ᠴᠠᠨ᠎ᠠ ᠴᠡᠴᠡᠭ Цана цэцэгTsana tsetseg ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠴᠠᠨ᠎ᠠ ᠴᠡᠴᠡᠭ Цана цэцэгTsana tsetseg

ᠴᠠᠨ᠎ᠠ ᠴᠡᠴᠡᠭ Цана цэцэгTsana tsetseg

2025-02-17

675

ᠴᠠᠨ᠎ᠠ ᠴᠡᠴᠡᠭ

   ᠲᠤᠰ ᠡᠮ ᠪᠣᠯ ᠬᠤᠯᠤᠰᠤᠨ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠴᠠᠨ᠎ᠠ ᠴᠡᠴᠡᠭ ᠦ᠋ᠨ ᠬᠠᠲᠠᠭᠠᠭᠰᠠᠨ ᠦᠨᠳᠦᠰᠦ ᠮᠥᠨ᠃ ᠪᠠᠰᠠ ᠽᠤᠸᠠᠪᠠᠳᠮᠠᠷᠤ ᠭᠡᠳᠡᠭ᠃ 
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃60—80cm ᠥᠨᠳᠥᠷ᠂ ᠦᠰᠦ ᠦᠭᠡᠢ᠂ ᠡᠰᠢᠨ ᠦ᠌ ᠳᠣᠣᠷ᠎ᠠ ᠬᠡᠰᠡᠭ ᠲᠤᠨᠢ ᠬᠣᠶᠠᠷᠲᠠ ᠭᠤᠷᠪᠠᠯᠠᠭᠰᠠᠨ ᠨᠡᠢᠯᠡᠮᠡᠯ ᠨᠠᠪᠴᠢ ᠲᠠᠢ᠃ ᠵᠢᠵᠢᠭ ᠨᠠᠪᠴᠢ ᠨᠢ ᠨᠠᠷᠢᠨ ᠥᠨᠳᠡᠭᠡᠯᠵᠢᠨ ᠬᠠᠪᠲᠠᠭᠠᠢ ᠲᠡᠪᠡᠨᠡ ᠪᠤᠶᠤ ᠵᠤᠤᠪᠠᠩ ᠬᠡᠯᠪᠡᠷᠢ ᠲᠡᠢ᠂7.5—12cm ᠤᠷᠲᠤ᠂ ᠬᠥᠪᠡᠭᠡ ᠪᠡᠷ ᠨᠢ ᠢᠬᠴᠤ ᠮᠥᠭᠡᠷᠰᠦᠯᠢᠭ ᠴᠠᠭᠠᠨ ᠬᠡᠷᠴᠢᠶᠡᠰᠦ ᠲᠡᠢ᠂ ᠨᠠᠪᠴᠢᠨ ᠠᠷᠤ ᠶ᠋ᠢᠨ ᠰᠤᠳᠠᠯ ᠢ᠋ ᠨᠢ ᠳᠠᠭᠠᠭᠠᠳ ᠲᠠᠷᠠᠮᠠᠭ ᠣᠬᠣᠷ ᠵᠥᠭᠡᠯᠡᠨ ᠦᠰᠦ ᠲᠡᠢ᠃ ᠨᠠᠪᠴᠢᠨ ᠪᠠᠷᠢᠭᠤᠯ6—10cm ᠤᠷᠲᠤ᠂ ᠴᠡᠴᠡᠭ ᠨᠢ ᠡᠰᠢᠨ ᠦ᠌ ᠣᠷᠣᠢ ᠪᠤᠶᠤ ᠨᠠᠪᠴᠢᠨ ᠰᠤᠭᠤ ᠳ᠋ᠤ᠌ ᠳᠡᠯᠭᠡᠷᠡᠨ᠎ᠡ᠃ ᠳ᠋ᠢᠶᠠᠮᠧᠲᠷ ᠨᠢ5.5—10cm᠃ ᠪᠠᠭᠯᠠᠭᠴᠢ ᠢᠯᠲᠠᠰᠤ ᠨᠢ3—5. ᠬᠠᠪᠲᠠᠭᠠᠢ ᠲᠡᠪᠡᠨᠡ ᠬᠡᠯᠪᠡᠷᠢ ᠲᠡᠢ᠂3—6.5cm ᠤᠷᠲᠤ᠃4 ᠲᠣᠭᠳᠣᠢ ᠢᠯᠲᠠᠰᠤ ᠲᠠᠢ᠂1.5—2cm ᠤᠷᠲᠤ᠃ ᠴᠡᠴᠡᠭ ᠦ᠋ᠨ ᠳᠡᠯᠪᠢ ᠨᠢ ᠴᠠᠭᠠᠨ ᠪᠤᠶᠤ ᠶᠠᠭᠠᠨ ᠥᠩᠭᠡ ᠲᠡᠢ᠂9—13 ᠬᠡᠯᠲᠡᠰ ᠨᠢ ᠲᠣᠡᠭᠭᠣᠷᠤ ᠥᠨᠳᠡᠭᠡᠯᠵᠢᠨ ᠬᠡᠯᠪᠡᠷᠢ ᠲᠡᠢ᠂2.5—4cm ᠤᠷᠲᠤ᠂1—2.5cm ᠥᠷᠭᠡᠨ᠃ ᠣᠯᠠᠨ ᠡᠷ᠎ᠡ ᠲᠣᠭᠣᠷᠴᠣᠭ ᠲᠠᠢ᠃4—5 ᠤᠮᠠᠢ ᠶ᠋ᠢᠨ ᠬᠠᠯᠢᠰᠤ ᠲᠠᠢ᠂ ᠦᠰᠦ ᠦᠭᠡᠢ᠂ ᠴᠠᠨ᠎ᠠ ᠵᠢᠮᠢᠰ ᠨᠢ ᠥᠷᠭᠡᠨ ᠥᠨᠳᠡᠭᠡᠯᠵᠢᠨ᠂2—3cm ᠥᠷᠭᠡᠨ᠃5—6 ᠳ᠋ᠤᠭᠠᠷ ᠰᠠᠷ᠎ᠠ ᠳ᠋ᠤ᠌ ᠴᠡᠴᠡᠭᠯᠡᠵᠦ᠂7—9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃   
   [ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠷᠬᠠᠭ ᠣᠷᠣᠨ ᠤ᠋ ᠣᠢ ᠶ᠋ᠢᠨ ᠬᠥᠪᠡᠭᠡ ᠶ᠋ᠢᠨ ᠪᠡᠯᠴᠢᠭᠡᠷ ᠪᠣᠯᠤᠨ ᠣᠢ ᠳᠣᠲᠣᠷ᠎ᠠ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠣᠢᠲᠤ ᠣᠷᠣᠨ᠂ ᠪᠠᠷᠠᠭᠤᠨ ᠡᠮᠦᠨᠡᠲᠦ ᠣᠷᠣᠨ᠂ ᠳᠤᠮᠳᠠᠳᠤ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠬᠠᠪᠤᠷ᠂ ᠨᠠᠮᠤᠷ ᠦᠨᠳᠦᠰᠦ ᠶ᠋ᠢ ᠨᠢ ᠮᠠᠯᠲᠠᠨ ᠠᠪᠴᠤ ᠤᠬᠢᠶᠠᠨ ᠴᠡᠪᠡᠷᠯᠡᠭᠡᠳ᠂ ᠬᠡᠷᠴᠢᠵᠦ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠢᠰᠬᠦᠯᠡᠩ᠂ ᠭᠠᠰᠢᠭᠤᠨ᠂ ᠠᠮᠲᠠ ᠲᠠᠢ᠃ ᠰᠡᠷᠢᠭᠦᠨ ᠴᠢᠨᠠᠷ ᠲᠠᠢ᠃ 
   [ ᠴᠢᠳᠠᠯ ᠪᠠ ᠭᠣᠣᠯᠳᠠᠭᠤ ᠵᠠᠰᠠᠬᠤ] ᠴᠢᠰᠤᠨ ᠬᠠᠯᠠᠭᠤᠨ ᠢ᠋ ᠠᠷᠢᠯᠭᠠᠬᠤ᠂ ᠪᠥᠭᠡᠮᠨᠡᠷᠡᠭᠰᠡᠨ ᠮᠠᠭᠤ ᠴᠢᠰᠤ ᠶ᠋ᠢ ᠲᠠᠷᠬᠠᠭᠠᠬᠤ᠂ ᠡᠪᠡᠳᠬᠦ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠭᠤ ᠴᠢᠰᠤ ᠪᠦᠷᠢᠯᠳᠦᠭᠰᠡᠨ᠂ ᠰᠠᠷ᠎ᠠ ᠶ᠋ᠢᠨ ᠭᠬᠢᠷ ᠬᠣᠷᠢᠬᠲᠤᠭᠰᠠᠨ᠂ ᠰᠠᠷ᠎ᠠ ᠶ᠋ᠢᠨ ᠭᠬᠢᠷ ᠲᠡᠭᠰᠢ ᠦᠭᠡᠢ᠂ ᠤᠮᠠᠢ ᠶ᠋ᠢᠨ ᠪᠡᠲᠡᠭᠢ ᠵᠡᠷᠭᠡ ᠡᠪᠡᠳᠴᠢᠨ ᠢ᠋ ᠵᠠᠰᠠᠬᠤ ᠳ᠋ᠤ᠌ ᠬᠡᠷᠡᠭᠯᠡᠨ᠎ᠡ᠃

     ᠬᠢᠲᠠᠳ ᠨᠡᠷ᠎ᠡ᠄ 芍药 
     ᠠᠩᠭ᠌ᠯᠢ ᠨᠡᠷ᠎ᠡ᠄Paeonia lactiflora Pall. 

   ᠦᠰᠦᠭ ᠠᠮᠢᠯᠠᠭᠤᠯᠤᠭᠴᠢ᠄ ᠪᠣᠷᠣᠨᠤᠳ· ᠴᠢᠮᠡᠭ 
   ᠬᠢᠨᠠᠭᠴᠢ᠄ ᠲᠤᠶᠠᠭ᠎ᠠ ᠤᠷᠠᠨᠴᠢᠮᠡᠭ