ᠳᠠᠯᠠᠨ ᠲᠦᠷᠦᠭᠦᠦДалан түрүү ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠳᠠᠯᠠᠨ ᠲᠦᠷᠦᠭᠦᠦДалан түрүү

ᠳᠠᠯᠠᠨ ᠲᠦᠷᠦᠭᠦᠦДалан түрүү

2025-02-01

796

ᠳᠠᠯᠠᠨ ᠲᠦᠷᠦᠭᠦᠦ

   ᠲᠤᠰ ᠡᠮ ᠪᠣᠯ ᠪᠡᠯᠡᠭᠲᠦ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠳᠠᠯᠠᠨ ᠲᠦᠷᠦᠭᠦᠦ ᠶ᠋ᠢᠨ ᠬᠠᠲᠠᠭᠠᠭᠰᠠᠨ ᠦᠨᠳᠦᠰᠦ ᠮᠥᠨ᠃ ᠪᠠᠰᠠ ᠷᠸᠵᠠᠭ᠂ ᠱᠣᠭᠰᠢᠩ᠂ ᠴᠦᠢᠳ᠋ᠧᠩ ᠬᠤᠸᠠᠷ ᠭᠡᠳᠡᠭ᠃
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃20~40cm ᠥᠨᠳᠥᠷ᠂ ᠪᠥᠭᠡᠷᠡᠩᠬᠡᠢ ᠪᠠᠭᠠᠨ᠎ᠠ ᠬᠡᠯᠪᠡᠷᠢᠲᠦ ᠦᠨᠳᠦᠰᠦ ᠲᠡᠢ᠃ ᠡᠰᠢ ᠨᠢ ᠪᠤᠲᠠᠯᠠᠨ ᠤᠷᠭᠤᠨ᠎ᠠ᠂ ᠮᠥᠯᠢᠬᠡᠷ᠂ ᠦᠰᠦ ᠦᠭᠡᠢ᠂ ᠳᠣᠣᠷ᠎ᠠ ᠬᠡᠰᠡᠭ ᠨᠢ ᠮᠣᠳᠣᠯᠢᠭ ᠰᠢᠭ᠋᠂ ᠬᠦᠷᠡᠩ ᠪᠤᠶᠤ ᠤᠯᠠᠪᠤᠷ ᠲᠤᠶᠠᠭ᠎ᠠ ᠲᠠᠢ᠃ ᠳᠠᠩ ᠨᠠᠪᠴᠢ ᠨᠢ ᠨᠡᠯᠢᠶᠡᠳ ᠢᠬᠴᠤ ᠴᠤᠪᠤᠷᠠᠵᠤ ᠤᠷᠭᠤᠨ᠎ᠠ᠃ ᠨᠠᠷᠢᠨ ᠥᠨᠳᠡᠭᠡᠯᠵᠢᠨ ᠡᠴᠡ ᠪᠦᠰᠡ ᠬᠡᠯᠪᠡᠷᠢ ᠲᠡᠢ᠂1~3cm ᠤᠷᠲᠤ᠂2~10mm ᠥᠷᠭᠡᠨ᠂ ᠪᠦᠲᠦᠨ ᠬᠥᠪᠡᠭᠡ ᠲᠡᠢ᠂ ᠬᠣᠶᠠᠷ ᠲᠠᠯ᠎ᠠ ᠳ᠋ᠤᠨᠢ ᠦᠰᠦ ᠦᠭᠡᠢ᠃ ᠥᠲᠡᠯᠪᠡᠯ ᠪᠠᠭᠠᠬᠠᠨ ᠰᠠᠷᠢᠰᠤᠯᠢᠭ ᠰᠢᠭ᠋ ᠪᠣᠯᠳᠠᠭ᠃ ᠨᠠᠪᠴᠢᠨ ᠪᠠᠷᠢᠭᠤᠯ ᠨᠢ ᠮᠠᠰᠢ ᠣᠬᠣᠷ᠃ ᠲᠣᠯᠣᠭᠠᠢ ᠬᠡᠯᠪᠡᠷᠢᠲᠦ ᠪᠠᠭ ᠴᠡᠴᠡᠭ ᠨᠢ ᠡᠰᠢᠨ ᠦ᠌ ᠣᠷᠣᠢ ᠳ᠋ᠤ᠌ ᠳᠡᠯᠭᠡᠷᠡᠨ᠎ᠡ᠃ ᠳ᠋ᠢᠶᠠᠮᠧᠲ᠋ᠷ ᠨᠢ2.5cm ᠣᠷᠴᠢᠮ᠂ ᠣᠯᠠᠨ ᠴᠡᠴᠡᠭ ᠲᠡᠢ᠃ ᠴᠡᠴᠡᠭ ᠦ᠋ᠨ ᠲᠣᠭᠳᠣᠢ ᠨᠢ ᠴᠡᠴᠡᠭ ᠦ᠋ᠨ ᠳᠡᠯᠪᠢ ᠰᠢᠭ ᠪᠣᠯᠳᠠᠭ᠃ ᠴᠠᠭᠠᠨ ᠪᠤᠶᠤ ᠰᠢᠷ᠎ᠠ ᠥᠩᠭᠡ ᠲᠡᠢ᠂ ᠪᠣᠷᠣᠪᠲᠤᠷ ᠤᠯᠠᠭᠠᠨ ᠲᠤᠶᠠᠭ᠎ᠠ ᠲᠠᠢ᠂ ᠲᠣᠭᠳᠣᠢ ᠶ᠋ᠢᠨ ᠬᠣᠭᠣᠯᠠᠢ ᠨᠢ ᠨᠠᠷᠢᠨ ᠭᠤᠤᠷᠰᠤ ᠰᠢᠭ᠋᠂ ᠦᠵᠦᠭᠦᠷ ᠲᠤᠨᠢ5 ᠣᠨᠢ ᠲᠠᠢ᠂ ᠰᠡᠵᠢᠭᠦᠷ ᠢᠯᠲᠠᠰᠤ ᠨᠢ ᠳᠠᠷᠪᠠᠭᠠᠷ᠂ ᠤᠷᠲᠤᠯᠵᠢᠨ ᠲᠣᠭᠣᠷᠢᠭ ᠠ᠋ᠴᠠ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ ᠡᠷ᠎ᠡ ᠲᠣᠭᠣᠷᠴᠣᠭ ᠨᠢ10᠂ ᠬᠣᠶᠠᠷ ᠮᠥᠷ ᠢ᠋ᠶ᠋ᠡᠷ ᠴᠡᠴᠡᠭ ᠦ᠋ᠨ ᠬᠣᠭᠣᠯᠠᠢ ᠶ᠋ᠢᠨ ᠬᠡᠰᠡᠭ ᠲᠦ᠍ ᠪᠠᠢᠷᠢᠯᠠᠨ᠎ᠠ᠃ ᠤᠮᠠᠢ ᠨᠢ ᠳᠡᠭᠡᠳᠦ ᠣᠷᠣᠨ ᠲᠠᠢ᠂ ᠳᠡᠭᠡᠷ᠎ᠡ ᠨᠢ ᠨᠢᠭ᠋ ᠨᠠᠷᠢᠨ ᠦᠰᠦ ᠲᠡᠢ᠂ ᠴᠡᠴᠡᠭ ᠦ᠋ᠨ ᠪᠠᠭᠠᠨ᠎ᠠ ᠨᠢ ᠣᠬᠣᠷ᠂ ᠪᠠᠭᠠᠨ᠎ᠠ ᠶ᠋ᠢᠨ ᠠᠮᠠᠰᠠᠷ ᠨᠢ ᠲᠣᠯᠣᠭᠠᠢ ᠰᠢᠭ᠋᠂ ᠵᠢᠮᠢᠰ ᠨᠢ ᠥᠨᠳᠡᠭᠡᠯᠵᠢᠨ ᠬᠡᠯᠪᠡᠷᠢ ᠲᠡᠢ᠂ ᠴᠡᠴᠡᠭ ᠦ᠋ᠨ ᠰᠢᠳᠠᠷ ᠤ᠋ᠨ ᠭᠤᠤᠷᠰᠤ ᠨᠢ ᠤᠭ ᠤ᠋ᠨ ᠬᠡᠰᠡᠭ ᠲᠡᠭᠡᠨ ᠪᠠᠭᠯᠠᠭᠳᠠᠵᠤ ᠪᠠᠢᠳᠠᠭ᠃1 ᠮᠥᠬᠥᠯᠢᠭ ᠦᠷ᠎ᠡ ᠲᠡᠢ᠃5~6 ᠳ᠋ᠤᠭᠠᠷ ᠰᠠᠷ᠎ᠠ ᠳ᠋ᠤ᠌ ᠴᠡᠴᠡᠭᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠭᠠᠵᠠᠷ᠂ ᠲᠠᠯ᠎ᠠ ᠭᠠᠵᠠᠷ ᠲᠤ ᠪᠦᠷ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠣᠢᠲᠤ ᠣᠷᠣᠨ᠂ ᠪᠠᠷᠠᠭᠤᠨ ᠡᠮᠦᠨᠡᠲᠦ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠬᠠᠪᠤᠷ᠂ ᠨᠠᠮᠤᠷ ᠮᠠᠯᠲᠠᠨ ᠠᠪᠴᠤ ᠡᠰᠢ᠂ ᠨᠠᠪᠴᠢ᠂ ᠰᠢᠪᠡᠷ ᠰᠢᠷᠣᠢ ᠶ᠋ᠢ ᠨᠢ ᠠᠷᠢᠯᠭᠠᠭᠠᠳ ᠬᠡᠷᠴᠢᠵᠦ᠂ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ ᠭᠤᠱᠤᠭᠤᠨ ᠠᠮᠲᠠ ᠲᠠᠢ᠂ ᠲᠡᠭᠰᠢ ᠴᠢᠨᠠᠷ ᠲᠠᠢ᠂ ᠰᠢᠷᠦᠭᠦᠨ᠂ ᠬᠥᠯᠪᠡᠷᠢᠭᠦᠨ᠂ ᠬᠥᠩᠭᠡᠨ ᠡᠷᠳᠡᠮ ᠲᠡᠢ᠃ ᠶᠡᠬᠡ ᠬᠣᠣᠷ ᠲᠠᠢ᠃
   [ ᠴᠢᠳᠠᠯ ᠪᠠ ᠭᠣᠣᠯᠳᠠᠭᠤ ᠵᠠᠰᠠᠬᠤ] ᠨᠢᠶᠠᠨ ᠢ᠋ ᠨᠢᠲᠤᠯᠬᠤ᠂ ᠳᠣᠭᠣᠯᠭᠠᠬᠤ᠂ ᠴᠢᠭᠢᠬ᠎ᠠ ᠶ᠋ᠢ ᠨᠣᠮᠣᠬᠠᠳᠬᠠᠬᠤ᠂ ᠢᠯᠵᠢᠷᠡᠬᠦ ᠶ᠋ᠢ ᠵᠣᠭᠰᠣᠭᠠᠬᠤ᠂ ᠬᠠᠪᠤᠳᠠᠷ ᠢ᠋ ᠬᠠᠷᠢᠭᠤᠯᠬᠤ ᠴᠢᠳᠠᠯ ᠲᠠᠢ᠃ ᠭᠣᠣᠯᠳᠠᠭᠤ ᠮᠢᠬ᠎ᠠ᠂ ᠶᠠᠰᠤ᠂ ᠰᠤᠳᠠᠯ ᠤ᠋ᠨ ᠴᠢᠭᠢᠬ᠎ᠠ ᠶ᠋ᠢ ᠵᠠᠰᠠᠬᠤ ᠳ᠋ᠤ᠌ ᠬᠡᠷᠡᠭᠯᠡᠨ᠎ᠡ᠃
   [ ᠠᠩᠬᠠᠷᠤᠯ] ᠵᠢᠷᠮᠦᠰᠦᠨ ᠡᠮᠡᠭᠲᠡᠢ᠂ ᠲᠠᠮᠢᠷ ᠳᠣᠷᠣᠢ ᠡᠪᠡᠳᠴᠢᠲᠡᠨ ᠳ᠋ᠦ᠍ ᠴᠡᠭᠡᠷᠯᠡᠨ᠎ᠡ᠃

   ᠬᠢᠲᠠᠳ ᠨᠡᠷ᠎ᠡ᠄瑞香狼毒
   ᠠᠩᠭ᠌ᠯᠢ ᠨᠡᠷ᠎ᠡ᠄ StellerachamaejasmeL.

   ᠦᠰᠦᠭ ᠠᠮᠢᠯᠠᠭᠤᠯᠤᠭᠴᠢ᠄ ᠴᠡᠪᠡᠷᠴᠡᠴᠡᠭ
   ᠬᠢᠨᠠᠭᠴᠢ᠄ ᠲᠤᠶᠠᠭ᠎ᠠ