ᠴᠠᠭᠠᠨ ᠪᠠᠯᠴᠢᠷᠭᠠᠨ᠎ᠠЦагаан балчиргана Tsagaan balchirgana ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠴᠠᠭᠠᠨ ᠪᠠᠯᠴᠢᠷᠭᠠᠨ᠎ᠠЦагаан балчиргана Tsagaan balchirgana

ᠴᠠᠭᠠᠨ ᠪᠠᠯᠴᠢᠷᠭᠠᠨ᠎ᠠЦагаан балчиргана Tsagaan balchirgana

2025-02-20

494

ᠴᠠᠭᠠᠨ ᠪᠠᠯᠴᠢᠷᠭᠠᠨ᠎ᠠ 

   ᠲᠤᠰ ᠡᠮ ᠪᠣᠯ ᠰᠢᠬᠦᠷ ᠬᠡᠯᠪᠡᠷᠢᠲᠦ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠳᠠᠪᠬᠤᠷ ᠠᠷᠠᠭᠠᠲᠤ ᠦᠰᠦᠲᠦ ᠳ᠋ᠠᠩᠭᠦᠨ ᠦ᠌ ᠬᠠᠲᠠᠭᠠᠭᠰᠠᠨ ᠦᠨᠳᠦᠰᠦ ᠪᠠ ᠦᠨᠳᠦᠰᠦᠯᠢᠭ ᠡᠰᠢ ᠮᠥᠨ᠃ ᠪᠠᠰᠠ ᠪᠦᠷᠦᠮ᠎ᠠ᠂ ᠪᠦᠷᠦᠭᠠᠷ᠂  ᠪᠠᠯᠴᠢᠷᠭᠠᠨ᠎ᠠ ᠭᠡᠳᠡᠭ᠃
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃ ᠡᠰᠢ ᠨᠢ ᠰᠢᠯᠤᠭᠤᠨ᠂ ᠪᠣᠷᠣᠪᠲᠤᠷ ᠲᠤᠶᠠᠭ᠎ᠠ ᠲᠠᠢ᠂ ᠭᠤᠯᠳᠤ ᠬᠣᠪᠢᠯ ᠠᠷᠲᠠᠢ᠃ ᠢᠵᠠᠭᠤᠷ ᠤ᠋ᠨ ᠨᠠᠪᠴᠢ ᠪᠣᠯᠤᠨ ᠡᠰᠢᠨ ᠦ᠌ ᠳᠣᠣᠷᠠᠲᠤ ᠬᠡᠰᠡᠭ ᠦ᠋ᠨ ᠨᠠᠪᠴᠢ ᠨᠢ ᠨᠠᠷᠢᠨ ᠤᠷᠲᠤ ᠪᠠᠷᠢᠭᠤᠯ ᠲᠠᠢ᠂ ᠤᠭ ᠨᠢ ᠥᠷᠭᠡᠨ ᠲᠣᠭᠳᠣᠢ ᠪᠣᠯᠳᠠᠭ᠂ ᠬᠠᠯᠢᠰᠤᠯᠢᠭ ᠬᠥᠪᠡᠭᠡ ᠲᠡᠢ᠂ ᠨᠠᠪᠴᠢᠨ ᠢᠯᠲᠠᠰᠤ ᠨᠢ ᠥᠨᠳᠡᠭᠡᠯᠵᠢᠨ ᠪᠥᠭᠡᠷᠡᠩᠬᠡᠢ ᠬᠡᠯᠪᠡᠷᠢ ᠲᠡᠢ᠃ ᠬᠣᠶᠠᠷ ᠤᠳᠠᠭ᠎ᠠ ᠭᠤᠷᠪᠠᠯᠠᠭᠰᠠᠨ ᠥᠳᠥᠯᠢᠭ ᠨᠡᠢᠯᠡᠮᠡᠯ ᠨᠠᠪᠴᠢ ᠲᠠᠢ᠂ ᠵᠢᠵᠢᠭ ᠢᠯᠲᠠᠰᠤ ᠨᠢ3 ᠣᠨᠢ ᠲᠠᠢ᠂ ᠡᠴᠦᠰ ᠦ᠋ᠨ ᠰᠡᠵᠢᠬᠦᠢ ᠢᠯᠲᠠᠰᠤ ᠨᠢ ᠤᠷᠲᠤᠯᠵᠢᠨ ᠲᠣᠭᠣᠷᠢᠭ᠂4—8cm ᠤᠷᠲᠤ᠂2—3cm ᠣᠷᠴᠢᠮ ᠥᠷᠭᠡᠨ᠂ ᠱᠣᠪᠲᠣᠭᠣᠷ ᠦᠵᠦᠭᠦᠷ ᠲᠡᠢ᠂ ᠱᠠᠭᠠᠨᠲᠠᠭ ᠪᠤᠶᠤ ᠲᠣᠭᠣᠷᠢᠭ ᠤᠭ ᠲᠠᠢ᠂ ᠵᠢᠭᠳᠡᠬᠡᠨ ᠳᠠᠪᠬᠤᠷ ᠠᠷᠠᠭᠠᠲᠤ ᠬᠥᠪᠡᠭᠡ ᠲᠡᠢ᠂ ᠬᠣᠶᠠᠷ ᠲᠠᠯ᠎ᠠ ᠳ᠋ᠤᠨᠢ ᠪᠦᠷ ᠣᠬᠣᠷ ᠵᠥᠭᠡᠯᠡᠨ ᠦᠰᠦ ᠲᠡᠢ ᠂ ᠡᠰᠢᠨ ᠦ᠌ ᠳᠡᠭᠡᠳᠦ ᠬᠡᠰᠡᠭ ᠦ᠋ᠨ ᠨᠠᠪᠴᠢ ᠨᠢ ᠴᠣᠮᠬᠠᠨ ᠪᠣᠯᠵᠤ ᠲᠣᠮᠣᠷᠠᠭᠠᠳ ᠨᠠᠪᠴᠢᠨ ᠲᠣᠭᠳᠣᠢ ᠪᠣᠯᠳᠠᠭ᠃ ᠨᠡᠢᠯᠡᠮᠡᠯ ᠰᠢᠭᠦᠷ ᠬᠡᠯᠪᠡᠷᠢᠲᠦ ᠪᠠᠭ ᠴᠡᠴᠡᠭ ᠨᠢ ᠡᠰᠢᠨ ᠦ᠌ ᠣᠷᠣᠢ ᠪᠤᠶᠤ ᠬᠠᠵᠠᠭᠤ ᠳ᠋ᠤᠨᠢ ᠳᠡᠯᠭᠡᠷᠡᠨ᠎ᠡ᠃ ᠶᠡᠷᠦᠩᠬᠡᠢ ᠪᠠᠭᠯᠠᠭᠴᠢ ᠢᠯᠲᠠᠰᠤ ᠦᠭᠡᠢ᠂ ᠰᠢᠭᠦᠷᠯᠢᠭ ᠴᠡᠴᠡᠭ ᠦ᠋ᠨ ᠪᠠᠷᠢᠭᠤᠯ10—25 ᠪᠣᠢ᠂ ᠤᠷᠲᠤ ᠨᠢ ᠠᠳᠠᠯᠢ ᠦᠭᠡᠢ᠂ ᠣᠬᠣᠷ ᠵᠥᠭᠡᠯᠡᠨ ᠰᠢᠷ᠎ᠠ ᠦᠰᠦ ᠨᠢᠭ ᠪᠦᠷᠬᠦᠵᠦ ᠪᠣᠢ᠃ ᠵᠢᠵᠢᠭ ᠰᠢᠬᠦᠷ ᠬᠡᠯᠪᠡᠷᠢᠲᠦ ᠪᠠᠭ ᠴᠡᠴᠡᠭ ᠨᠢ15—30 ᠬᠦᠢᠰ᠂ ᠵᠢᠵᠢᠭ ᠶᠡᠷᠦᠩᠬᠡᠢ ᠪᠠᠭᠯᠠᠭᠴᠢ ᠢᠯᠲᠠᠰᠤ5—8 ᠪᠣᠢ᠂ ᠬᠠᠪᠲᠠᠭᠠᠢ ᠲᠡᠪᠡᠨᠡ ᠬᠡᠯᠪᠡᠷᠢ ᠲᠡᠢ᠂ ᠴᠠᠭᠠᠨ ᠥᠩᠭᠡ ᠲᠡᠢ᠂ ᠲᠣᠭᠳᠣᠢ ᠶ᠋ᠢᠨ ᠰᠡᠵᠢᠭᠦᠷ ᠨᠢ ᠣᠬᠣᠷ ᠭᠤᠷᠪᠠᠯᠵᠢᠨ ᠬᠡᠯᠪᠡᠷᠢ ᠲᠡᠢ᠃ ᠴᠡᠴᠡᠭ ᠦ᠋ᠨ ᠬᠡᠯᠲᠡᠰ ᠨᠢ5᠂ ᠢᠵᠢᠯ ᠲᠣᠮᠣ᠂ ᠥᠷᠭᠡᠨ ᠥᠨᠳᠡᠭᠡᠯᠵᠢᠨ ᠬᠡᠯᠪᠡᠷᠢ ᠲᠡᠢ᠂ ᠱᠣᠪᠬᠣ ᠦᠵᠦᠭᠦᠷ ᠲᠡᠢ᠂ ᠳᠣᠲᠣᠭᠰᠢ ᠪᠠᠨ ᠨᠤᠭᠤᠷᠠᠨ᠎ᠠ᠃5 ᠡᠷ᠎ᠡ ᠲᠣᠭᠣᠷᠴᠣᠭ ᠲᠠᠢ᠂ ᠳᠣᠬᠢᠭᠤᠷ ᠨᠢ ᠳᠣᠲᠣᠭᠰᠢ ᠪᠠᠨ ᠮᠤᠷᠤᠢ᠂ ᠤᠮᠠᠢ ᠨᠢ ᠳᠣᠣᠷᠠᠲᠤ ᠣᠷᠣᠨ ᠲᠠᠢ᠃ ᠬᠣᠣᠰ ᠳᠡᠭᠦᠵᠢᠩ ᠵᠢᠮᠢᠰ ᠦ᠋ᠨ ᠠᠷᠤ ᠨᠢ ᠲᠡᠭᠰᠢᠬᠡᠨ᠂ ᠤᠷᠲᠤᠯᠵᠢᠨ ᠲᠣᠭᠣᠷᠢᠭ ᠬᠡᠯᠪᠡᠷᠢ ᠲᠡᠢ᠂ ᠬᠣᠲᠣᠢᠭᠰᠠᠨ ᠤᠭ ᠲᠠᠢ᠂ ᠠᠷᠤ ᠢᠷᠮᠡᠭ ᠪᠠ ᠭᠣᠣᠯ ᠢᠷᠮᠡᠭ ᠨᠢ ᠪᠦᠰᠡ ᠬᠡᠯᠪᠡᠷᠢ ᠲᠡᠢ ᠭᠦᠷᠪᠡᠢᠨ᠎ᠡ᠂ ᠬᠠᠵᠠᠭᠤ ᠢᠷᠮᠡᠭ ᠨᠢ ᠳᠠᠯᠠᠪᠴᠢ ᠰᠢᠭ᠂ ᠬᠤᠪᠢᠶᠠᠷᠢ ᠵᠢᠮᠢᠰ ᠦ᠋ᠨ ᠬᠣᠪᠢᠯ ᠳᠣᠲᠣᠷ᠎ᠠ ᠨᠢ1—4 ᠲᠣᠰᠣᠨ ᠴᠣᠷᠭᠣ ᠲᠠᠢ᠂ ᠠᠭᠤᠯᠵᠠᠷ ᠲᠤᠨᠢ4—5 ᠲᠣᠰᠣᠨ ᠴᠣᠷᠭᠣ ᠲᠠᠢ᠃7—9 ᠳ᠋ᠦ᠍ᠭᠡᠷ ᠰᠠᠷ᠎ᠠ ᠳ᠋ᠤ᠌ ᠴᠡᠴᠡᠭᠯᠡᠵᠦ᠂9—10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠰᠡᠭᠦᠳᠡᠷᠯᠢᠭ ᠴᠢᠭᠢᠭᠲᠡᠢ ᠠᠭᠤᠯᠠᠨ ᠬᠠᠵᠠᠭᠤ᠂ ᠣᠢ ᠶ᠋ᠢᠨ ᠳᠣᠣᠷᠠᠬᠢ ᠡᠪᠡᠰᠦᠨ ᠳᠤᠮᠳᠠ ᠪᠤᠶᠤ ᠰᠡᠢᠷᠡᠭ ᠪᠤᠲᠠ ᠮᠣᠳᠣᠨ ᠳᠤᠮᠳᠠ ᠤᠷᠭᠤᠨ᠎ᠠ᠃ ᠰᠧᠴᠤᠸᠠᠨ᠂ ᠬᠤᠪᠧᠢ᠂ ᠱᠠᠨᠰᠢ᠂ ᠵᠢᠶᠠᠩᠰᠢ᠂ ᠠᠨᠾᠥ᠋ᠢ᠂ ᠵᠧᠵᠢᠶᠠᠩ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] 4—10 ᠳ᠋ᠤᠭᠠᠷ ᠰᠠᠷ᠎ᠠ ᠶ᠋ᠢᠨ ᠬᠣᠭᠣᠷᠣᠨᠳᠣ ᠦᠨᠳᠦᠰᠦ ᠪᠠ ᠦᠨᠳᠦᠰᠦᠯᠢᠭ ᠡᠰᠢ ᠶ᠋ᠢ ᠨᠢ ᠮᠠᠯᠲᠠᠨ ᠠᠪᠴᠤ ᠡᠰᠢ᠂ ᠨᠠᠪᠴᠢ᠂ ᠵᠢᠴᠢ ᠰᠢᠪᠠᠷ ᠰᠢᠷᠣᠢ ᠶ᠋ᠢ ᠨᠢ ᠠᠷᠢᠯᠭᠠᠭᠠᠳ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ᠂ ᠭᠤᠱᠤᠭᠤᠨ ᠠᠮᠲᠠ ᠲᠠᠢ᠃ ᠪᠦᠯᠢᠶᠡᠨ ᠴᠢᠨᠠᠷ ᠲᠠᠢ᠃
   [ ᠴᠢᠳᠠᠯ ᠪᠠ ᠭᠣᠣᠯᠳᠠᠭᠤ ᠵᠠᠰᠠᠬᠤ] ᠨᠢᠶᠠᠨ ᠬᠣᠷᠣᠬᠠᠢ ᠶ᠋ᠢ ᠨᠢᠲᠤᠯᠬᠤ᠂ ᠴᠢᠰᠤ ᠶ᠋ᠢ ᠵᠣᠭᠰᠣᠭᠠᠬᠤ᠂ ᠡᠪᠡᠳᠬᠦ ᠶ᠋ᠢ ᠵᠣᠭᠰᠣᠭᠠᠬᠤ᠂ ᠬᠠᠷ᠎ᠠ ᠰᠢᠷ᠎ᠠ ᠤᠰᠤ ᠶ᠋ᠢ ᠬᠠᠲᠠᠭᠠᠬᠤ ᠴᠢᠳᠠᠯ ᠲᠠᠢ᠃ ᠭᠣᠣᠯᠳᠠᠭᠤ ᠪᠣᠭᠣᠮ᠎ᠠ ᠬᠠᠪᠤᠳᠠᠷ᠂ ᠨᠢᠶᠠᠨ ᠬᠢᠵᠢᠭ᠂ ᠰᠠᠬᠤᠤ ᠪᠣᠭᠣᠮ᠎ᠠ᠂ ᠡᠯ᠎ᠡ ᠵᠦᠢᠯ ᠦ᠋ᠨ ᠴᠢᠰᠤ ᠭᠠᠷᠬᠤ ᠡᠪᠡᠳᠴᠢᠨ᠂ ᠥᠮᠡᠨ ᠡᠪᠡᠳᠴᠢᠨ ᠢ᠋ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄独活(重齿毛当归)
   ᠠᠩᠭ᠌ᠯᠢ ᠨᠡᠷ᠎ᠡ᠄Angelica biserrata

   ᠦᠰᠦᠭ ᠠᠮᠢᠯᠠᠭᠤᠯᠤᠭᠴᠢ᠄ ᠪᠣᠷᠣᠨᠤᠳ᠂ ᠴᠢᠮᠡᠭ
   ᠬᠢᠨᠠᠭᠴᠢ᠄ ᠲᠤᠶᠠᠭ᠎ᠠ