ᠳ᠋ᠠᠩᠭᠦᠨДангүн
ᠳ᠋ᠠᠩᠭᠦᠨ
ᠲᠤᠰ ᠡᠮ ᠪᠣᠯ ᠰᠢᠭᠦᠷ ᠬᠡᠯᠪᠡᠷᠢᠲᠦ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠳ᠋ᠠᠩᠭᠦᠨ ᠦ᠌ ᠬᠠᠲᠠᠭᠠᠭᠰᠠᠨ ᠡᠰᠢ ᠮᠥᠨ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃0.4—1m ᠥᠨᠳᠥᠷ᠂ ᠡᠰᠢ ᠨᠢ ᠰᠢᠯᠤᠭᠤᠨ ᠤᠷᠭᠤᠨ᠎ᠠ᠂ ᠪᠣᠷᠣᠪᠲᠤᠷ ᠲᠤᠶᠠᠭ᠎ᠠ ᠲᠠᠢ᠂ ᠢᠯᠡᠬᠡᠨ ᠭᠤᠯᠳᠤ ᠬᠣᠪᠢᠯ ᠠᠷᠲᠠᠢ᠂ ᠦᠰᠦ ᠦᠭᠡᠢ᠃ ᠬᠣᠶᠠᠷ ᠠ᠋ᠴᠠ ᠭᠤᠷᠪᠠᠳᠠᠭᠰᠠᠨ ᠰᠣᠨᠳᠣᠭᠣᠢ ᠨᠡᠢᠯᠡᠮᠡᠯ ᠨᠠᠪᠴᠢ ᠲᠠᠢ᠂ ᠨᠠᠪᠴᠢᠨ ᠪᠠᠷᠢᠭᠤᠯ ᠨᠢ3—11cm ᠤᠷᠲᠤ᠂ ᠨᠠᠪᠴᠢᠨ ᠲᠣᠭᠳᠣᠢ ᠨᠢ ᠲᠣᠮᠣᠷᠠᠳᠠᠭ᠃ ᠢᠵᠠᠭᠤᠷ ᠤ᠋ᠨ ᠨᠠᠪᠴᠢ ᠪᠣᠯᠤᠨ ᠳᠣᠣᠷ᠎ᠠ ᠬᠡᠰᠡᠭ ᠦ᠋ᠨ ᠨᠠᠪᠴᠢ ᠨᠢ ᠥᠨᠳᠡᠭᠡᠯᠵᠢᠨ ᠬᠡᠯᠪᠡᠷᠢ ᠲᠡᠢ᠂ ᠬᠣᠶᠠᠷ ᠠ᠋ᠴᠠ ᠭᠤᠷᠪᠠᠳᠠᠭᠰᠠᠨ ᠪᠤᠶᠤ ᠥᠳᠥᠯᠢᠭ ᠭᠦᠢᠴᠡᠳ ᠣᠨᠢ ᠲᠠᠢ᠂ ᠬᠠᠮᠤᠭ ᠰᠡᠭᠦᠯᠴᠢ ᠶ᠋ᠢᠨ ᠵᠢᠵᠢᠭ ᠨᠠᠪᠴᠢᠨ ᠢᠯᠲᠠᠰᠤ ᠨᠢ ᠥᠨᠳᠡᠭᠡᠯᠵᠢᠨ ᠪᠤᠶᠤ ᠥᠨᠳᠡᠭᠡᠯᠵᠢᠨ ᠬᠠᠪᠲᠠᠭᠠᠢ ᠲᠡᠪᠡᠨᠡ ᠬᠡᠯᠪᠡᠷᠢ ᠲᠡᠢ᠂3 ᠭᠦᠢᠬᠡᠨ ᠣᠨᠢ ᠲᠠᠢ᠂ ᠨᠠᠪᠴᠢᠨ ᠰᠤᠳᠠᠯ ᠪᠣᠯᠤᠨ ᠬᠥᠪᠡᠭᠡ ᠳ᠋ᠡᠭᠡᠨ ᠨᠠᠷᠢᠨ ᠴᠠᠭᠠᠨ ᠦᠰᠦ ᠲᠡᠢ᠃ ᠨᠠᠪᠴᠢᠨ ᠪᠠᠷᠢᠭᠤᠯ ᠨᠢ ᠲᠣᠮᠣ ᠲᠣᠭᠳᠣᠢ ᠲᠠᠢ᠃ ᠡᠰᠢᠨ ᠦ᠌ ᠳᠡᠭᠡᠷ᠎ᠡ ᠬᠡᠰᠡᠭ ᠦ᠋ᠨ ᠨᠠᠪᠴᠢ ᠨᠢ ᠵᠥᠪᠬᠡᠨ ᠥᠳᠥᠯᠢᠭ ᠣᠨᠢ ᠲᠠᠢ᠃ ᠨᠡᠢᠯᠡᠮᠡᠯ ᠰᠢᠭᠦᠷ ᠬᠡᠯᠪᠡᠷᠢᠲᠦ ᠪᠠᠭ ᠴᠡᠴᠡᠭ ᠨᠢ ᠡᠰᠢᠨ ᠦ᠌ ᠣᠷᠣᠢ ᠳ᠋ᠤ᠌ ᠳᠡᠯᠭᠡᠷᠡᠨ᠎ᠡ᠃ ᠢᠵᠢᠯ ᠪᠤᠰᠤ ᠤᠷᠲᠤ ᠪᠠᠷᠢᠭᠤᠯ ᠲᠠᠢ᠃9—14 ᠵᠢᠵᠢᠭ ᠰᠢᠭᠦᠷ ᠬᠡᠯᠪᠡᠷᠢᠲᠦ ᠪᠠᠭ ᠴᠡᠴᠡᠭ ᠢ᠋ᠶ᠋ᠡᠷ ᠪᠦᠷᠢᠯᠳᠦᠨ᠎ᠡ᠃ ᠵᠢᠵᠢᠭ ᠶᠡᠷᠦᠩᠬᠡᠢ ᠪᠠᠭᠯᠠᠭᠴᠢ ᠨᠢ2—4᠃ ᠵᠢᠵᠢᠭ ᠰᠢᠭᠦᠷ ᠬᠡᠯᠪᠡᠷᠢᠲᠦ ᠪᠠᠭ ᠴᠡᠴᠡᠭ ᠨᠢ12—36 ᠬᠦᠢᠰ ᠴᠠᠭᠠᠨ ᠴᠡᠴᠡᠭ ᠳᠡᠯᠭᠡᠷᠡᠬᠦ ᠪᠥᠭᠡᠳ ᠨᠢᠭ ᠵᠥᠭᠡᠯᠡᠨ ᠦᠰᠦ ᠲᠡᠢ᠃ ᠴᠡᠴᠡᠭ ᠦ᠋ᠨ ᠲᠣᠭᠳᠣᠢ ᠨᠢ5 ᠬᠡᠷᠴᠢᠶᠡᠰᠦ ᠲᠡᠢ᠂ ᠨᠠᠷᠢᠨ ᠥᠨᠳᠡᠭᠡᠯᠵᠢᠨ ᠬᠡᠯᠪᠡᠷᠢ ᠲᠡᠢ᠃ ᠴᠡᠴᠡᠭ ᠦ᠋ᠨ ᠬᠡᠯᠲᠡᠰ ᠨᠢ5᠂ ᠤᠷᠲᠤ ᠥᠨᠳᠡᠭᠡᠯᠵᠢᠨ ᠬᠡᠯᠪᠡᠷᠢ ᠲᠡᠢ᠂ ᠦᠵᠦᠭᠦᠷ ᠨᠢ ᠮᠠᠬᠢᠷ᠃5 ᠡᠷ᠎ᠡ ᠲᠣᠭᠣᠷᠴᠣᠭ ᠲᠠᠢ᠃ ᠳᠣᠬᠢᠭᠤᠷ ᠨᠢ ᠳᠣᠲᠣᠭᠰᠢ ᠪᠠᠨ ᠮᠤᠷᠤᠢ᠃ ᠬᠣᠣᠰ ᠳᠡᠭᠦᠵᠢᠩ ᠵᠢᠮᠢᠰ ᠲᠡᠢ ᠪᠥᠭᠡᠳ ᠵᠤᠤᠪᠠᠩ ᠬᠡᠯᠪᠡᠷᠢ ᠲᠡᠢ᠂ ᠬᠠᠵᠠᠭᠤ ᠢᠷᠮᠡᠭ ᠳᠡᠭᠡᠷ᠎ᠡ ᠨᠢ ᠳᠠᠯᠠᠪᠴᠢ ᠲᠠᠢ᠃7—8 ᠳ᠋ᠤᠭᠠᠷ ᠰᠠᠷ᠎ᠠ ᠳ᠋ᠤ᠌ ᠴᠡᠴᠡᠭᠯᠡᠵᠦ᠂8—9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠬᠦᠢᠲᠡᠨ᠂ ᠪᠣᠷᠣᠭᠠᠨ ᠲᠠᠢ ᠠᠭᠤᠯᠠᠷᠬᠠᠭ ᠣᠷᠣᠨ ᠳ᠋ᠤ᠌ ᠤᠷᠭᠤᠨ᠎ᠠ᠃ ᠭᠠᠨᠰᠦ᠂ ᠰᠧᠴᠤᠸᠠᠨ᠂ ᠶᠦᠨᠨᠠᠨ᠂ ᠬᠤᠪᠧᠢ᠂ ᠱᠠᠨᠰᠢ᠂ ᠭᠦᠢᠵᠧᠦ ᠵᠡᠷᠭᠡ ᠭᠠᠵᠠᠷ ᠣᠷᠣᠨ ᠳ᠋ᠤ᠌ ᠠᠷᠠᠴᠢᠯᠠᠨ ᠲᠠᠷᠢᠵᠤ ᠪᠠᠢᠨ᠎ᠠ᠃
[ ᠲᠡᠭᠦᠵᠦ ᠪᠣᠯᠪᠠᠰᠤᠷᠠᠭᠤᠯᠬᠤ] ᠨᠠᠮᠤᠷ ᠤ᠋ᠨ ᠰᠡᠭᠦᠯᠴᠢ ᠪᠡᠷ ᠮᠠᠯᠲᠠᠨ ᠠᠪᠴᠤ᠂ ᠰᠠᠬᠠᠯ ᠦᠨᠳᠦᠰᠦ ᠶ᠋ᠢ ᠨᠢ ᠠᠷᠢᠯᠭᠠᠭᠠᠳ᠂ ᠵᠢᠭᠠᠬᠠᠨ ᠠᠭᠢᠷᠠᠭᠤᠯᠤᠭᠰᠠᠨ ᠤ᠋ ᠰᠡᠭᠦᠯᠡᠷ ᠵᠢᠵᠢᠭᠬᠡᠨ ᠪᠤᠭᠤᠴᠢᠯᠠᠵᠤ ᠰᠠᠷᠠᠪᠴᠢᠨ ᠠ᠋ᠴᠠ ᠳᠡᠭᠦᠵᠢᠯᠡᠵᠦ ᠠᠭᠠᠵᠢᠮ ᠢ᠋ᠶ᠋ᠠᠷ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠠᠮᠲᠠᠯᠢᠭ᠂ ᠭᠤᠱᠤᠭᠤᠨ ᠠᠮᠲᠠ ᠲᠠᠢ᠃ ᠪᠦᠯᠢᠶᠡᠨ ᠴᠢᠨᠠᠷ ᠲᠠᠢ᠃ ᠬᠦᠨᠳᠦ᠂ ᠮᠣᠬᠣᠳᠠᠭ᠂ ᠬᠠᠭᠤᠷᠠᠢ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠵᠢᠷᠦᠬᠡᠨ ᠬᠠᠯᠠᠭᠤᠨ ᠢ᠋ ᠠᠷᠢᠯᠭᠠᠬᠤ᠂ ᠬᠣᠣᠷ ᠢ᠋ ᠲᠠᠢᠯᠬᠤ᠂ ᠴᠢᠰᠤᠨ ᠭᠦᠶᠦᠳᠡᠯ ᠢ᠋ ᠰᠠᠢᠵᠢᠷᠠᠭᠤᠯᠬᠤ᠂ ᠰᠠᠷ᠎ᠠ ᠶ᠋ᠢᠨ ᠬᠬᠢᠷ ᠢ᠋ ᠲᠡᠭᠰᠢᠳᠬᠡᠬᠦ᠂ ᠡᠪᠡᠳᠬᠦ ᠶ᠋ᠢ ᠵᠣᠭᠰᠣᠭᠠᠬᠤ᠂ ᠬᠡᠢ ᠶ᠋ᠢ ᠳᠠᠷᠤᠬᠤ ᠴᠢᠳᠠᠯ ᠲᠠᠢ᠃ ᠭᠣᠣᠯᠳᠠᠭᠤ ᠵᠢᠷᠦᠬᠡᠨ ᠦ᠌ ᠬᠠᠯᠠᠭᠤᠨ᠂ ᠬᠣᠣᠷ ᠡᠪᠡᠳᠴᠢᠨ᠂ ᠭᠣᠣᠯ ᠤ᠋ᠨ ᠬᠡᠢ ᠡᠪᠡᠳᠴᠢᠨ᠂ ᠰᠠᠷ᠎ᠠ ᠶ᠋ᠢᠨ ᠬᠬᠢᠷ ᠲᠡᠭᠰᠢ ᠦᠭᠡᠢ᠂ ᠪᠡᠷᠲᠡᠭᠰᠡᠨ ᠰᠢᠷᠬ᠎ᠠ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄ 当归
ᠠᠩᠭ᠌ᠯᠢ ᠨᠡᠷ᠎ᠡ᠄Angelica sinensis (Oliv.) Diels
ᠦᠰᠦᠭ ᠠᠮᠢᠯᠠᠭᠤᠯᠤᠭᠴᠢ᠄ ᠪᠣᠷᠣᠨᠤᠳ᠂ ᠴᠢᠮᠡᠭ
ᠬᠢᠨᠠᠭᠴᠢ᠄ ᠲᠤᠶᠠᠭ᠎ᠠ
