᠨ᠃ ᠪᠠᠰᠠ ᠨᠢᠶᠠᠩᠽᠢᠪᠠᠷᠠᠢ᠂ ᠷᡁᠬᠠᠭᠠᠩ ᠰᠸᠷᠪᠤ᠂ ᠰᠢᠷ᠎ᠠ ᠦᠨᠳᠦᠰᠦ ᠭᠡᠳᠡᠭ᠃
   [ ᠤᠤᠯ ᠤᠷᠭᠤᠮᠠᠯ] ᠰᠢᠷ᠎ᠠ ᠬᠤᠩᠯᠧᠨ ᠣᠯᠠᠨ ᠨᠠᠰᠤᠲᠤ ᠡᠪᠡᠰᠦᠯᠢᠭ ᠤᠷᠭᠤᠮᠠᠯ᠃15~20cm ᠥᠨᠳᠥᠷ᠂ ᠦᠨᠳᠦᠰᠦᠯᠢᠭ ᠡᠰᠢ ᠨᠢ ᠰᠢᠷ᠎ᠠ᠃ ᠨᠠᠪᠴᠢ ᠨᠢ ᠤᠵᠠᠭᠤᠷ ᠠ᠋ᠴᠠ ᠪᠠᠨ ᠤᠷᠭᠤᠨ᠎ᠠ᠃ ᠨᠠᠪᠴᠢᠨ ᠪᠠᠷᠢᠭᠤᠯ ᠨᠢ5~16cm ᠤᠷᠲᠤ᠃ ᠨᠠᠪᠴᠢᠨ ᠥᠪᠥᠷ ᠦ᠋ᠨ ᠰᠤᠳᠠᠯ ᠢ᠋ ᠳᠠᠭᠠᠭᠠᠳ ᠣᠬᠣᠷ ᠵᠥᠭᠡᠯᠡᠨ ᠦᠰᠦ ᠲᠡᠢ᠂ ᠠᠷᠤ ᠳ᠋ᠤᠨᠢ ᠦᠰᠦ ᠦᠭᠡᠢ᠃ ᠴᠡᠴᠡᠭ ᠦ᠋ᠨ ᠡᠰᠢ ᠨᠢ1~2᠂12~25cm ᠥᠨᠳᠥᠷ᠂ ᠬᠣᠶᠠᠷ ᠪᠤᠶᠤ ᠣᠯᠠᠨ ᠰᠠᠯᠠᠭᠠᠲᠤ ᠴᠣᠮᠬᠠᠨ ᠪᠠᠭ ᠴᠡᠴᠡᠭ ᠳᠡᠯᠭᠡᠷᠡᠨ᠎ᠡ᠃ ᠴᠡᠴᠡᠭ ᠨᠢ3~8 ᠬᠦᠢᠰ᠃ ᠶᠡᠷᠦᠩᠬᠡᠢ ᠪᠠᠭᠯᠠᠭᠴᠢ ᠨᠢ3᠂ ᠬᠠᠪᠲᠠᠭᠠᠢ ᠲᠡᠪᠡᠨᠡ ᠬᠡᠯᠪᠡᠷᠢ ᠲᠡᠢ᠂5~7 ᠤᠷᠲᠤ᠂ ᠱᠣᠪᠬᠣ ᠦᠵᠦᠭᠦᠷ ᠲᠡᠢ᠃ ᠭᠠᠳᠠᠷ ᠮᠥᠷ ᠳᠠᠬᠢ ᠡᠷ᠎ᠡ ᠲᠣᠭᠣᠷᠴᠣᠭ ᠨᠢ ᠴᠡᠴᠡᠭ ᠦ᠋ᠨ ᠳᠡᠯᠪᠢ ᠡᠴᠡ ᠪᠡᠨ ᠪᠠᠭᠠᠬᠠᠨ ᠪᠣᠭᠣᠨᠢ ᠪᠤᠶᠤ ᠲᠡᠩᠴᠡᠭᠦᠦ ᠤᠷᠲᠤ᠃8~12 ᠰᠠᠯᠤᠩᠭᠢ ᠤᠮᠠᠢ ᠶ᠋ᠢᠨ ᠬᠠᠯᠢᠰᠤ ᠲᠠᠢ᠂ ᠣᠬᠣᠷ ᠪᠠᠷᠢᠭᠤᠯ ᠲᠠᠢ᠃ ᠴᠠᠨ᠎ᠠ ᠵᠢᠮᠢᠰ ᠨᠢ6~12᠂ 6~8mm ᠤᠷᠲᠤ᠂ ᠨᠠᠷᠢᠨ ᠪᠠᠷᠢᠭᠤᠯ ᠲᠠᠢ᠃2~4 ᠳ᠋ᠦ᠍ᠭᠡᠷ ᠰᠠᠷ᠎ᠠ ᠳ᠋ᠤ᠌ ᠴᠡᠴᠡᠭᠯᠡᠵᠦ᠂3~6 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   2. ᠭᠤᠷᠪᠠᠯᠵᠢᠨ ᠨᠠᠪᠴᠢᠲᠤ ᠰᠢᠷ᠎ᠠ ᠬᠤᠩᠯᠧᠨ ᠭᠣᠣᠯ ᠢᠯᠭᠠᠭᠳᠠᠬᠤ ᠵᠦᠢᠯ ᠭᠡᠪᠡᠯ ᠦᠨᠳᠦᠰᠦᠯᠢᠭ ᠡᠰᠢ ᠨᠢ ᠰᠢᠷ᠎ᠠ᠂ ᠰᠠᠯᠠᠭ᠎ᠠ ᠦᠭᠡᠢ ᠪᠤᠶᠤ ᠰᠠᠯᠠᠭ᠎ᠠ ᠨᠢ ᠴᠥᠭᠡᠨ᠂ ᠮᠥᠬᠥᠯᠢᠭ ᠡᠰᠢ ᠨᠢ ᠬᠥᠨᠳᠡᠯᠡᠨ ᠤᠷᠭᠤᠨ᠎ᠠ᠃ ᠨᠠᠪᠴᠢ ᠨᠢ ᠥᠨᠳᠡᠭᠡᠯᠵᠢᠨ᠂3 ᠭᠦᠢᠴᠡᠳ ᠣᠨᠢ ᠲᠠᠢ᠂ ᠭᠣᠣᠯ ᠤ᠋ᠨ ᠰᠡᠵᠢᠭᠦᠷ ᠢᠯᠲᠠᠰᠤ ᠨᠢ ᠭᠤᠷᠪᠠᠯᠵᠢᠨ ᠰᠢᠭ᠋ ᠥᠨᠳᠡᠭᠡᠯᠵᠢᠨ᠂ ᠥᠳᠥᠯᠢᠭ ᠭᠦᠨ ᠣᠨᠢ ᠲᠠᠢ᠂ ᠰᠡᠵᠢᠭᠦᠷ ᠢᠯᠲᠠᠰᠤ ᠨᠢ ᠬᠣᠭᠣᠷᠣᠨᠳᠣ ᠪᠠᠨ ᠨᠢᠭᠲᠠ ᠵᠠᠯᠭᠠᠯᠳᠤᠨ᠎ᠠ᠃ ᠪᠠᠭᠯᠠᠭᠴᠢ ᠢᠯᠲᠠᠰᠤ ᠨᠢ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂ ᠴᠡᠴᠡᠭ ᠦ᠋ᠨ ᠲᠣᠭᠳᠣᠢ ᠨᠢ ᠨᠠᠷᠢᠨ ᠥᠨᠳᠡᠭᠡᠯᠵᠢᠨ ᠬᠡᠯᠪᠡᠷᠢ ᠲᠡᠢ᠃ ᠡᠷ᠎ᠡ ᠲᠣᠭᠣᠷᠴᠣᠭ ᠨᠢ20 ᠣᠷᠴᠢᠮ᠂ ᠤᠷᠲᠤ ᠨᠢ ᠴᠡᠴᠡᠭ ᠦ᠋ᠨ ᠬᠡᠯᠲᠡᠰ ᠦ᠋ᠨ ᠢ᠋ᠶ᠋ᠡᠨ1/2 ᠣᠷᠴᠢᠮ᠂ ᠦᠷ᠎ᠡ ᠨᠢ ᠦᠷᠡᠵᠢᠯ ᠦᠭᠡᠢ᠃
   3. ᠶᠦᠨᠨᠠᠨ ᠰᠢᠷ᠎ᠠ ᠬᠤᠩᠯᠧᠨ ᠭᠣᠣᠯ ᠢᠯᠭᠠᠭᠳᠠᠬᠤ ᠵᠦᠢᠯ ᠭᠡᠪᠡᠯ ᠦᠨᠳᠦᠰᠦᠯᠢᠭ ᠡᠰᠢ ᠨᠢ ᠮᠠᠰᠢ ᠴᠥᠭᠡᠨ ᠰᠠᠯᠠᠭᠠᠯᠠᠨ᠎ᠠ᠃ ᠦᠶ᠎ᠡ ᠶ᠋ᠢᠨ ᠵᠠᠢ ᠨᠢ ᠣᠢᠷ᠎ᠠ᠃ ᠨᠠᠪᠴᠢ ᠨᠢ ᠥᠨᠳᠡᠭᠡᠯᠵᠢᠨ ᠰᠢᠭ ᠭᠤᠷᠪᠠᠯᠵᠢᠨ ᠬᠡᠯᠪᠡᠷᠢ ᠲᠡᠢ᠂3 ᠭᠦᠢᠴᠡᠳ ᠣᠨᠢ ᠲᠠᠢ᠂ ᠭᠣᠣᠯ ᠤ᠋ᠨ ᠰᠡᠵᠢᠭᠦᠷ ᠢᠯᠲᠠᠰᠤ ᠨᠢ ᠥᠨᠳᠡᠭᠡᠯᠵᠢᠨ ᠰᠢᠭ ᠷᠣᠮᠪ ᠬᠡᠯᠪᠡᠷᠢ ᠲᠡᠢ᠂ ᠤᠷᠲᠤ ᠱᠤᠪᠲᠤᠭᠠᠷ ᠪᠤᠶᠤ ᠱᠤᠪᠲᠤᠭᠠᠷ ᠦᠵᠦᠭᠦᠷ ᠲᠡᠢ᠂3~6 ᠬᠣᠣᠰ ᠥᠳᠥᠯᠢᠭ ᠭᠦᠨ ᠣᠨᠢ ᠲᠠᠢ᠂3~5 ᠬᠦᠢᠰ ᠴᠡᠴᠡᠭ ᠲᠡᠢ᠃ ᠪᠠᠭᠯᠠᠭᠴᠢ ᠢᠯᠲᠠᠰᠤ ᠨᠢ ᠵᠤᠤᠪᠠᠩ ᠬᠡᠯᠪᠡᠷᠢ ᠲᠡᠢ᠃3 ᠭᠦᠨ ᠣᠨᠢ ᠪᠤᠶᠤ ᠥᠳᠥᠯᠢᠭ ᠣᠨᠢ ᠲᠠᠢ᠃ ᠴᠡᠴᠡᠭ ᠦ᠋ᠨ ᠲᠣᠭᠳᠣᠢ ᠨᠢ ᠥᠨᠳᠡᠭᠡᠯᠵᠢᠨ ᠪᠤᠶᠤ ᠵᠤᠤᠪᠠᠩ ᠬᠡᠯᠪᠡᠷᠢ ᠲᠡᠢ᠃ ᠴᠡᠴᠡᠭ ᠦ᠋ᠨ ᠬᠡᠯᠲᠡᠰ ᠨᠢ ᠬᠠᠯᠪᠠᠭ᠎ᠠ ᠬᠡᠯᠪᠡᠷᠢ ᠲᠡᠢ᠃
   [ ᠤᠷᠭᠤᠬᠤ ᠣᠷᠴᠢᠨ ᠬᠢᠭᠡᠳ ᠲᠠᠷᠬᠠᠴᠠ] ᠰᠢᠷ᠎ᠠ ᠬᠤᠩᠯᠧᠨ ᠪᠣᠯ ᠠᠭᠤᠯᠠᠨ ᠣᠷᠣᠨ ᠤ᠋ ᠰᠡᠷᠢᠭᠦᠨ ᠴᠢᠭᠢᠭᠯᠢᠭ ᠰᠡᠭᠦᠳᠡᠷ ᠲᠦ᠍ ᠤᠷᠭᠤᠨ᠎ᠠ᠂ ᠲᠠᠷᠢᠵᠤ ᠪᠠᠢᠬᠤ ᠪᠤᠶᠤ ᠵᠡᠷᠯᠢᠭ ᠤᠷᠭᠤᠵᠤ ᠪᠣᠢ᠃ ᠬᠤᠪᠧᠢ᠂ ᠬᠤᠨᠠᠨ᠂ ᠱᠠᠨᠰᠢ᠂ ᠰᠧᠴᠤᠸᠠᠨ᠂ ᠭᠦᠢᠵᠧᠦ ᠳ᠋ᠦ᠍ ᠲᠠᠷᠬᠠᠴᠠ ᠲᠠᠢ᠃ ᠭᠤᠷᠪᠠᠯᠵᠢᠨ ᠨᠠᠪᠴᠢᠲᠤ ᠰᠢᠷ᠎ᠠ ᠬᠤᠩᠯᠧᠨ ᠪᠣᠯ ᠰᠡᠷᠢᠭᠦᠨ ᠴᠢᠭᠢᠭᠯᠢᠭ ᠰᠡᠭᠦᠳᠡᠷ ᠲᠦ᠍ ᠤᠷᠭᠤᠨ᠎ᠠ᠂ ᠰᠧᠴᠤᠸᠠᠨ ᠤ᠋ ᠪᠠᠷᠠᠭᠤᠨ ᠬᠡᠰᠡᠭ ᠲᠦ᠍ ᠲᠠᠷᠢᠵᠤ ᠪᠣᠢ᠃ ᠶᠦᠨᠨᠠᠨ ᠰᠢᠷ᠎ᠠ ᠬᠣᠸᠩᠯᠠ ᠪᠣᠯ ᠲᠠᠭ ᠤ᠋ᠨ ᠰᠡᠷᠢᠭᠦᠨ ᠴᠢᠭᠢᠭᠯᠢᠭ ᠣᠢ ᠶ᠋ᠢᠨ ᠰᠡᠭᠦᠳᠡᠷ ᠲᠦ᠍ ᠵᠡᠷᠯᠢᠭ ᠤᠷᠭᠤᠳᠠᠭ᠂ ᠪᠠᠰᠠ ᠠᠷᠠᠴᠢᠯᠠᠨ ᠲᠠᠷᠢᠵᠤ ᠪᠠᠢᠨ᠎ᠠ᠃ ᠶᠦᠨᠨᠠᠨ ᠤ᠋ ᠪᠠᠷᠠᠭᠤᠨ ᠬᠣᠢᠲᠤ ᠬᠡᠰᠡᠭ᠂ ᠲᠥᠪᠡᠳ ᠦ᠋ᠨ ᠡᠮᠦᠨ᠎ᠡ ᠬᠡᠰᠡᠭ ᠲᠦ᠍ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠡᠪᠦᠯ ᠦ᠋ᠨ ᠠᠭᠤᠷ ᠠ᠋ᠴᠠ ᠬᠣᠢᠨ᠎ᠠ ᠦᠨᠳᠦᠰᠦᠯᠢᠭ ᠡᠰᠢ ᠶ᠋ᠢ ᠨᠢ ᠮᠠᠯᠲᠠᠨ ᠠᠪᠴᠤ ᠡᠰᠢ᠂ ᠨᠠᠪᠴᠢ᠂ ᠰᠠᠬᠠᠯ ᠦᠨᠳᠦᠰᠦ ᠪᠣᠯᠤᠨ ᠰᠢᠪᠠᠷ ᠰᠢᠷᠣᠢ ᠶ᠋ᠢ ᠨᠢ ᠠᠷᠢᠯᠭᠠᠭᠠᠳ ᠨᠠᠷᠠᠨ ᠳ᠋ᠤ᠌ ᠬᠠᠲᠠᠭᠠᠬᠤ ᠪᠤᠶᠤ ᠬᠠᠭᠰᠠᠭᠠᠭᠠᠳ᠂ ᠠᠷᠵᠠᠭᠠᠷ ᠬᠠᠯᠢᠰᠤ ᠶ᠋ᠢ ᠨᠢ ᠱᠦᠷᠭᠦᠭᠡᠵᠦ ᠤᠨᠠᠭᠠᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ᠂ ᠡᠬᠡᠭᠦᠨ ᠠᠮᠲᠠ ᠲᠠᠢ; ᠰᠡᠷᠢᠭᠦᠨ ᠴᠢᠨᠠᠷ ᠲᠠᠢ; ᠮᠣᠬᠣᠳᠠᠭ᠂ ᠨᠦᠮᠵᠦᠭ ᠦᠭᠡᠢ᠂ ᠬᠠᠭᠤᠷᠠᠢ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠬᠢᠵᠢᠭ ᠦ᠋ᠨ ᠬᠠᠯᠠᠭᠤᠨ ᠢ᠋ ᠠᠷᠢᠯᠭᠠᠬᠤ᠂ ᠥᠭᠡᠷᠢ ᠶ᠋ᠢ ᠬᠠᠲᠠᠭᠠᠬᠤ᠂ ᠰᠢᠷᠬ᠎ᠠ ᠶ᠋ᠢ ᠠᠨᠠᠭᠠᠬᠤ ᠴᠢᠳᠠᠯ ᠲᠠᠢ᠃ ᠭᠣᠣᠯᠳᠠᠭᠤ ᠬᠢᠵᠢᠭ᠂ ᠭᠡᠳᠡᠰᠦᠨ ᠬᠠᠳᠬᠤᠯᠭ᠎ᠠ᠂ ᠰᠠᠬᠤᠤ ᠪᠣᠭᠣᠮ᠎ᠠ᠂ ᠴᠢᠰᠤ ᠰᠢᠷ᠎ᠠ ᠶ᠋ᠢᠨ ᠬᠠᠯᠠᠭᠤᠨ᠂ ᠢᠳᠡᠭᠡᠲᠦ ᠬᠠᠪᠤᠳᠠᠷ᠂ ᠰᠢᠷᠬᠠᠨ ᠤ᠋ ᠬᠠᠯᠠᠭᠤᠨ᠂ ᠴᠢᠰᠤ ᠰᠢᠷ᠎ᠠ ᠶ᠋ᠢᠨ ᠴᠢᠨᠠᠷ ᠲᠠᠢ ᠨᠢᠳᠦᠨ ᠡᠪᠡᠳᠴᠢᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄ 1 黄连 2三角叶黄连3云南黄连
   ᠠᠩᠭ᠌ᠯᠢ ᠨᠡᠷ᠎ᠡ᠄1Coptis chinensis Franch2Coptis deltoidea C. Y. Cheng & P. G. Xiao3 Coptis teeta Wall.

   ᠦᠰᠦᠭ ᠠᠮᠢᠯᠠᠭᠤᠯᠤᠭᠴᠢ᠄ ᠠᠯᠲᠠᠨᠴᠡᠴᠡᠭ
   ᠬᠢᠨᠠᠭᠴᠢ᠄ ᠲᠤᠶᠠᠭ᠎ᠠ