ᠲᠤᠤᠹᠢᠯᠠᠩТуйплан
ᠲᠤᠤᠹᠢᠯᠠᠩ
ᠲᠤᠰ ᠡᠮ ᠪᠣᠯ ᠰᠠᠷᠠᠨ᠎ᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠭᠢᠯᠦᠭᠡᠷ ᠪᠡᠴᠢ ᠶ᠋ᠢᠨ ᠬᠠᠲᠠᠭᠠᠭᠰᠠᠨ ᠲᠥᠮᠥᠰᠥᠯᠢᠭ ᠦᠨᠳᠦᠰᠦ ᠮᠥᠨ᠃
[ ᠤᠤᠯ ᠤᠷᠭᠤᠮᠠᠯ] ᠠᠪᠠᠷᠢᠵᠤ ᠤᠷᠭᠤᠬᠤ ᠪᠤᠲᠠ ᠮᠣᠳᠣ᠃ ᠦᠨᠳᠦᠰᠦᠯᠢᠭ ᠡᠰᠢ ᠨᠢ ᠮᠣᠳᠣᠯᠢᠭ᠂ ᠵᠠᠩᠭᠢᠶᠠᠰᠤ ᠲᠠᠢ᠂ ᠣᠯᠠᠨ ᠰᠠᠬᠠᠯ ᠦᠨᠳᠦᠰᠦ ᠲᠡᠢ᠃ ᠡᠰᠢ ᠨᠢ ᠥᠷᠭᠡᠰᠦ ᠦᠭᠡᠢ᠂ ᠳᠠᠩ ᠨᠠᠪᠴᠢ ᠲᠠᠢ᠂ ᠴᠤᠪᠤᠷᠠᠨ ᠤᠷᠭᠤᠨ᠎ᠠ᠃ ᠨᠠᠪᠴᠢ ᠨᠢ ᠰᠠᠷᠢᠰᠤᠯᠢᠭ᠂ ᠬᠠᠪᠲᠠᠭᠠᠢ ᠲᠡᠪᠡᠨᠡ ᠡᠴᠡ ᠵᠣᠣᠪᠠᠩᠯᠢᠭ ᠬᠠᠪᠲᠠᠭᠠᠢ ᠲᠡᠪᠡᠨᠡ ᠬᠡᠯᠪᠡᠷᠢ ᠲᠡᠢ᠂ 6 -20cm ᠤᠷᠲᠤ᠂ 1.2 - 5cm ᠥᠷᠭᠡᠨ᠂ ᠱᠣᠪᠲᠣᠭᠣᠷ ᠦᠵᠦᠭᠦᠷ ᠲᠡᠢ᠂ ᠲᠣᠭᠣᠷᠢᠭ ᠤᠭ ᠲᠠᠢ᠂ ᠪᠦᠲᠦᠨ ᠬᠥᠪᠡᠭᠡ ᠲᠡᠢ᠂ ᠠᠷᠤ ᠳ᠋ᠤᠨᠢ ᠴᠠᠭᠠᠨ ᠣ ᠲᠠᠢ᠂ ᠨᠠᠪᠴᠢᠨ ᠳᠡᠭᠡᠷ᠎ᠡ ᠨᠢ ᠤᠭ ᠠ᠋ᠴᠠ ᠭᠠᠷᠤᠭᠰᠠᠨ3 - 5 ᠵᠤᠷᠪᠤᠰ ᠰᠤᠳᠠᠯ ᠲᠠᠢ᠃ ᠪᠠᠷᠢᠭᠤᠯ ᠨᠢ1 - 2cm ᠤᠷᠲᠤ᠂ ᠳᠠᠯᠠᠪᠴᠢᠯᠠᠭ ᠪᠣᠯᠳᠠᠭ᠃ ᠤᠭ ᠣᠢᠷᠠᠯᠴᠠᠭ᠎ᠠ ᠨᠢ ᠰᠠᠷᠪᠠᠢᠭᠰᠠᠨ ᠨᠠᠪᠴᠢᠨ ᠲᠣᠭᠳᠣᠢ ᠲᠠᠢ᠂ ᠲᠣᠭᠳᠣᠢ ᠶ᠋ᠢᠨ ᠦᠵᠦᠭᠦᠷ ᠨᠢ ᠶᠡᠷᠦ ᠳ᠋ᠡᠭᠡᠨ ᠬᠣᠶᠠᠷ ᠣᠷᠢᠶᠠᠯᠳᠤᠳᠠᠭ᠃ ᠴᠡᠴᠡᠭ ᠨᠢ ᠭᠠᠭᠴᠠ ᠪᠡᠯᠭᠡ ᠲᠡᠢ᠂ ᠣᠨᠳᠣᠣ ᠭᠡᠷᠲᠡᠢ᠃ ᠰᠢᠬᠦᠷ ᠬᠡᠯᠪᠡᠷᠢᠲᠦ ᠪᠠᠭ ᠴᠡᠴᠡᠭ ᠨᠢ ᠨᠠᠪᠴᠢᠨ ᠤ᠋ ᠰᠤᠭᠤ ᠠ᠋ᠴᠠ ᠳᠡᠯᠭᠡᠷᠡᠨ᠎ᠡ᠃ ᠪᠠᠷᠢᠭᠤᠯ ᠨᠢ ᠮᠠᠰᠢ ᠣᠬᠣᠷ᠂ ᠵᠢᠵᠢᠭ ᠴᠡᠴᠡᠭ ᠦ᠋ᠨ ᠪᠠᠷᠢᠭᠤᠯ ᠨᠢ ᠨᠠᠷᠢᠬᠠᠨ᠂ ᠤᠭ ᠲᠤᠨᠢ ᠣᠯᠠᠨ ᠮᠥᠩᠬᠡ ᠣᠷᠣᠰᠢᠬᠤ ᠭᠤᠷᠪᠠᠯᠵᠢᠨ ᠵᠢᠵᠢᠭ ᠪᠠᠭᠯᠠᠭᠴᠢ ᠲᠠᠢ᠃ ᠴᠡᠴᠡᠭ ᠨᠢ ᠵᠢᠵᠢᠭ ᠴᠠᠭᠠᠨ᠂ ᠳ᠋ᠢᠶᠠᠮᠧᠲ᠋ᠷ ᠨᠢ4mm ᠣᠷᠴᠢᠮ᠃ ᠴᠡᠴᠡᠭ ᠦ᠋ᠨ ᠰᠢᠳᠠᠷ ᠤ᠋ᠨ ᠰᠡᠵᠢᠭᠦᠷ ᠢᠯᠲᠠᠰᠤ ᠨᠢ 6᠂ ᠬᠣᠶᠠᠷ ᠮᠥᠷ᠃ ᠡᠷ᠎ᠡ ᠴᠡᠴᠡᠭ ᠨᠢ 6 ᠡᠷ᠎ᠡ ᠲᠣᠭᠣᠷᠴᠣᠭ ᠲᠠᠢ᠃ ᠳᠣᠬᠢᠭᠤᠷ ᠨᠢ ᠲᠣᠭᠣᠰᠣᠪᠴᠢ ᠠ᠋ᠴᠠ ᠪᠠᠨ ᠣᠬᠣᠷ᠂ ᠳᠣᠷᠣᠢᠲᠠᠭᠰᠠᠨ ᠡᠮ᠎ᠡ ᠲᠣᠭᠣᠷᠴᠣᠭ ᠦᠭᠡᠢ᠃ ᠡᠮ᠎ᠡ ᠴᠡᠴᠡᠭ ᠦ᠋ᠨ ᠳᠣᠷᠣᠢᠲᠠᠭᠰᠠᠨ ᠡᠷ᠎ᠡ ᠲᠣᠭᠣᠷᠴᠣᠭ ᠨᠢ ᠪᠦᠰᠡᠯᠢᠭ ᠬᠡᠯᠪᠡᠷᠢ ᠲᠡᠢ᠂ ᠤᠮᠠᠢ ᠨᠢ ᠳᠡᠭᠡᠳᠦ ᠣᠷᠣᠨ ᠲᠠᠢ᠂3 ᠲᠠᠰᠤᠭ ᠲᠠᠢ᠂ ᠪᠠᠭᠠᠨ᠎ᠠ ᠨᠢ3 ᠣᠨᠢ ᠲᠠᠢ᠂ ᠪᠠᠭᠠᠬᠠᠨ ᠮᠠᠲᠠᠷᠢᠨ᠎ᠠ᠃ ᠰᠢᠭᠦᠰᠦᠯᠢᠭ ᠵᠢᠮᠢᠰ ᠨᠢ ᠪᠥᠮᠪᠦᠭᠡᠯᠵᠢᠨ᠂ ᠳ᠋ᠢᠶᠠᠮᠧᠲ᠋ᠷ ᠨᠢ6 - 8mm ᠤᠯᠠᠭᠠᠨ ᠥᠩᠭᠡ ᠲᠡᠢ᠃7 - 8 ᠳ᠋ᠤᠭᠠᠷ ᠰᠠᠷ᠎ᠠ ᠳ᠋ᠤ᠌ ᠴᠡᠴᠡᠭᠯᠡᠵᠦ᠂9 - 10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠬᠠᠵᠠᠭᠤ᠂ ᠠᠲᠠᠷ ᠬᠡᠭᠡᠷ᠎ᠡ ᠪᠣᠯᠤᠨ ᠣᠢ ᠶ᠋ᠢᠨ ᠬᠥᠪᠡᠭᠡ ᠶ᠋ᠢᠨ ᠬᠠᠭᠠᠰ ᠰᠡᠭᠦᠳᠡᠷᠯᠢᠭ ᠭᠠᠵᠠᠷ ᠳᠤ ᠤᠷᠭᠤᠨ᠎ᠠ᠃ ᠵᠢᠶᠠᠩᠰᠦ᠂ ᠠᠨᠾᠦ᠋ᠢ᠂ ᠵᠧᠵᠢᠶᠠᠩ᠂ ᠵᠢᠶᠠᠩᠰᠢ᠂ ᠹᠦᠵᠢᠶᠠᠨ᠂ ᠬᠤᠪᠧᠢ᠂ ᠬᠤᠨᠠᠨ᠂ ᠭᠤᠸᠠᠩᠳᠦᠩ᠂ ᠭᠤᠸᠠᠩᠰᠢ᠂ ᠰᠧᠴᠤᠸᠠᠨ᠂ ᠭᠦᠢᠵᠧᠦ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠨᠠᠮᠤᠷ ᠤ᠋ᠨ ᠰᠡᠭᠦᠯᠴᠢ᠂ ᠡᠪᠦᠯ ᠦ᠋ᠨ ᠡᠬᠢᠨ ᠳ᠋ᠦ᠍ ᠮᠠᠯᠲᠠᠨ ᠠᠪᠴᠤ᠂ ᠣᠷᠣᠢ ᠪᠠ ᠰᠠᠬᠠᠯ ᠦᠨᠳᠦᠰᠦ ᠶ᠋ᠢ ᠨᠢ ᠠᠷᠢᠯᠭᠠᠨ᠂ ᠰᠢᠪᠠᠷ ᠰᠢᠷᠣᠢ ᠶ᠋ᠢ ᠨᠢ ᠤᠬᠢᠶᠠᠭᠠᠳ ᠨᠠᠷᠠᠨ ᠳ᠋ᠤ᠌ ᠬᠠᠲᠠᠭᠠᠬᠤ ᠪᠤᠶᠤ ᠬᠡᠷᠴᠢᠮᠯᠡᠭᠡᠳ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠥᠴᠦᠬᠡᠨ ᠠᠮᠲᠠᠯᠢᠭ ᠠᠮᠲᠠ ᠲᠠᠢ᠃ ᠲᠡᠭᠰᠢ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠬᠡᠢ ᠶ᠋ᠢ ᠳᠠᠷᠤᠬᠤ᠂ ᠬᠠᠯᠠᠭᠤᠨ ᠢ᠋ ᠠᠷᠢᠯᠭᠠᠬᠤ᠂ ᠬᠣᠣᠷ ᠢ᠋ ᠳᠠᠢᠯᠠᠬᠤ ᠴᠢᠳᠠᠯ ᠲᠠᠢ᠃ ᠭᠣᠣᠯᠳᠠᠭᠤ ᠴᠠᠰᠤᠨ ᠤ᠋ ᠡᠪᠡᠳᠴᠢᠨ᠂ ᠴᠢᠰᠤ ᠪᠦᠷᠢᠯᠳᠦᠭᠰᠡᠨ᠂ ᠤᠮᠠᠢ ᠶ᠋ᠢᠨ ᠬᠣᠷᠣᠬᠠᠢ᠂ ᠪᠣᠷᠣ ᠶ᠋ᠢᠨ ᠬᠠᠯᠠᠭᠤᠨ᠂ ᠰᠢᠷ᠎ᠠ ᠶ᠋ᠢᠨ ᠡᠪᠡᠳᠴᠢᠨ᠂ ᠲᠡᠮᠪᠦᠦ᠂ ᠪᠡᠯᠭᠡ ᠶ᠋ᠢᠨ ᠡᠪᠡᠳᠴᠢᠨ᠂ ᠳᠤᠰᠤᠯ ᠴᠤᠪᠤᠷᠠᠬᠤ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄土茯苓(光叶茯苓)
ᠠᠩᠭ᠌ᠯᠢ ᠨᠡᠷ᠎ᠡ᠄Samlax glabra Roxb
ᠦᠰᠦᠭ ᠠᠮᠢᠯᠠᠭᠤᠯᠤᠭᠴᠢ᠄ ᠤᠷᠠᠨᠴᠢᠮᠡᠭ
ᠬᠢᠨᠠᠭᠴᠢ᠄ ᠲᠤᠶᠠᠭ᠎ᠠ
