ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 19 Нэгэн ном тавцан үн өдөр үн тэмдэглэлээс – 19 ᠨᠠᠢᠷᠠᠭᠤᠯᠤᠯ ᠥᠭᠦᠯᠡᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 19 Нэгэн ном тавцан үн өдөр үн тэмдэглэлээс – 19

ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 19 Нэгэн ном тавцан үн өдөр үн тэмдэглэлээс – 19

2025-02-09

382

          
       ᠨᠢᠭᠡ ᠬᠡᠦᠬᠡᠳ ᠲᠣᠮᠣ ᠰᠢᠭ᠋ ᠴᠢᠯᠠᠭᠤ ᠶ᠋ᠢ ᠡᠷᠭᠦᠬᠦ ᠭᠡᠳ ᠳᠠᠭᠠᠭᠠᠬᠤ ᠦᠭᠡᠢ ᠪᠠᠢᠬᠤ ᠳ᠋ᠤ᠌ ᠠᠪᠤ ᠨᠢ ᠣᠯᠵᠤ ᠦᠵᠡᠭᠡᠳ ᠬᠠᠵᠠᠭᠤ ᠳ᠋ᠤ᠌ ᠨᠢ ᠢᠷᠡᠵᠦ᠄
      《ᠮᠢᠨᠦ ᠬᠦᠦ᠂ ᠪᠦᠬᠦ ᠬᠦᠴᠦᠨ ᠴᠢᠳᠠᠯ ᠢ᠋ᠶ᠋ᠠᠨ ᠬᠡᠷᠡᠭᠯᠡᠳᠡᠭ ᠯᠡ ᠶᠦᠮ ᠪᠣᠯ ᠯᠠᠪᠲᠠᠢ ᠡᠷᠭᠦᠵᠦ ᠳᠡᠢᠯᠦᠨ᠎ᠡ》 ᠭᠡᠵᠦ ᠵᠣᠷᠢᠭᠵᠢᠭᠤᠯᠤᠨ ᠬᠡᠯᠡᠵᠡᠢ᠃ ᠭᠡᠪᠡᠴᠦ ᠲᠡᠷᠡ ᠬᠡᠦᠬᠡᠳ ᠡᠴᠦᠰ ᠲᠡᠭᠡᠨ ᠡᠷᠭᠦᠵᠦ ᠴᠢᠳᠠᠭᠰᠠᠨ ᠦᠭᠡᠢ᠃ ᠲᠡᠭᠡᠭᠡᠳ ᠠᠪᠤ ᠳ᠋ᠠᠭᠠᠨ᠄
      《ᠪᠢ ᠪᠦᠬᠦ ᠴᠢᠳᠠᠯ ᠢ᠋ᠶ᠋ᠠᠨ ᠭᠠᠷᠭᠠᠭᠰᠠᠨ ᠪᠣᠯᠪᠠᠴᠤ ᠡᠷᠭᠦᠵᠦ ᠳᠠᠭᠠᠭᠠᠭᠰᠠᠨ ᠦᠭᠡᠢ》 ᠭᠡᠵᠦ ᠬᠡᠯᠡᠬᠦ ᠳ᠋ᠦ᠍ ᠠᠪᠤ ᠨᠢ᠄
      《ᠴᠢ ᠪᠦᠬᠦ ᠴᠢᠳᠠᠯ ᠢ᠋ᠶ᠋ᠠᠨ ᠬᠡᠷᠡᠭᠯᠡᠭᠰᠡᠨ ᠦᠭᠡᠢ᠃ ᠪᠢ ᠬᠠᠵᠠᠭᠤ ᠳ᠋ᠤ᠌ ᠴᠢᠨᠢ ᠪᠠᠢᠵᠤ ᠪᠠᠢᠭᠰᠠᠨ ᠳ᠋ᠤ᠌ ᠴᠢ ᠨᠠᠳᠠ ᠪᠠᠷ ᠬᠠᠪᠰᠤᠷᠤᠭᠤᠯᠤᠶ᠎ᠠ ᠭᠡᠵᠦ ᠬᠡᠯᠡᠭᠰᠡᠨ ᠦᠭᠡᠢ》 ᠭᠡᠰᠡᠨ ᠭᠡᠨ᠎ᠡ᠃ 
       ᠡᠢᠮᠦ ᠡᠴᠡ ᠪᠦᠬᠦ ᠬᠦᠴᠦᠨ ᠢ᠋ᠶ᠋ᠡᠨ ᠬᠡᠷᠡᠭᠯᠡᠨ᠎ᠡ ᠭᠡᠳᠡᠭ ᠨᠢ ᠦᠨᠡᠨ ᠳ᠋ᠡᠭᠡᠨ ᠪᠦᠬᠦ ᠴᠢᠳᠠᠯ ᠢ᠋ᠶ᠋ᠠᠨ ᠭᠠᠷᠭᠠᠬᠤ ᠪᠠᠷ ᠪᠠᠷᠠᠬᠤ ᠦᠭᠡᠢ ᠪᠠᠰᠠ ᠠᠷᠭ᠎ᠠ ᠪᠣᠯᠭᠠᠨ ᠢ᠋ ᠰᠦᠪᠡᠭᠴᠢᠯᠡᠨ᠂ ᠠᠰᠢᠭᠯᠠᠵᠤ ᠪᠣᠯᠬᠤ ᠪᠦᠬᠦᠨ ᠢ᠋ ᠠᠰᠢᠭᠯᠠᠬᠤ ᠶ᠋ᠢ ᠬᠡᠯᠡᠵᠦ ᠪᠠᠢᠳᠠᠭ᠃  

       ᠦᠰᠦᠭ ᠠᠮᠢᠯᠠᠭᠤᠯᠤᠭᠴᠢ᠄ ᠡᠩᠬᠡᠪᠠᠲᠤ  
          ᠦᠰᠦᠭ ᠬᠢᠨᠠᠭᠴᠢ᠄ ᠪᠠᠶᠠᠷᠴᠡᠴᠡᠭ