ᠲᠠᠷᠨᠤТарну ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠲᠠᠷᠨᠤТарну

ᠲᠠᠷᠨᠤТарну

2025-01-26

339

ᠲᠠᠷᠨᠤ

   ᠲᠤᠰ ᠡᠮ ᠪᠣᠯ ᠲᠠᠷᠨᠤ ᠶ᠋ᠢᠨ ᠢᠵᠠᠭᠤᠷ ᠤ᠋ᠨ ᠤᠷᠭᠤᠮᠠᠯ ᠪᠣᠯᠬᠤ ᠲᠠᠷᠨᠤ ᠶ᠋ᠢᠨ ᠬᠠᠲᠠᠭᠠᠭᠰᠠᠨ ᠦᠨᠳᠦᠰᠦ ᠮᠥᠨ᠃ ᠪᠠᠰᠠ ᠳᠠᠷᠼᠠ᠂ ᠰᠢᠷ᠎ᠠ ᠲᠠᠷᠨᠤ᠂ ᠬᠣᠣᠷᠲᠤ ᠲᠠᠷᠨᠤ ᠭᠡᠳᠡᠭ᠃ 
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃40cm ᠣᠷᠴᠢᠮ ᠥᠨᠳᠥᠷ᠂ ᠪᠦᠬᠦ ᠪᠡᠶ᠎ᠡ ᠳ᠋ᠦ᠍ᠨᠢ ᠰᠦᠨ ᠴᠠᠭᠠᠨ ᠰᠢᠭᠦᠰᠦ ᠲᠡᠢ᠃ ᠦᠨᠳᠦᠰᠦ ᠨᠢ ᠮᠢᠬᠠᠯᠢᠭ ᠲᠣᠮᠣ᠂ ᠤᠯᠠᠭᠠᠨ ᠬᠦᠷᠡᠩ ᠪᠤᠶᠤ ᠬᠦᠷᠡᠩ ᠭᠠᠳᠠᠷ ᠬᠠᠯᠢᠰᠤ ᠲᠠᠢ᠃ ᠡᠰᠢ ᠨᠢ ᠲᠤᠷᠤᠭ᠂ ᠰᠢᠯᠤᠭᠤᠨ᠂ ᠭᠠᠭᠴᠠᠭᠠᠷ ᠪᠤᠶᠤ ᠤᠭ ᠠ᠋ᠴᠠ ᠪᠠᠨ ᠰᠠᠯᠠᠭᠠᠯᠠᠨ᠎ᠠ᠃ ᠤᠵᠠᠭᠤᠷ ᠤ᠋ᠨ ᠨᠠᠪᠴᠢ ᠨᠢ ᠬᠠᠢᠷᠰᠤᠯᠢᠭ ᠢᠯᠲᠠᠰᠤ ᠬᠡᠯᠪᠡᠷᠢ ᠲᠡᠢ᠂ ᠬᠠᠯᠢᠰᠤᠯᠢᠭ᠂ ᠬᠦᠷᠡᠩ ᠥᠩᠭᠡ ᠲᠡᠢ᠃ ᠨᠠᠪᠴᠢ ᠨᠢ ᠳᠡᠭᠡᠭᠰᠢᠯᠡᠬᠦ ᠳᠣᠳᠣᠮ ᠲᠣᠮᠣᠷᠠᠵᠤ ᠴᠢᠭᠲᠠᠯᠠᠨ ᠤᠷᠭᠤᠨ᠎ᠠ᠃ ᠬᠠᠪᠲᠠᠭᠠᠢ ᠲᠡᠪᠡᠨᠡ ᠪᠤᠶᠤ ᠥᠨᠳᠡᠭᠡᠯᠵᠢᠨ ᠬᠠᠪᠲᠠᠭᠠᠢ ᠲᠡᠪᠡᠨᠡ ᠬᠡᠯᠪᠡᠷᠢ ᠲᠡᠢ᠂ ᠪᠠᠷᠢᠭᠤᠯ ᠦᠭᠡᠢ᠂ ᠳᠤᠮᠳᠠ ᠠ᠋ᠴᠠ ᠳᠡᠭᠡᠷ᠎ᠡ ᠬᠡᠰᠡᠭ ᠦ᠋ᠨ ᠨᠠᠪᠴᠢ ᠨᠢ ᠶᠡᠷᠦ ᠳ᠋ᠡᠭᠡᠨ3~5 ᠪᠠᠷ ᠳᠤᠭᠤᠢᠷᠠᠨ ᠤᠷᠭᠤᠨ᠎ᠠ᠂ ᠥᠨᠳᠡᠭᠡᠯᠵᠢᠨ ᠲᠣᠭᠣᠷᠢᠭ᠂2.5~7cm ᠤᠷᠲᠤ᠂1~2.5cm ᠥᠷᠭᠡᠨ᠂ ᠮᠤᠬᠤᠷ ᠪᠤᠶᠤ ᠪᠠᠬᠠᠨ ᠱᠣᠪᠬᠣ ᠦᠵᠦᠭᠦᠷ ᠲᠡᠢ᠂ ᠲᠣᠭᠣᠷᠢᠭ ᠤᠭ ᠲᠠᠢ᠂ ᠪᠦᠲᠦᠨ ᠬᠥᠪᠡᠭᠡ ᠲᠡᠢ᠃ ᠣᠯᠠᠨ ᠰᠠᠯᠠᠭᠠᠯᠠᠬᠤ ᠴᠣᠮᠬᠠᠨ ᠪᠠᠭ ᠴᠡᠴᠡᠭ ᠨᠢ ᠡᠰᠢᠨ ᠦ᠌ ᠣᠷᠣᠢ ᠳ᠋ᠤ᠌ ᠳᠡᠯᠭᠡᠷᠡᠨ᠎ᠡ᠃ ᠶᠡᠷᠦ ᠳ᠋ᠡᠭᠡᠨ5 ᠶᠡᠷᠦᠩᠬᠡᠢ ᠪᠠᠷᠢᠭᠤᠯ ᠲᠠᠢ ᠪᠠ ᠶᠡᠷᠦᠩᠬᠡᠢ ᠪᠠᠷᠢᠭᠤᠯ ᠪᠦᠷᠢ ᠨᠢ ᠳᠠᠬᠢᠨ ᠬᠣᠶᠠᠷ ᠤᠳᠠᠭ᠎ᠠ ᠭᠤᠷᠪᠠᠨ ᠰᠠᠯᠠᠭ᠎ᠠ ᠭᠠᠷᠳᠠᠭ᠃ ᠴᠣᠮᠣ ᠬᠡᠯᠪᠡᠷᠢᠲᠦ ᠶᠡᠷᠦᠩᠬᠡᠢ ᠪᠠᠭᠯᠠᠭᠴᠢ ᠢᠯᠲᠠᠰᠤ ᠶ᠋ᠢᠨ ᠳᠣᠲᠣᠷ᠎ᠠ ᠪᠠᠷᠤᠭ ᠦᠰᠦ ᠦᠭᠡᠢ᠂ ᠭᠠᠳᠠᠷ ᠨᠢ ᠵᠥᠭᠡᠯᠡᠨ ᠦᠰᠦ ᠲᠡᠢ ᠪᠥᠭᠡᠳ ᠬᠥᠪᠡᠭᠡ ᠨᠢ ᠰᠣᠷᠮᠤᠤᠰᠤ ᠲᠠᠢ᠃ ᠪᠤᠯᠴᠢᠷᠬᠠᠢ ᠨᠢ ᠪᠥᠭᠡᠷᠡᠨ ᠬᠡᠯᠪᠡᠷᠢ ᠲᠡᠢ᠃ ᠬᠣᠩᠭᠣᠷᠴᠣᠭᠲᠤ ᠵᠢᠮᠢᠰ ᠦ᠋ᠨ ᠳᠡᠭᠡᠷ᠎ᠡ ᠨᠢ ᠤᠤᠯ ᠳ᠋ᠠᠭᠠᠨ ᠨᠢᠭ᠋ ᠵᠢᠵᠢᠭ ᠦᠰᠦ ᠲᠡᠢ ᠪᠠᠢᠳᠠᠭ ᠪᠣᠯᠪᠠᠴᠤ ᠠᠶᠠᠨᠳᠠᠭᠠᠨ ᠵᠤᠯᠭᠠᠷᠠᠵᠤ ᠭᠢᠯᠦᠭᠡᠷ ᠪᠣᠯᠳᠠᠭ᠃ ᠦᠷ᠎ᠡ ᠨᠢ ᠵᠤᠤᠪᠠᠩ ᠬᠡᠯᠪᠡᠷᠢ ᠲᠡᠢ᠃ ᠭᠦᠢᠬᠡᠨ ᠬᠦᠷᠡᠩ ᠥᠩᠭᠡ ᠲᠡᠢ᠃5~6 ᠳ᠋ᠤᠭᠠᠷ ᠰᠠᠷ᠎ᠠ ᠳ᠋ᠤ᠌ ᠴᠡᠴᠡᠭᠯᠡᠵᠦ᠂6~7 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠭᠠᠩ ᠬᠠᠭᠤᠷᠠᠢ᠂ ᠬᠡᠭᠡᠷ᠎ᠡ ᠲᠠᠯ᠎ᠠ᠂ ᠠᠭᠤᠯᠠ ᠶ᠋ᠢᠨ ᠬᠠᠵᠠᠭᠤ ᠪᠠᠷ ᠤᠷᠭᠤᠨ᠎ᠠ᠃ ᠮᠠᠨ ᠤ᠋ ᠤᠯᠤᠰ ᠤ᠋ᠨ ᠤᠮᠠᠷᠠᠲᠤ ᠬᠡᠰᠡᠭ ᠦ᠋ᠨ ᠮᠣᠵᠢ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠬᠠᠪᠤᠷ᠂ ᠨᠠᠮᠤᠷ ᠦᠨᠳᠦᠰᠦ ᠶ᠋ᠢ ᠨᠢ ᠮᠠᠯᠲᠠᠨ ᠠᠪᠴᠤ ᠰᠢᠪᠡᠷ ᠰᠢᠷᠣᠢ ᠶ᠋ᠢ ᠨᠢ ᠠᠷᠢᠯᠭᠠᠭᠠᠳ᠂ ᠬᠡᠷᠴᠢᠵᠦ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠤᠱᠤᠭᠤᠨ ᠠᠮᠲᠠ ᠲᠠᠢ; ᠪᠦᠯᠢᠶᠡᠨ ᠴᠢᠨᠠᠷ ᠲᠠᠢ; ᠰᠢᠩᠭᠡᠨ᠂ ᠮᠣᠬᠣᠳᠠᠭ᠂ ᠬᠥᠯᠪᠡᠷᠢᠭᠦᠨ᠂ ᠰᠢᠷᠦᠭᠦᠨ ᠡᠷᠳᠡᠮ ᠲᠡᠢ; ᠬᠣᠣᠷ ᠲᠠᠢ᠃
   [ᠴᠢᠳᠠᠯ ᠪᠠ ᠭᠣᠣᠯᠳᠠᠭᠤ ᠵᠠᠰᠠᠬᠤ] ᠳᠣᠭᠣᠯᠭᠠᠬᠤ᠂ ᠴᠢᠭᠢᠬ᠎ᠠ ᠬᠠᠪᠤᠳᠠᠷ ᠢ᠋ ᠨᠣᠮᠣᠬᠠᠳᠬᠠᠬᠤ᠂ ᠰᠢᠷ᠎ᠠ ᠤᠰᠤ ᠶ᠋ᠢ ᠠᠷᠢᠯᠭᠠᠬᠤ᠂ ᠨᠢᠶᠠᠨ ᠬᠣᠷᠣᠬᠠᠢ ᠶ᠋ᠢ ᠨᠢᠲᠤᠯᠬᠤ ᠴᠢᠳᠠᠯ ᠲᠠᠢ᠃ ᠭᠣᠣᠯᠳᠠᠭᠤ ᠰᠠᠬᠤᠤ᠂ ᠪᠣᠭᠣᠮ᠎ᠠ᠂ ᠬᠣᠷᠣᠬᠠᠢ᠂ ᠬᠢᠵᠢᠭ ᠲᠣᠮᠣᠭᠣ᠂ ᠢᠯᠳᠦ᠂ ᠨᠢᠰᠤᠭᠤ᠂ ᠬᠠᠮᠠᠭᠤ᠂ ᠶᠠᠷ᠎ᠠ᠂ ᠬᠠᠪᠤᠩ᠂ ᠬᠢᠮᠤᠷᠠᠭᠰᠠᠨ ᠬᠠᠯᠠᠭᠤᠨ᠂ ᠳᠡᠯᠭᠡᠷᠡᠭᠰᠡᠨ ᠬᠠᠯᠠᠭᠤᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
   [ᠠᠩᠬᠠᠷᠤᠯ] ᠵᠢᠷᠮᠦᠰᠦᠨ ᠡᠮᠡᠭᠲᠡᠢ᠂ ᠨᠢᠯᠬᠠᠰ᠂ ᠲᠠᠮᠢᠷ ᠳᠣᠷᠣᠢᠲᠠᠭᠰᠠᠳ ᠲᠤ᠌ ᠴᠡᠭᠡᠷᠯᠡᠨ᠎ᠡ᠃

   ᠬᠢᠲᠠᠳ ᠨᠡᠷ᠎ᠡ᠄狼毒
   ᠠᠩᠭ᠌ᠯᠢ ᠨᠡᠷ᠎ᠡ᠄ Eupharbia fischeriana Steud.

   ᠦᠰᠦᠭ ᠠᠮᠢᠯᠠᠭᠤᠯᠤᠭᠴᠢ᠄ ᠠᠯᠲᠠᠨᠴᠡᠴᠡᠭ
   ᠬᠢᠨᠠᠭᠴᠢ᠄ ᠲᠤᠶᠠᠭ᠎ᠠ