ᠴᠠᠭᠠᠨ ᠬᠣᠣᠷЦагаан хорTsagaan khor
ᠴᠠᠭᠠᠨ ᠬᠣᠣᠷ
ᠲᠤᠰ ᠡᠮ ᠪᠣᠯ ᠰᠠᠷᠠᠨ᠎ᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠰᠢᠪᠢᠷᠢ ᠴᠠᠭᠠᠨ ᠬᠣᠣᠷ ᠤ᠋ᠨ ᠬᠠᠲᠠᠭᠠᠭᠰᠠᠨ ᠦᠨᠳᠦᠰᠦᠯᠢᠭ ᠡᠰᠢ ᠮᠥᠨ᠃ ᠪᠠᠰᠠ ᠷᠠᠨᠢ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃ ᠦᠨᠳᠦᠰᠦᠯᠢᠭ ᠡᠰᠢ ᠨᠢ ᠮᠢᠬᠠᠯᠢᠭ ᠲᠣᠮᠣ ᠪᠥᠭᠡᠷᠡᠩᠬᠡᠢ ᠪᠠᠭᠠᠨ᠎ᠠ ᠬᠡᠯᠪᠡᠷᠢ ᠲᠡᠢ᠃ ᠵᠠᠩᠭᠢᠶᠠᠰᠤ ᠶ᠋ᠢᠨ ᠬᠡᠰᠡᠭ ᠲᠡᠭᠡᠨ ᠲᠤᠨᠤᠷᠠᠭᠠᠳ ᠦᠶ᠎ᠡ ᠶ᠋ᠢᠨ ᠵᠠᠢ ᠶ᠋ᠢᠨ ᠬᠣᠭᠣᠷᠣᠨᠳᠣᠬᠢ ᠨᠢᠭᠡ ᠦᠵᠦᠭᠦᠷ ᠨᠢ ᠪᠦᠳᠦᠭᠦᠨ᠂ ᠨᠥᠭᠦᠭᠡ ᠦᠵᠦᠭᠦᠷ ᠨᠢ ᠨᠠᠷᠢᠨ ᠪᠣᠯᠵᠤ᠂ ᠪᠦᠳᠦᠭᠦᠨ ᠦᠵᠦᠭᠦᠷ ᠲᠤᠨᠢ ᠰᠠᠯᠠᠭ᠎ᠠ ᠭᠠᠷᠳᠠᠭ᠂ ᠳ᠋ᠢᠶᠠᠮᠧᠲ᠋ᠷ ᠨᠢ1~2cm᠂ ᠰᠢᠷᠠᠩᠭᠤᠢ ᠥᠩᠭᠡ ᠲᠡᠢ᠂ ᠡᠰᠢ ᠨᠢ ᠰᠢᠯᠤᠭᠤᠨ᠂50~90cm ᠥᠨᠳᠥᠷ᠂ ᠪᠠᠷᠢᠭᠤᠯ ᠦᠭᠡᠢ ᠨᠠᠪᠴᠢ ᠲᠠᠢ᠃4~6 ᠪᠠᠷ ᠳᠤᠭᠤᠢᠷᠠᠨ ᠤᠷᠭᠤᠨ᠎ᠠ᠃ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂8~15cm ᠤᠷᠲᠤ᠂4~14mm ᠥᠷᠭᠡᠨ᠂ ᠣᠷᠢᠶᠠᠩᠭᠤ ᠰᠢᠭ᠋ ᠮᠠᠬᠢᠷ ᠦᠵᠦᠭᠦᠷ ᠲᠡᠢ᠂ ᠱᠠᠭᠠᠳᠠᠭ ᠪᠤᠶᠤ ᠲᠣᠭᠣᠷᠢᠭ ᠤᠭ ᠲᠠᠢ᠃ ᠴᠠᠴᠤᠭ ᠬᠡᠯᠪᠡᠷᠢᠲᠦ ᠪᠠᠭ ᠴᠡᠴᠡᠭ ᠨᠢ ᠨᠠᠪᠴᠢᠨ ᠤ᠋ ᠥᠪᠥᠷ ᠡᠴᠡ ᠤᠷᠭᠤᠨ᠎ᠠ᠃2~4 ᠬᠦᠢᠰ ᠵᠢᠵᠢᠭ ᠴᠡᠴᠡᠭ ᠨᠢ ᠤᠨᠵᠢᠢᠵᠤ ᠳᠡᠯᠭᠡᠷᠡᠨ᠎ᠡ᠂ ᠴᠡᠴᠡᠭ ᠦ᠋ᠨ ᠶᠡᠷᠦᠩᠬᠡᠢ ᠪᠠᠷᠢᠭᠤᠯ ᠨᠢ1~2.5cm ᠤᠷᠲᠤ᠂ ᠵᠢᠵᠢᠭ ᠴᠡᠴᠡᠭ ᠦ᠋ᠨ ᠪᠠᠷᠢᠭᠤᠯ ᠨᠢ4~10mmᠤᠷᠲᠤ᠃ ᠴᠡᠴᠡᠭ ᠦ᠋ᠨ ᠪᠠᠷᠢᠭᠤᠯ ᠤ᠋ᠨ ᠤᠭ ᠲᠤ᠌ ᠴᠠᠭᠠᠨ ᠬᠠᠯᠢᠰᠤᠯᠢᠭ ᠪᠠᠭᠯᠠᠭᠴᠢ ᠲᠠᠢ᠂ ᠪᠦᠰᠡᠯᠢᠭ ᠬᠠᠪᠲᠠᠭᠠᠢ ᠲᠡᠪᠡᠨᠡ ᠪᠤᠶᠤ ᠦᠷᠦᠮ ᠬᠡᠯᠪᠡᠷᠢ ᠲᠡᠢ᠂2~4mm4 ᠤᠷᠲᠤ᠂ ᠨᠢᠭᠡ ᠰᠤᠳᠠᠯ ᠲᠠᠢ᠃ ᠴᠡᠴᠡᠭ ᠦ᠋ᠨ ᠰᠢᠳᠠᠷ ᠨᠢ ᠰᠦᠨ ᠴᠠᠭᠠᠨ ᠠ᠋ᠴᠠ ᠰᠢᠷᠠᠩᠭᠤᠢ᠂ ᠪᠦᠬᠦ ᠤᠷᠲᠤ ᠨᠢ9~12mm᠂ ᠣᠷᠣᠢ ᠳ᠋ᠤᠨᠢ6 ᠰᠡᠵᠢᠭᠦᠷ ᠲᠡᠢ᠂ ᠰᠡᠵᠢᠭᠦᠷ ᠢᠯᠲᠠᠰᠤ ᠨᠢ3mm ᠰᠢᠬᠠᠮ ᠤᠷᠲᠤ᠂ ᠴᠡᠴᠡᠭ ᠦ᠋ᠨ ᠰᠢᠳᠠᠷ ᠤ᠋ᠨ ᠬᠣᠭᠣᠯᠠᠢ ᠶ᠋ᠢᠨ ᠳᠤᠮᠳᠠ ᠬᠡᠰᠡᠭ ᠨᠢ ᠠᠪᠴᠢᠭᠰᠠᠨ ᠪᠠᠢᠳᠠᠭ᠃6 ᠡᠷ᠎ᠡ ᠲᠣᠭᠣᠷᠴᠣᠭ ᠲᠠᠢ᠂ ᠳᠣᠬᠢᠭᠤᠷ ᠨᠢ ᠮᠠᠰᠢ ᠣᠬᠣᠷ᠂ ᠴᠡᠴᠡᠭ ᠦ᠋ᠨ ᠰᠢᠳᠠᠷ ᠤ᠋ᠨ ᠬᠣᠭᠣᠯᠠᠢ ᠶ᠋ᠢᠨ ᠳᠡᠭᠡᠷ᠎ᠡ ᠬᠡᠰᠡᠭ ᠲᠦ᠍ ᠪᠠᠢᠷᠢᠯᠠᠵᠤ ᠪᠣᠢ᠃ ᠲᠣᠭᠣᠰᠣᠪᠴᠢ ᠨᠢ2~3mm ᠤᠷᠲᠤ᠃ ᠤᠮᠠᠢ ᠨᠢ3mm ᠰᠢᠬᠠᠮ ᠤᠷᠲᠤ᠃ ᠴᠡᠴᠡᠭ ᠦ᠋ᠨ ᠪᠠᠭᠠᠨ᠎ᠠ ᠨᠢ4~5mm ᠤᠷᠲᠤ᠂ ᠰᠢᠭᠦᠰᠦᠯᠢᠭ ᠵᠢᠮᠢᠰ ᠨᠢ ᠪᠥᠮᠪᠦᠭᠡᠨ ᠬᠡᠯᠪᠡᠷᠢ ᠲᠡᠢ᠂ ᠪᠣᠯᠪᠠᠰᠤᠷᠠᠪᠠᠯ ᠬᠠᠷ᠎ᠠ ᠪᠣᠯᠳᠠᠭ᠃4~7 ᠮᠥᠬᠥᠯᠢᠭ ᠬᠦᠷᠡᠩ ᠪᠥᠭᠡᠷᠡᠩᠬᠡᠢ ᠦᠷ᠎ᠡ ᠲᠡᠢ᠃5~6 ᠳ᠋ᠤᠭᠠᠷ ᠰᠠᠷ᠎ᠠ ᠳ᠋ᠤ᠌ ᠴᠡᠴᠡᠭᠯᠡᠵᠦ᠂6~7 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠠᠲᠠᠷ ᠠᠭᠤᠯᠠ ᠶ᠋ᠢᠨ ᠬᠠᠵᠠᠭᠤ᠂ ᠠᠭᠤᠯᠠ ᠶ᠋ᠢᠨ ᠬᠣᠯᠢᠮᠠᠭ ᠣᠢ ᠪᠤᠶᠤ ᠪᠤᠲᠠ ᠰᠥᠭᠡᠭ ᠦ᠋ᠨ ᠬᠥᠪᠡᠭᠡ ᠪᠡᠷ ᠤᠷᠭᠤᠨ᠎ᠠ᠃ ᠵᠡᠭᠦᠨ ᠬᠣᠢᠲᠤ ᠣᠷᠣᠨ᠂ ᠥᠪᠥᠷ ᠮᠣᠩᠭᠣᠯ᠂ ᠾᠧᠪᠧᠢ᠂ ᠾᠧᠨᠠᠨ᠂ ᠱᠠᠨᠰᠢ᠂ ᠱᠠᠨ ᠰᠢ᠂ ᠱᠠᠨᠳᠦ᠋ᠩ᠂ ᠵᠢᠶᠠᠩᠰᠦ ᠵᠡᠷᠭᠡ ᠮᠣᠵᠢ ᠣᠷᠣᠨ ᠳ᠋ᠤ᠌ ᠲᠠᠷᠬᠠᠴᠠ ᠲᠠᠢ᠃i
[ ᠲᠡᠭᠦᠵᠦ ᠪᠣᠯᠪᠠᠰᠤᠷᠠᠭᠤᠯᠬᠤ] ᠨᠠᠮᠤᠷ ᠦᠨᠳᠦᠰᠦᠯᠢᠭ ᠡᠰᠢ ᠶ᠋ᠢ ᠨᠢ ᠮᠠᠯᠲᠠᠨ ᠠᠪᠴᠤ ᠰᠠᠬᠠᠯ ᠦᠨᠳᠦᠰᠦ᠂ ᠰᠢᠪᠡᠷ ᠰᠢᠷᠣᠢ ᠶ᠋ᠢ ᠨᠢ ᠠᠷᠢᠯᠭᠠᠵᠤ ᠬᠠᠶᠠᠭᠠᠳ ᠵᠢᠩᠨᠡᠵᠦ᠂ ᠲᠣᠰᠣᠯᠢᠭ ᠵᠥᠭᠡᠯᠡᠨ ᠪᠣᠯᠬᠤ ᠦᠶ᠎ᠡ ᠳ᠋ᠦ᠍ ᠭᠠᠷᠭᠠᠵᠤ᠂ ᠨᠠᠷᠠᠨ ᠳ᠋ᠤ᠌ ᠬᠠᠲᠠᠭᠠᠬᠤ ᠪᠤᠶᠤ ᠬᠠᠭᠰᠠᠭᠠᠵᠤ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠠᠮᠲᠠᠯᠢᠭ᠂ ᠡᠬᠡᠭᠦᠨ᠂ ᠭᠠᠰᠢᠭᠤᠨ ᠠᠮᠲᠠ ᠲᠠᠢ᠃ ᠪᠦᠯᠢᠶᠡᠨ ᠴᠢᠨᠠᠷ ᠲᠠᠢ᠂ ᠬᠥᠩᠭᠡᠨ᠂ ᠬᠠᠭᠤᠷᠠᠢ᠂ ᠡᠶᠡᠯᠳᠡᠭ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠰᠢᠮᠡᠵᠢᠭᠦᠯᠬᠦ᠂ᠬᠦᠴᠦᠵᠢᠭᠦᠯᠬᠦ᠂ ᠬᠣᠳᠣᠭᠣᠳᠣᠨ ᠤ᠋ ᠢᠯᠴᠢ ᠶ᠋ᠢ ᠰᠡᠯᠪᠢᠬᠦ᠂ ᠳᠤᠷ᠎ᠠ ᠶ᠋ᠢ ᠨᠡᠭᠡᠭᠡᠬᠦ᠂ ᠪᠠᠳᠬᠠᠨ ᠢ᠋ ᠠᠷᠢᠯᠭᠠᠬᠤ᠂ ᠥᠭᠡᠷᠢ ᠬᠠᠲᠠᠭᠠᠬᠤ᠂ ᠰᠢᠷ᠎ᠠ ᠤᠰᠤ ᠶ᠋ᠢ ᠠᠷᠢᠯᠭᠠᠬᠤ ᠴᠢᠳᠠᠯ ᠲᠠᠢ᠃ ᠲᠠᠮᠢᠷ ᠳᠣᠷᠣᠢᠳᠠᠭᠰᠨ᠂ ᠬᠣᠳᠣᠭᠣᠳᠣᠨ ᠤ᠋ ᠬᠦᠢᠲᠡᠨ᠂ ᠡᠰᠡ ᠰᠢᠩᠭᠡᠭᠰᠡᠨ᠂᠂ ᠰᠢᠷ᠎ᠠ ᠤᠰᠤᠨ ᠡᠪᠡᠳᠴᠢᠨ᠂ ᠪᠠᠳᠭ᠋ᠠᠨ ᠡᠪᠡᠳᠴᠢᠨ᠂ ᠳᠤᠰᠤᠯ ᠠᠯᠳᠠᠬᠤ᠂ ᠡᠷ᠎ᠡ ᠪᠡᠯᠭᠡ ᠰᠤᠯᠠᠷᠠᠭᠰᠠᠨ ᠢ᠋ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄黄精
ᠠᠩᠭ᠌ᠯᠢ ᠨᠡᠷ᠎ᠡ᠄Polygonatum sibiricum Delar. ex Redoute
ᠦᠰᠦᠭ ᠠᠮᠢᠯᠠᠭᠤᠯᠤᠭᠴᠢ᠄ ᠲᠤᠶᠠᠭ᠎ᠠ
