ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 20 Нэгэн ном тавцан үн өдөр үн тэмдэглэлээс – 20 ᠨᠠᠢᠷᠠᠭᠤᠯᠤᠯ ᠥᠭᠦᠯᠡᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 20 Нэгэн ном тавцан үн өдөр үн тэмдэглэлээс – 20

ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 20 Нэгэн ном тавцан үн өдөр үн тэмдэглэлээс – 20

2025-02-13

261


       ᠨᠢᠭᠡ ᠶᠠᠳᠠᠭᠤ ᠬᠡᠦᠬᠡᠳ ᠪᠠᠷᠢᠯᠭ᠎ᠠ ᠶ᠋ᠢᠨ ᠭᠠᠵᠠᠷ ᠬᠥᠯᠥᠰᠥᠨ ᠠᠵᠢᠯ ᠬᠢᠬᠦ ᠪᠡᠷ ᠢᠷᠡᠵᠡᠢ᠃ ᠲᠡᠭᠡᠭᠡᠳ ᠲᠡᠷᠡ ᠬᠡᠦᠬᠡᠳ ᠡᠨᠡ ᠪᠠᠷᠢᠯᠭ᠎ᠠ ᠶ᠋ᠢᠨ ᠠᠵᠢᠯ ᠢ᠋ ᠬᠠᠷᠢᠭᠤᠴᠠᠵᠤ ᠪᠠᠢᠬᠤ ᠬᠥᠮᠦᠨ ᠢ᠋ ᠡᠷᠢᠵᠦ ᠣᠴᠢᠭᠠᠳ᠄
      《ᠲᠠ ᠰᠠᠢᠨ ᠪᠠᠢᠨ᠎ᠠ ᠤᠤ! ᠪᠢ ᠶᠠᠭᠠᠬᠢᠪᠠᠯ ᠰᠠᠶᠢ ᠲᠠᠨ ᠰᠢᠭ᠋ ᠵᠣᠭᠣᠰ ᠮᠥᠩᠭᠥ ᠲᠡᠢ ᠬᠥᠮᠦᠨ ᠪᠣᠯᠵᠤ ᠴᠢᠳᠠᠬᠤ ᠪᠣᠢ?》 ᠭᠡᠵᠦ ᠠᠰᠠᠭᠤᠭᠰᠠᠨ ᠳ᠋ᠤ᠌ ᠲᠡᠷᠡ ᠬᠥᠮᠦᠨ᠄
      《ᠲᠡᠭᠡᠪᠡᠯ ᠴᠢ ᠬᠠᠷᠢᠭᠠᠳ ᠤᠯᠠᠭᠠᠨ ᠥᠩᠭᠡ ᠲᠡᠢ ᠬᠤᠪᠴᠠᠰᠤ ᠡᠮᠦᠰᠴᠦ ᠢᠷᠡᠭᠡᠳ ᠰᠠᠢᠲᠤᠷ ᠠᠵᠢᠯᠯᠠ》 ᠭᠡᠵᠡᠢ᠃ ᠡᠨᠡ ᠬᠡᠦᠬᠡᠳ ᠮᠠᠰᠢ ᠶᠡᠬᠡ ᠭᠠᠢᠬᠠᠵᠤ᠄
      《ᠶᠠᠭᠤᠨ ᠳ᠋ᠤ᠌ ᠪᠣᠢ?》 ᠭᠡᠵᠦ ᠠᠰᠠᠭᠤᠭᠰᠠᠨ ᠳ᠋ᠤ᠌ ᠲᠡᠷᠡ ᠬᠥᠮᠦᠨ ᠠᠵᠢᠯᠯᠠᠵᠤ ᠪᠠᠢᠭ᠎ᠠ ᠬᠥᠮᠦᠰ ᠢ᠋ ᠵᠢᠭᠠᠭᠠᠳ᠄
      《ᠲᠡᠳᠡᠭᠡᠷ ᠠᠵᠢᠯ ᠬᠢᠵᠦ ᠪᠠᠢᠭ᠎ᠠ ᠬᠥᠮᠦᠰ ᠢ᠋ ᠬᠠᠷᠠᠵᠤ ᠪᠠᠢᠨ᠎ᠠ ᠤᠤ? ᠦᠵᠡᠬᠦ ᠳ᠋ᠦ᠍ ᠪᠦᠷ ᠠᠳᠠᠯᠢᠬᠠᠨ ᠪᠠᠢᠭ᠎ᠠ ᠪᠢᠰᠢ ᠤᠤ? ᠲᠡᠳᠡᠭᠡᠷ ᠬᠥᠮᠦᠰ ᠴᠥᠮ ᠠᠳᠠᠯᠢᠬᠠᠨ ᠤᠴᠢᠷ ᠠ᠋ᠴᠠ ᠬᠡᠨ ᠦ᠌ ᠬᠢᠨ ᠨᠡᠷ᠎ᠡ ᠶ᠋ᠢ ᠴᠦ᠍ ᠲᠣᠳᠣᠷᠬᠠᠢ ᠴᠡᠭᠡᠵᠢᠯᠡᠵᠦ ᠳᠡᠢᠯᠬᠦ ᠦᠭᠡᠢ᠃ ᠭᠡᠲᠡᠯ᠎ᠡ ᠵᠠᠬᠢᠷᠤᠯ ᠳ᠋ᠠᠭᠠᠨ ᠲᠠᠨᠢᠭᠳᠠᠵᠤ ᠴᠢᠳᠠᠬᠤ ᠬᠥᠮᠦᠨ ᠯᠠᠪᠲᠠᠢ ᠰᠠᠢᠨ ᠠᠵᠢᠯᠯᠠᠭᠰᠠᠨ ᠠ᠋ᠴᠠ ᠪᠣᠯᠳᠠᠭ᠃ ᠴᠢ ᠬᠠᠷᠠ ᠯᠠ ᠳᠠ! ᠲᠡᠨᠳᠡ ᠠᠵᠢᠯᠴᠢᠳ ᠢ᠋ ᠬᠠᠮᠢᠶᠠᠷᠴᠤ ᠪᠠᠢᠬᠤ ᠬᠥᠮᠦᠨ ᠤᠯᠠᠭᠠᠨ ᠥᠩᠭᠡ ᠲᠡᠢ ᠬᠤᠪᠴᠠᠰᠤ ᠡᠮᠦᠰᠴᠦ ᠪᠠᠢᠨ᠎ᠠ᠃ ᠲᠡᠷᠡ ᠠᠩᠬ᠎ᠠ ᠡᠬᠢᠯᠡᠵᠦ ᠨᠠᠳᠠ ᠳ᠋ᠤ᠌ ᠲᠠᠨᠢᠭᠳᠠᠭᠰᠠᠨ ᠨᠢ ᠶᠠᠭ ᠤᠯᠠᠭᠠᠨ ᠬᠤᠪᠴᠠᠰᠤ ᠡᠮᠦᠰᠳᠡᠭ ᠡᠴᠡ ᠪᠣᠯᠤᠭᠰᠠᠨ ᠶᠤᠮ᠃ ᠲᠡᠷᠡ ᠤᠯᠠᠭᠠᠨ ᠬᠤᠪᠴᠠᠰᠤ ᠲᠠᠢ ᠬᠥᠮᠦᠨ ᠡᠳᠦᠷ ᠪᠦᠷᠢ ᠡᠷᠲᠡ ᠢᠷᠡᠵᠦ ᠠᠵᠢᠯᠯᠠᠳᠠᠭ ᠪᠥᠭᠡᠳ ᠣᠷᠣᠢ ᠪᠦᠷᠢ ᠪᠤᠰᠤᠳ ᠠ᠋ᠴᠠ ᠣᠷᠣᠢ ᠠᠵᠢᠯ ᠠ᠋ᠴᠠ ᠠᠮᠠᠷᠠᠳᠠᠭ ᠢ᠋ ᠪᠢ ᠲᠣᠪ ᠲᠣᠳᠣᠷᠬᠠᠢ ᠣᠯᠵᠤ ᠬᠠᠷᠠᠭᠰᠠᠨ᠃ ᠴᠢ ᠬᠡᠷᠪᠡ ᠦᠨᠡᠨ ᠬᠦ᠌ ᠬᠥᠮᠦᠨ ᠳ᠋ᠦ᠍ ᠲᠠᠨᠢᠭᠳᠠᠵᠤ ᠮᠡᠳᠡᠷᠡᠭᠳᠡᠶ᠎ᠡ ᠭᠡᠵᠦ ᠪᠣᠳᠣᠵᠤ ᠪᠠᠢᠪᠠᠯ ᠵᠠᠪᠠᠯ ᠥᠪᠡᠷ ᠢ᠋ ᠪᠡᠨ ᠪᠤᠰᠤᠳ ᠠ᠋ᠴᠠ ᠢᠯᠭᠠᠭᠳᠠᠬᠤ ᠣᠨᠴᠠᠯᠢᠭ ᠲᠠᠢ ᠪᠠᠢᠯᠭᠠᠬᠤ ᠬᠡᠷᠡᠭᠲᠡᠢ》 ᠭᠡᠵᠦ ᠬᠡᠯᠡᠭᠰᠡᠨ ᠭᠡᠨ᠎ᠡ᠃  

        ᠦᠰᠦᠭ ᠠᠮᠢᠯᠠᠭᠤᠯᠤᠭᠴᠢ᠄ ᠡᠩᠬᠡᠪᠠᠲᠤ 
           ᠦᠰᠦᠭ ᠬᠢᠨᠠᠭᠴᠢ᠄ ᠪᠠᠶᠠᠷᠴᠡᠴᠡᠭ