ᠭᠠᠩᠨᠠᠭᠤᠷ ᠡᠪᠡᠰᠦГагнуур өвс
ᠭᠠᠩᠨᠠᠭᠤᠷ ᠡᠪᠡᠰᠦ
ᠲᠤᠰ ᠡᠮ ᠪᠣᠯ ᠰᠠᠷᠠᠨ᠎ᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠮᠤᠬᠤᠷ ᠴᠠᠭᠠᠨ ᠤ᠋ ᠦᠨᠳᠦᠰᠦᠯᠢᠭ ᠡᠰᠢ ᠮᠥᠨ᠂ ᠪᠠᠰᠠ ᠵᠠᠸᠠ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃ ᠦᠨᠳᠦᠰᠦᠯᠢᠭ ᠡᠰᠢ ᠨᠢ ᠮᠢᠬᠠᠯᠢᠭ ᠪᠦᠳᠦᠭᠦᠨ᠂ ᠪᠥᠭᠡᠷᠡᠩᠬᠡᠢ ᠪᠠᠭᠠᠨ᠎ᠠ ᠬᠡᠯᠪᠡᠷᠢ ᠲᠡᠢ᠂ ᠰᠢᠷᠠᠪᠲᠤᠷ ᠴᠠᠭᠠᠨ᠂ᠳ᠋ᠢᠶᠠᠮᠧᠲ᠋ᠷ 9~14mm᠂ ᠡᠰᠢ ᠨᠢ 30~60 cm ᠥᠨᠳᠥᠷ᠃7~12 ᠨᠠᠪᠴᠢ ᠲᠠᠢ᠂ ᠨᠠᠪᠴᠢ ᠨᠢ ᠴᠤᠪᠤᠷᠠᠨ ᠤᠷᠭᠤᠨ᠎ᠠ᠂ ᠵᠤᠤᠪᠠᠩ᠂ ᠤᠷᠲᠤᠯᠵᠢᠨ ᠵᠤᠤᠪᠠᠩ ᠪᠤᠶᠤ ᠥᠨᠳᠡᠭᠡᠯᠵᠢᠨ ᠵᠤᠤᠪᠠᠩ ᠬᠡᠯᠪᠡᠷᠢ ᠲᠡᠢ᠂ 6~15 cm ᠤᠷᠲᠤ᠂ 3~6 cm ᠥᠷᠭᠡᠨ᠂ ᠱᠤᠪᠲᠤᠭᠠᠷ ᠪᠤᠶᠤ ᠱᠣᠪᠣᠭᠣᠷ ᠦᠵᠦᠭᠦᠷ ᠲᠡᠢ᠂ ᠱᠠᠭᠠᠨᠲᠠᠭ ᠤᠭ ᠲᠠᠢ᠂ ᠪᠠᠷᠤᠭ ᠪᠠᠷᠢᠭᠤᠯ ᠦᠭᠡᠢ᠃ ᠴᠡᠴᠡᠭ ᠨᠢ ᠶᠡᠷᠦ ᠳ᠋ᠡᠭᠡᠨ ᠨᠠᠪᠴᠢᠨ ᠥᠪᠥᠷ ᠲᠡᠬᠢ ᠶᠡᠷᠦᠩᠬᠡᠢ ᠪᠠᠷᠢᠭᠤᠯ ᠤ᠋ᠨ ᠣᠷᠣᠢ ᠳ᠋ᠤ᠌1~2 ᠢ᠋ᠶ᠋ᠠᠷ ᠤᠨᠵᠢᠢᠵᠤ ᠳᠡᠯᠭᠡᠷᠡᠨ᠎ᠡ᠂ ᠪᠠᠭᠯᠠᠭᠴᠢ ᠦᠭᠡᠢ᠂ ᠴᠡᠴᠡᠭ ᠦ᠋ᠨ ᠪᠠᠷᠢᠭᠤᠯ ᠨᠢ 8~20mm ᠤᠷᠲᠤ᠂ ᠴᠡᠴᠡᠭ ᠦ᠋ᠨ ᠰᠢᠳᠠᠷ ᠨᠢ ᠰᠢᠷᠠᠩᠭᠤᠢ ᠨᠣᠭᠣᠭᠠᠨ ᠠ᠋ᠴᠠ ᠴᠠᠭᠠᠨ ᠥᠩᠭᠡ ᠲᠡᠢ ᠪᠣᠯᠳᠠᠭ᠂ ᠴᠡᠴᠡᠭ ᠦ᠋ᠨ ᠰᠢᠳᠠᠷ ᠤ᠋ᠨ ᠬᠣᠭᠣᠯᠠᠢ ᠨᠢ ᠪᠣᠷᠲᠣᠭᠣ ᠬᠡᠯᠪᠡᠷᠢ ᠲᠡᠢ᠂14~20mm ᠤᠷᠲᠤ᠂ 6 ᠰᠡᠵᠢᠭᠦᠷ ᠢᠯᠲᠠᠰᠤ ᠲᠠᠢ᠂ ᠰᠡᠵᠢᠭᠦᠷ ᠢᠯᠲᠠᠰᠤ ᠨᠢ 3mm ᠣᠷᠴᠢᠮ ᠤᠷᠲᠤ᠃ ᠡᠷ᠎ᠡ ᠲᠣᠭᠣᠷᠴᠣᠭ ᠨᠢ6᠂ ᠴᠡᠴᠡᠭ ᠦ᠋ᠨ ᠰᠢᠳᠠᠷ ᠤ᠋ᠨ ᠬᠣᠭᠣᠯᠠᠢ ᠶ᠋ᠢᠨ ᠳᠤᠮᠳᠠ ᠬᠡᠰᠡᠭ ᠲᠦ᠍ ᠪᠠᠢᠷᠢᠯᠠᠨ᠎ᠠ᠂ ᠳᠣᠬᠢᠭᠤᠷ ᠨᠢ ᠰᠢᠷᠬᠡᠭᠯᠢᠭ᠂ ᠮᠥᠯᠢᠭᠡᠷ ᠪᠤᠶᠤ ᠳᠣᠪᠣᠭᠣᠷ ᠲᠠᠢ᠂ ᠲᠣᠭᠣᠰᠣᠪᠴᠢ ᠨᠢ ᠰᠢᠷ᠎ᠠ᠂ 4mm ᠣᠷᠴᠢᠮ ᠤᠷᠲᠤ᠃ ᠤᠮᠠᠢ ᠨᠢ ᠵᠤᠤᠪᠠᠩ ᠬᠡᠯᠪᠡᠷᠢ ᠲᠡᠢ᠂ ᠪᠠᠷᠤᠭ 5mmᠤᠷᠲᠤ᠃ ᠰᠢᠭᠦᠰᠦᠯᠢᠭ ᠵᠢᠮᠢᠰ ᠨᠢ ᠪᠣᠯᠪᠠᠰᠤᠷᠠᠪᠠᠯ ᠬᠥᠬᠡᠪᠲᠦᠷ ᠬᠠᠷ᠎ᠠ ᠥᠩᠭᠡ ᠲᠡᠢ ᠪᠣᠯᠳᠠᠭ᠂ ᠪᠥᠮᠪᠥᠭᠡᠯᠢᠭ᠂ ᠳ᠋ᠢᠶᠠᠮᠧᠲ᠋ᠷ ᠨᠢ0.7~1cm᠂ 3~4 ᠮᠥᠬᠥᠯᠢᠭ ᠦᠷ᠎ᠡ ᠲᠡᠢ᠃ 4~5 ᠳ᠋ᠤᠭᠠᠷ ᠰᠠᠷ᠎ᠠ ᠳ᠋ᠤ᠌ ᠴᠡᠴᠡᠭᠯᠡᠵᠦ᠂ 8~10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠠᠭᠤᠯᠠ ᠶ᠋ᠢᠨ ᠡᠩᠭᠡᠷ᠂ ᠵᠡᠪᠡ ᠵᠢᠯᠠᠭ᠎ᠠ᠂ ᠣᠢ ᠮᠣᠳᠣᠨ ᠤ᠋ ᠳᠣᠣᠷ᠎ᠠ᠂ ᠪᠤᠲᠠ ᠰᠥᠭᠡᠭ ᠳᠤᠮᠳᠠ ᠤᠷᠭᠤᠨ᠎ᠠ᠃ ᠮᠠᠨ ᠤ᠋ ᠤᠯᠤᠰ ᠤ᠋ᠨ ᠣᠯᠠᠩᠬᠢ ᠮᠣᠵᠢ ᠣᠷᠣᠨ ᠳ᠋ᠤ᠌ ᠲᠠᠷᠬᠠᠴᠠ ᠲᠠᠢ᠃
[ᠲᠡᠭᠦᠵᠦ ᠪᠣᠯᠪᠠᠰᠤᠷᠠᠭᠤᠯᠬᠤ] ᠬᠠᠪᠤᠷ᠂ ᠨᠠᠮᠤᠷ ᠮᠠᠯᠲᠠᠨ ᠠᠪᠴᠤ ᠡᠰᠢ᠂ ᠨᠠᠪᠴᠢ᠂ ᠰᠠᠬᠠᠯ ᠦᠨᠳᠦᠰᠦ ᠶ᠋ᠢ ᠨᠢ ᠠᠷᠢᠯᠭᠠᠵᠤ᠂ ᠰᠢᠪᠡᠷ ᠰᠢᠷᠣᠢ ᠶ᠋ᠢ ᠨᠢ ᠤᠬᠢᠶᠠᠨ ᠴᠡᠪᠡᠷᠯᠡᠭᠡᠳ ᠨᠠᠷᠠᠨ ᠳ᠋ᠤ᠌ ᠦᠬᠦᠰᠢᠷᠡᠲᠡᠯ᠎ᠡ ᠡᠭᠡᠭᠡᠭᠰᠡᠨ ᠦ᠌ ᠰᠡᠭᠦᠯᠡᠷ ᠵᠥᠭᠡᠯᠡᠷᠡᠲᠡᠯ᠎ᠡ ᠨᠤᠬᠤᠴᠢᠭᠠᠳ ᠨᠠᠷᠠᠨ ᠳ᠋ᠤ᠌ ᠳᠡᠯᠭᠡᠨ᠎ᠡ᠂ ᠡᠨᠡ ᠮᠡᠲᠦ ᠬᠡᠳᠦᠨᠲᠡ ᠨᠤᠬᠤᠴᠢᠭᠠᠳ ᠬᠠᠲᠠᠭᠤ ᠭᠣᠣᠯ ᠦᠭᠡᠢ ᠪᠣᠯᠪᠠᠯ ᠨᠠᠷᠠᠨ ᠳ᠋ᠤ᠌ ᠭᠦᠢᠴᠡᠳ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠠᠮᠲᠠᠯᠢᠭ ᠠᠮᠲᠠ ᠲᠠᠢ; ᠪᠦᠯᠢᠶᠡᠨ ᠴᠢᠨᠠᠷ ᠲᠠᠢ; ᠬᠥᠩᠭᠡᠨ᠂ ᠵᠥᠭᠡᠯᠡᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠰᠢᠮᠡᠵᠢᠭᠦᠯᠬᠦ᠂ ᠬᠦᠴᠦᠵᠢᠭᠦᠯᠬᠦ᠂ ᠪᠥᠭᠡᠷᠡᠨ ᠦ᠌ ᠬᠦᠢᠲᠡᠨ ᠬᠡᠢ ᠶ᠋ᠢ ᠠᠷᠢᠯᠭᠠᠬᠤ᠂ ᠬᠣᠳᠣᠭᠣᠳᠣᠨ ᠤ᠋ ᠢᠯᠴᠢ ᠶ᠋ᠢ ᠰᠡᠯᠪᠢᠬᠦ᠂ ᠰᠢᠷ᠎ᠠ ᠤᠰᠤ ᠶ᠋ᠢ ᠬᠠᠲᠠᠭᠠᠬᠤ ᠴᠢᠳᠠᠯ ᠲᠠᠢ᠃ ᠭᠣᠣᠯᠳᠠᠭᠤ ᠲᠠᠮᠢᠷ ᠳᠣᠷᠣᠢ᠂ ᠪᠥᠭᠡᠷ᠎ᠡ ᠪᠡᠯᠬᠡᠭᠦᠰᠦᠨ ᠦ᠌ ᠬᠦᠢᠲᠡᠨ᠂ ᠬᠥᠯ ᠨᠢᠷᠤᠭᠤ ᠡᠪᠡᠳᠬᠦ᠂ ᠴᠠᠢᠪᠤᠷ ᠬᠠᠪᠤᠩ᠂ ᠬᠡᠢ ᠪᠦᠷᠢᠯᠳᠦᠭᠰᠡᠨ ᠡᠪᠡᠳᠴᠢᠨ᠂ ᠬᠦᠢᠲᠡᠨ ᠰᠢᠷ᠎ᠠ ᠤᠰᠤᠨ ᠡᠪᠡᠳᠴᠢᠨ᠂ ᠬᠣᠳᠣᠭᠣᠳᠣᠨ ᠤ ᠪᠠᠳᠭ᠋ᠠᠨ᠂ ᠳᠤᠰᠤᠯ ᠴᠤᠪᠤᠷᠠᠬᠤ᠂ ᠡᠷ᠎ᠡ ᠪᠡᠯᠭᠡ ᠰᠤᠯᠠᠷᠠᠭᠰᠠᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄玉竹
ᠠᠩᠭ᠌ᠯᠢ ᠨᠡᠷ᠎ᠡ᠄Polygonatum odoratum (Mill.) Druce
ᠦᠰᠦᠭ ᠠᠮᠢᠯᠠᠭᠤᠯᠤᠭᠴᠢ᠄ ᠡᠷᠳᠡᠨᠢᠭᠣᠣᠠ
ᠬᠢᠨᠠᠭᠴᠢ᠄ ᠲᠤᠶᠠᠭ᠎ᠠ
