ᠲᠤᠭᠤᠯ ᠡᠪᠡᠰᠦТугул өвсTugul övs ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠲᠤᠭᠤᠯ ᠡᠪᠡᠰᠦТугул өвсTugul övs

ᠲᠤᠭᠤᠯ ᠡᠪᠡᠰᠦТугул өвсTugul övs

2025-02-16

478

ᠲᠤᠭᠤᠯ ᠡᠪᠡᠰᠦ

    ᠲᠤᠰ ᠡᠮ ᠪᠣᠯ ᠪᠤᠷᠴᠠᠭ ᠤ᠋ᠨ ᠢᠵᠠᠭᠤᠷ ᠤ᠋ᠨ ᠤᠷᠭᠤᠮᠠᠯ ᠪᠣᠯᠬᠤ ᠲᠤᠭᠤᠯ ᠡᠪᠡᠰᠦ ᠶ᠋ᠢᠨ ᠬᠠᠲᠠᠭᠠᠭᠰᠠᠨ ᠦᠨᠳᠦᠰᠦ ᠮᠥᠨ᠃ ᠪᠠᠰᠠ ᠯᠢᠳᠡᠷᠢ ᠭᠡᠳᠡᠭ᠃
    [ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃50 ~ 100cm ᠥᠨᠳᠥᠷ᠂ ᠤᠷᠲᠤ ᠪᠦᠳᠦᠭᠦᠨ ᠪᠥᠭᠡᠷᠡᠩᠬᠡᠢ ᠪᠠᠭᠠᠨ᠎ᠠ ᠬᠡᠯᠪᠡᠷᠢᠲᠦ ᠦᠨᠳᠦᠰᠦ ᠲᠡᠢ᠂ ᠬᠠᠯᠢᠰᠤ ᠨᠢ ᠭᠦᠢᠬᠡᠨ ᠤᠯᠠᠪᠢᠷ ᠰᠢᠷ᠎ᠠ ᠥᠩᠭᠡ ᠲᠡᠢ᠂ ᠮᠠᠰᠢ ᠭᠠᠰᠢᠭᠤᠨ᠃ ᠡᠰᠢ ᠨᠢ ᠰᠢᠯᠤᠭᠤᠨ ᠤᠷᠭᠤᠵᠤ ᠣᠯᠠᠨ ᠰᠠᠯᠠᠭᠠᠯᠠᠨ᠎ᠠ᠃ ᠵᠢᠭᠳᠡ ᠪᠤᠰᠤ ᠭᠤᠯᠳᠤ ᠬᠣᠪᠢᠯ ᠲᠠᠢ᠂ ᠨᠢᠯᠬ᠎ᠠ ᠦᠶᠡᠰ ᠲᠡᠭᠡᠨ ᠲᠠᠷᠠᠮᠠᠭ ᠵᠥᠭᠡᠯᠡᠨ ᠦᠰᠦ ᠲᠡᠢ᠃ ᠰᠣᠨᠳᠣᠭᠣᠢ ᠥᠳᠥᠯᠢᠭ ᠨᠡᠢᠯᠡᠮᠡᠯ ᠨᠠᠪᠴᠢ ᠲᠠᠢ᠂ ᠵᠢᠵᠢᠭ ᠨᠠᠪᠴᠢ ᠨᠢ11 ~ 19 ᠥᠨᠳᠡᠭᠡᠯᠵᠢᠨ ᠲᠣᠭᠣᠷᠢᠭ ᠪᠤᠶᠤ ᠬᠠᠪᠲᠠᠭᠠᠢ ᠲᠡᠪᠡᠨᠡ ᠬᠡᠯᠪᠡᠷᠢ ᠲᠡᠢ᠂2 ~ 4cm ᠤᠷᠲᠤ᠂1 ~ 2cm ᠥᠷᠭᠡᠨ᠂ ᠱᠣᠪᠬᠣ ᠪᠤᠶᠤ ᠮᠤᠬᠤᠷ ᠦᠵᠦᠭᠦᠷ ᠲᠡᠢ᠂ ᠲᠣᠭᠣᠷᠢᠭ ᠪᠤᠶᠤ ᠥᠷᠭᠡᠨ ᠱᠠᠭᠠᠨᠲᠠᠭ ᠤᠭ ᠲᠠᠢ᠂ ᠪᠦᠲᠦᠨ ᠬᠥᠪᠡᠭᠡ ᠲᠡᠢ᠂ ᠨᠠᠪᠴᠢᠨ ᠥᠪᠥᠷ ᠲᠤᠨᠢ ᠦᠰᠦ ᠦᠭᠡᠢ᠂ ᠠᠷᠤ ᠳ᠋ᠤᠨᠢ ᠲᠠᠷᠠᠮᠠᠭ ᠵᠥᠭᠡᠯᠡᠨ ᠦᠰᠦ ᠲᠡᠢ᠃ ᠲᠣᠰᠬᠣᠭᠤᠷ ᠨᠠᠪᠴᠢ ᠨᠢ ᠪᠦᠰᠡ ᠬᠡᠯᠪᠡᠷᠢ ᠲᠡᠢ᠃ ᠴᠠᠴᠤᠭ ᠬᠡᠯᠪᠡᠷᠢᠲᠦ ᠪᠠᠭ ᠴᠡᠴᠡᠭ ᠨᠢ ᠡᠰᠢᠨ ᠦ᠌ ᠣᠷᠣᠢ ᠳ᠋ᠤ᠌ ᠳᠡᠯᠭᠡᠷᠡᠨ᠎ᠡ᠃15 ~ 20cm ᠣᠷᠴᠢᠮ ᠤᠷᠲᠤ᠃ ᠪᠠᠭᠯᠠᠭᠴᠢ ᠢᠯᠲᠠᠰᠤ ᠨᠢ ᠪᠦᠰᠡ ᠬᠡᠯᠪᠡᠷᠢ ᠲᠡᠢ᠂᠂ ᠴᠡᠴᠡᠭ ᠦ᠋ᠨ ᠲᠣᠭᠳᠣᠢ ᠨᠢ ᠬᠤᠩᠬ᠎ᠠ ᠬᠡᠯᠪᠡᠷᠢ ᠲᠡᠢ᠂6 ~ 7mm ᠤᠷᠲᠤ᠃ ᠴᠡᠴᠡᠭ ᠦ᠋ᠨ ᠳᠡᠯᠪᠢ ᠨᠢ ᠡᠷᠪᠡᠬᠡᠢ ᠬᠡᠯᠪᠡᠷᠢ ᠲᠡᠢ᠂ ᠰᠢᠷᠠᠩᠭᠤᠢ ᠥᠩᠭᠡ ᠲᠡᠢ᠂1.5cm ᠣᠷᠴᠢᠮ ᠤᠷᠲᠤ᠂ ᠳᠠᠯᠪᠠᠭ᠎ᠠ ᠬᠡᠯᠲᠡᠰ ᠨᠢ ᠬᠠᠯᠪᠠᠭᠠᠨ ᠬᠡᠯᠪᠡᠷᠢ ᠲᠡᠢ᠂ ᠪᠤᠰᠤᠳ ᠬᠡᠯᠲᠡᠰ ᠡᠴᠡ ᠪᠡᠨ ᠪᠠᠭᠠᠬᠠᠨ ᠤᠷᠲᠤ᠂ ᠰᠡᠯᠢᠭᠦᠷ ᠬᠡᠯᠲᠡᠰ ᠨᠢ ᠴᠢᠬᠢ ᠮᠡᠲᠦ᠃10 ᠡᠷ᠎ᠡ ᠲᠣᠭᠣᠷᠴᠣᠭ ᠨᠢ ᠤᠭ ᠤ᠋ᠨ ᠬᠡᠰᠡᠭ ᠲᠡᠭᠡᠨ ᠨᠡᠢᠯᠡᠵᠦ ᠪᠠᠢᠳᠠᠭ᠃ ᠤᠮᠠᠢ ᠶ᠋ᠢᠨ ᠪᠠᠷᠢᠭᠤᠯ ᠳᠡᠭᠡᠷ᠎ᠡ ᠨᠢ ᠨᠠᠷᠢᠨ ᠦᠰᠦ ᠲᠡᠢ᠃ ᠪᠤᠷᠴᠠᠭ ᠵᠢᠮᠢᠰ ᠨᠢ5 ~ 8cm ᠤᠷᠲᠤ᠂ ᠦᠷ᠎ᠡ ᠶ᠋ᠢᠨ ᠬᠣᠭᠣᠷᠣᠨᠳᠣ ᠪᠠᠨ ᠵᠢᠭᠠᠬᠠᠨ ᠨᠠᠷᠢᠰᠴᠤ ᠢᠯᠡᠬᠡᠨ ᠪᠤᠰᠤ ᠡᠷᠢᠬᠡᠨ ᠬᠡᠯᠪᠡᠷᠢ ᠲᠡᠢ ᠪᠣᠯᠳᠠᠭ᠂ ᠲᠠᠷᠠᠮᠠᠭ ᠣᠬᠣᠷ ᠦᠰᠦ ᠲᠡᠢ᠂ ᠦᠵᠦᠭᠦᠷ  ᠲᠤᠨᠢ ᠤᠷᠲᠤ ᠬᠣᠰᠢᠭᠤ ᠲᠠᠢ᠂ ᠪᠣᠯᠪᠠᠰᠤᠷᠠᠪᠠᠯ ᠭᠦᠨ ᠬᠦᠷᠡᠩ ᠪᠣᠯᠳᠠᠭ᠂3 ~ 7 ᠤᠯᠠᠪᠤᠷ ᠬᠦᠷᠡᠩ ᠪᠥᠮᠪᠥᠭᠡᠯᠢᠭ ᠦᠷ᠎ᠡ ᠲᠡᠢ᠃6 ~ 7 ᠳ᠋ᠤᠭᠠᠷ ᠰᠠᠷ᠎ᠠ ᠳ᠋ᠤ᠌ ᠴᠡᠴᠡᠭᠯᠡᠵᠦ᠂8 ~ 10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
    [ ᠤᠷᠭᠤᠬᠤ ᠣᠷᠴᠢᠨ ᠬᠢᠭᠡᠳ ᠲᠠᠷᠬᠠᠴᠠ] ᠠᠭᠤᠯᠠ ᠶ᠋ᠢᠨ ᠬᠠᠵᠠᠭᠤ ᠶ᠋ᠢᠨ ᠪᠤᠲᠠ ᠰᠥᠭᠡᠭ᠂ ᠲᠡᠭᠰᠢ ᠲᠠᠯ᠎ᠠ᠂ ᠵᠠᠮ ᠤ᠋ᠨ ᠬᠠᠵᠠᠭᠤ᠂ ᠡᠯᠡᠰᠦᠷᠬᠡᠭ ᠭᠠᠵᠠᠷ ᠎ᠲᠤ᠌ ᠤᠷᠭᠤᠨ᠎ᠠ᠃ ᠪᠦᠬᠦ ᠤᠯᠤᠰ ᠎ᠲᠤ᠌ ᠪᠦᠷ ᠲᠠᠷᠬᠠᠴᠠ ᠲᠠᠢ᠃
    [ ᠲᠡᠭᠦᠵᠦ ᠪᠣᠯᠪᠠᠰᠤᠷᠠᠭᠤᠯᠬᠤ] ᠬᠠᠪᠤᠷ᠂ ᠨᠠᠮᠤᠷ ᠦᠨᠳᠦᠰᠦ ᠶ᠋ᠢ ᠨᠢ ᠮᠠᠯᠲᠠᠨ ᠠᠪᠴᠤ᠂ ᠡᠰᠢ ᠮᠥᠴᠢᠷ ᠪᠣᠯᠤᠨ ᠰᠠᠬᠠᠯ ᠦᠨᠳᠦᠰᠦ ᠶ᠋ᠢ ᠨᠢ ᠠᠷᠢᠯᠭᠠᠭᠠᠳ ᠰᠢᠪᠡᠷ ᠰᠢᠷᠣᠢ ᠶ᠋ᠢ ᠨᠢ ᠤᠬᠢᠶᠠᠨ ᠴᠡᠪᠡᠷᠯᠡᠭᠡᠳ ᠨᠠᠷᠠᠨ ᠳ᠋ᠤ᠌ ᠬᠠᠲᠠᠭᠠᠨ᠎ᠠ᠃
    [ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠂ ᠲᠡᠭᠰᠢ ᠴᠢᠨᠠᠷ ᠲᠠᠢ᠂ ᠲᠣᠰᠣᠯᠢᠭ᠂ ᠵᠥᠭᠡᠯᠡᠨ ᠡᠷᠳᠡᠮ ᠲᠡᠢ᠃
    [ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠪᠣᠯᠪᠠᠰᠤᠷᠠᠭᠤᠯᠬᠤ᠂ ᠬᠥᠯᠥᠷᠡᠭᠦᠯᠬᠦ᠂ ᠰᠢᠷ᠎ᠠ ᠤᠰᠤ ᠶ᠋ᠢ ᠬᠠᠲᠠᠭᠠᠬᠤ᠂ ᠮᠠᠬᠠᠪᠣᠳ ᠢ᠋ ᠲᠡᠭᠰᠢᠳᠬᠡᠬᠦ ᠴᠢᠳᠠᠯ ᠲᠠᠢ᠃ ᠭᠣᠣᠯᠳᠠᠭᠤ ᠬᠢᠵᠢᠭ ᠲᠠᠭᠰᠢᠭᠤᠷ᠂ ᠡᠰᠡ ᠪᠣᠯᠪᠠᠰᠤᠷᠠᠭᠰᠠᠨ ᠬᠠᠯᠠᠭᠤᠨ᠂ ᠬᠡᠢ ᠬᠠᠯᠠᠭᠤᠨ᠂ ᠲᠤᠯᠠᠢ᠂ ᠬᠡᠷᠦᠬᠦ᠂ ᠰᠢᠷ᠎ᠠ ᠤᠰᠤᠨ ᠡᠪᠡᠳᠴᠢᠨ᠂ ᠭᠦᠪᠳᠦᠷᠦᠦ ᠶ᠋ᠢ ᠲᠤᠭᠤᠷᠠᠭᠤᠯᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄苦 参
   ᠠᠩᠭ᠌ᠯᠢ ᠨᠡᠷ᠎ᠡ᠄Sophora flauescens AiL

   ᠦᠰᠦᠭ ᠠᠮᠢᠯᠠᠭᠤᠯᠤᠭᠴᠢ᠄ ᠤᠷᠠᠨᠴᠢᠮᠡᠭ
   ᠬᠢᠨᠠᠭᠴᠢ᠄ ᠲᠤᠶᠠᠭ᠎ᠠ