ᠰᠢᠷ᠎ᠠ ᠭᠠШар га
ᠰᠢᠷ᠎ᠠ ᠭᠠ
ᠲᠤᠰ ᠡᠮ ᠪᠣᠯ ᠭᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠰᠢᠷ᠎ᠠ ᠭᠠ ᠶ᠋ᠢᠨ ᠲᠥᠮᠥᠰᠥᠯᠢᠭ ᠦᠨᠳᠦᠰᠦ ᠮᠥᠨ᠃ ᠪᠠᠰᠠ ᠶᠦᠩᠸ᠎ᠠ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃ ᠲᠥᠮᠥᠰᠥᠯᠢᠭ ᠦᠨᠳᠦᠰᠦ ᠨᠢ ᠡᠭᠡᠷᠡᠦᠯ ᠬᠡᠯᠪᠡᠷᠢ ᠲᠡᠢ᠂ ᠦᠨᠳᠦᠰᠦᠯᠢᠭ ᠡᠰᠢ ᠨᠢ ᠥᠨᠳᠡᠭᠡᠯᠵᠢᠨ ᠪᠤᠶᠤ ᠡᠭᠡᠷᠡᠦᠯ ᠬᠡᠯᠪᠡᠷᠢ ᠲᠡᠢ᠂ ᠬᠠᠵᠠᠭᠤ ᠶ᠋ᠢᠨ ᠦᠨᠳᠦᠰᠦᠯᠢᠭ ᠡᠰᠢ ᠨᠢ ᠬᠤᠷᠤᠭᠤ ᠰᠢᠭ᠋᠂ ᠬᠤᠭᠤᠷᠠᠭᠰᠠᠨ ᠲᠠᠯ᠎ᠠ ᠨᠢ ᠵᠦᠷᠵᠢᠨ ᠰᠢᠷ᠎ᠠ ᠥᠩᠭᠡ ᠲᠡᠢ᠂ ᠨᠠᠪᠴᠢ ᠨᠢ ᠬᠣᠶᠠᠷ ᠮᠥᠷ᠂ ᠨᠠᠷᠢᠨ ᠵᠤᠤᠪᠠᠩ ᠬᠡᠯᠪᠡᠷᠢ ᠲᠡᠢ᠂ ᠦᠰᠦ ᠦᠭᠡᠢ᠃ ᠲᠦᠷᠦᠭᠦᠦ ᠬᠡᠯᠪᠡᠷᠢᠲᠦ ᠪᠠᠭ ᠴᠡᠴᠡᠭ ᠨᠢ ᠨᠠᠪᠴᠢᠨ ᠲᠣᠭᠳᠣᠢ ᠠ᠋ᠴᠠ ᠪᠠᠨ ᠤᠷᠭᠤᠨ᠎ᠠ᠃ ᠣᠯᠠᠨ ᠤᠯᠠᠭᠠᠪᠲᠤᠷ ᠴᠡᠴᠡᠭ ᠲᠡᠢ᠃ ᠪᠠᠭᠯᠠᠭᠴᠢ ᠨᠢ ᠥᠨᠳᠡᠭᠡᠯᠵᠢᠨ ᠨᠣᠭᠣᠭᠠᠨ᠂2~2᠂5cm ᠤᠷᠲᠤ᠂ ᠴᠡᠴᠡᠭ ᠲᠡᠢ ᠪᠡᠨ ᠢᠵᠢᠯ ᠰᠢᠬᠠᠭᠤ ᠤᠷᠲᠤ᠃ᠴᠡᠴᠡᠭ ᠦ᠋ᠨ ᠲᠣᠭᠳᠣᠢ ᠨᠢ ᠬᠣᠭᠣᠯᠠᠢ ᠬᠡᠯᠪᠡᠷᠢ ᠲᠡᠢ᠂ ᠨᠣᠭᠣᠭᠠᠪᠲᠤᠷ ᠴᠠᠭᠠᠨ᠂ ᠣᠷᠣᠢ ᠳ᠋ᠤᠨᠢ ᠭᠤᠷᠪᠠᠨ ᠰᠡᠵᠢᠭᠦᠷ ᠢᠯᠲᠠᠰᠤ ᠲᠠᠢ᠃ ᠴᠡᠴᠡᠭ ᠦ᠋ᠨ ᠳᠡᠯᠪᠢ ᠨᠢ ᠶᠡᠭᠦᠯᠡᠭᠦᠷ ᠬᠡᠯᠪᠡᠷᠢ ᠲᠡᠢ᠂ ᠬᠠᠷᠢᠯᠴᠠᠨ ᠨᠡᠢᠯᠡᠭᠰᠡᠨ ᠬᠡᠰᠡᠭ ᠨᠢ1.5cm ᠤᠷᠲᠤ᠂ ᠣᠷᠣᠢ ᠳ᠋ᠤᠨᠢ3 ᠰᠡᠵᠢᠭᠦᠷ ᠢᠯᠲᠠᠰᠤ ᠲᠠᠢ᠂2 ᠰᠡᠵᠢᠭᠦᠷ ᠢᠯᠲᠠᠰᠤ ᠨᠢ ᠭᠦᠢᠬᠡᠨ ᠤᠯᠠᠭᠠᠨ᠂ ᠨᠥᠭᠦᠭᠡ ᠰᠡᠵᠢᠭᠦᠷ ᠢᠯᠲᠠᠰᠤ ᠨᠢ ᠲᠣᠭᠣᠷᠢᠭ᠂ ᠰᠢᠷ᠎ᠠ᠂ ᠤᠷᠤᠭᠤᠯ ᠬᠡᠯᠲᠡᠰ ᠰᠢᠭ᠃1 ᠡᠷ᠎ᠡ ᠲᠣᠭᠣᠷᠴᠣᠭ ᠲᠠᠢ᠂ ᠳᠣᠬᠢᠭᠤᠷ ᠨᠢ ᠣᠬᠣᠷ᠂ ᠬᠠᠪᠲᠠᠭᠠᠢ᠂ ᠭᠤᠯᠳᠤ ᠰᠤᠳᠠᠯ ᠲᠠᠢ᠂ ᠲᠣᠭᠣᠰᠣᠪᠴᠢ ᠶ᠋ᠢᠨ ᠤᠭ ᠲᠤᠨᠢ ᠳᠡᠷᠡᠪᠴᠢ ᠲᠡᠢ᠃ ᠤᠮᠠᠢ ᠨᠢ ᠳᠣᠣᠷᠠᠲᠤ ᠣᠷᠣᠨ ᠲᠠᠢ᠂ ᠴᠡᠴᠡᠭ ᠦ᠋ᠨ ᠪᠠᠭᠠᠨ᠎ᠠ ᠶ᠋ᠢᠨ ᠤᠭ ᠲᠤᠨᠢ ᠰᠢᠲᠠᠮ ᠰᠢᠭ ᠪᠡᠶ᠎ᠡ ᠪᠣᠢ᠃ ᠪᠠᠭᠠᠨ᠎ᠠ ᠶ᠋ᠢᠨ ᠠᠮᠠᠰᠠᠷ ᠨᠢ ᠤᠷᠤᠭᠤᠯ ᠬᠡᠯᠪᠡᠷᠢ ᠲᠡᠢ᠃7~9 ᠳ᠋ᠦ᠍ᠭᠡᠷ ᠰᠠᠷ᠎ᠠ ᠳ᠋ᠤ᠌ ᠴᠡᠴᠡᠭᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠶᠡᠷᠦ ᠳ᠋ᠡᠭᠡᠨ ᠠᠷᠠᠴᠢᠯᠠᠨ ᠲᠠᠷᠢᠳᠠᠭ ᠪᠣᠯᠪᠠᠴᠤ ᠵᠡᠷᠯᠢᠭ ᠤᠷᠭᠤᠬᠤ ᠴᠤ᠌ ᠪᠣᠢ᠃ ᠹᠦᠵᠢᠶᠠᠨ᠂ ᠲᠠᠢᠸᠠᠨ᠂ ᠭᠤᠸᠠᠩᠳ᠋ᠥ᠋ᠩ᠂ ᠭᠤᠸᠠᠩᠰᠢ᠂ ᠬᠠᠢᠨᠠᠨ᠂ ᠰᠧᠴᠤᠸᠠᠨ᠂ ᠶᠦᠨᠨᠠᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠡᠪᠦᠯ ᠦ᠋ᠨ ᠰᠡᠭᠦᠯᠴᠢ᠂ ᠬᠠᠪᠤᠷ ᠤ᠋ᠨ ᠡᠬᠢᠨ ᠳ᠋ᠦ᠍ ᠮᠠᠯᠲᠠᠨ ᠠᠪᠴᠤ ᠬᠥᠷᠥᠰᠥᠨ ᠳᠡᠭᠡᠷᠡᠬᠢ ᠬᠡᠰᠡᠭ ᠪᠠ ᠰᠠᠬᠠᠯ ᠦᠨᠳᠦᠰᠦ᠂ ᠦᠨᠳᠦᠰᠦᠯᠢᠭ ᠡᠰᠢ ᠶ᠋ᠢ ᠨᠢ ᠠᠷᠢᠯᠭᠠᠭᠠᠳ᠂ ᠤᠬᠢᠶᠠᠨ ᠴᠡᠪᠡᠷᠯᠡᠭᠡᠳ ᠨᠡᠪᠲᠡᠷᠡᠲᠡᠯ᠎ᠡ ᠵᠢᠩᠨᠡᠵᠦ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠤᠱᠤᠭᠤᠨ᠂ ᠥᠴᠦᠬᠡᠨ ᠭᠠᠰᠢᠭᠤᠨ ᠠᠮᠲᠠ ᠲᠠᠢ; ᠪᠦᠯᠢᠶᠡᠨ ᠴᠢᠨᠠᠷ ᠲᠠᠢ; ᠰᠢᠩᠭᠡᠨ᠂ ᠮᠣᠬᠣᠳᠠᠭ᠂ ᠰᠢᠷᠦᠭᠦᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠨᠢᠶᠠᠨ ᠢ᠋ ᠨᠢᠲᠤᠯᠬᠤ᠂ ᠢᠯᠵᠢᠷᠡᠬᠦ ᠶ᠋ᠢ ᠵᠣᠭᠰᠣᠭᠠᠬᠤ᠂ ᠬᠣᠣᠷ ᠢ᠋ ᠳᠠᠢᠯᠠᠬᠤ᠂ ᠶᠠᠷ᠎ᠠ ᠰᠢᠷᠬ᠎ᠠ ᠶ᠋ᠢ ᠠᠨᠠᠭᠠᠬᠤ ᠴᠢᠳᠠᠯ ᠲᠠᠢ᠃ ᠭᠣᠣᠯᠳᠠᠭᠤ ᠨᠢᠶᠠᠨ ᠡᠪᠡᠳᠴᠢᠨ᠂ ᠰᠢᠭᠡᠰᠦ ᠰᠢᠷᠠᠯᠠᠬᠤ ᠪᠤᠶᠤ ᠪᠤᠯᠠᠩᠭᠢᠷ ᠰᠢᠭᠦᠰᠦ ᠲᠡᠢ ᠰᠢᠭᠡᠬᠦ᠂ ᠪᠥᠭᠡᠷ᠎ᠡ ᠳᠠᠪᠤᠰᠠᠩ ᠤ᠋ᠨ ᠬᠠᠯᠠᠭᠤᠨ᠂ ᠰᠢᠭᠡᠰᠦ ᠴᠢᠪᠳᠠᠭᠰᠢᠬᠤ᠂ ᠰᠢᠭᠡᠬᠦ ᠰᠢᠵᠢᠩᠲᠦᠬᠦ᠂ ᠶᠠᠷ᠎ᠠ ᠰᠢᠷᠬ᠎ᠠ᠂ ᠬᠣᠰᠬᠢᠨᠠᠭ ᠤ᠋ᠨ ᠭᠦᠪᠳᠦᠷᠦᠦ᠂ ᠮᠣᠭᠠᠢ ᠶ᠋ᠢᠨ ᠬᠣᠣᠷ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄姜黄
ᠠᠩᠭ᠌ᠯᠢ ᠨᠡᠷ᠎ᠡ᠄Curcuma longa
ᠦᠰᠦᠭ ᠠᠮᠢᠯᠠᠭᠤᠯᠤᠭᠴᠢ᠄ ᠠᠯᠲᠠᠨᠴᠡᠴᠡᠭ
ᠬᠢᠨᠠᠭᠴᠢ᠄ ᠲᠤᠶᠠᠭ᠎ᠠ
