ᠳᠡᠯᠡᠬᠡᠢ ᠶ᠋ᠢᠨ ᠡᠬᠡ ᠬᠡᠯᠡᠨ ᠦ᠌ ᠡᠳᠦᠷ ᠦ᠋ᠨ ᠢᠷᠡᠯᠲᠡ—2 ᠰᠠᠷ᠎ᠠ ᠶ᠋ᠢᠨ21Дэлхийн эх хэлний өдрийн ирэлт


ᠳᠡᠯᠡᠬᠡᠢ ᠶ᠋ᠢᠨ ᠡᠬᠡ ᠬᠡᠯᠡᠨ ᠦ᠌ ᠡᠳᠦᠷ ᠦ᠋ᠨ ᠢᠷᠡᠯᠲᠡ—2 ᠰᠠᠷ᠎ᠠ ᠶ᠋ᠢᠨ21
1999 ᠣᠨ ᠤ᠋11 ᠳ᠋ᠦ᠍ᠭᠡᠷ ᠰᠠᠷ᠎ᠠ ᠳ᠋ᠤ᠌᠂ ᠣᠯᠠᠨ ᠤᠯᠤᠰ ᠤ᠋ᠨ ᠬᠣᠯᠪᠣᠭᠠᠲᠤ ᠪᠠᠢᠭᠤᠯᠭ᠎ᠠ ᠶ᠋ᠢᠨ ᠰᠣᠶᠣᠯ ᠰᠤᠷᠭᠠᠨ ᠬᠥᠮᠦᠵᠢᠯ ᠦ᠋ᠨ ᠵᠣᠬᠢᠶᠠᠨ ᠪᠠᠢᠭᠤᠯᠤᠯᠲᠠ ᠶ᠋ᠢᠨ ᠡᠩ ᠦ᠋ᠨ ᠶᠡᠬᠡ ᠬᠤᠷᠠᠯ ᠠ᠋ᠴᠠ2000 ᠣᠨ ᠠ᠋ᠴᠠ ᠡᠬᠢᠯᠡᠨ ᠵᠢᠯ ᠪᠣᠯᠭᠠᠨ ᠤ᠋2 ᠳ᠋ᠤᠭᠠᠷ ᠰᠠᠷ᠎ᠠ ᠶ᠋ᠢᠨ21 ᠦ᠌ ᠡᠳᠦᠷ ᠢ᠋ ᠳᠡᠯᠡᠬᠡᠢ ᠶ᠋ᠢᠨ ᠡᠬᠡ ᠬᠡᠯᠡᠨ ᠦ᠌ ᠡᠳᠦᠷ ᠪᠣᠯᠭᠠᠨ ᠲᠡᠮᠳᠡᠭᠯᠡᠬᠦ ᠪᠡᠷ ᠲᠤᠩᠬᠠᠭᠯᠠᠵᠤ᠂ ᠪᠦᠬᠦ ᠪᠥᠮᠪᠥᠷᠴᠡᠭ ᠲᠦ᠍ ᠡᠬᠡ ᠬᠡᠯᠡᠨ ᠦ᠌ ᠴᠢᠬᠤᠯᠠ ᠴᠢᠨᠠᠷ ᠢ᠋ ᠲᠠᠨᠢᠭᠤᠯᠬᠤ᠂ ᠡᠬᠡ ᠬᠡᠯᠡ ᠪᠡᠨ ᠳᠦᠷᠢᠮᠵᠢᠭᠦᠯᠬᠦ ᠬᠥᠳᠡᠯᠭᠡᠭᠡᠨ ᠢ᠋ ᠠᠬᠢᠭᠤᠯᠬᠤ᠂ ᠪᠥᠮᠪᠥᠷᠴᠡᠭ ᠳᠡᠭᠡᠷᠡᠬᠢ ᠣᠯᠠᠩᠬᠢ ᠬᠡᠯᠡᠨ ᠦ᠌ ᠤᠰᠤᠲᠤᠯ ᠢ᠋ ᠵᠣᠭᠰᠣᠭᠠᠬᠤ ᠶ᠋ᠢ ᠵᠣᠷᠢᠵᠠᠢ᠃
2 ᠰᠠᠷ᠎ᠠ ᠶ᠋ᠢᠨ21 ᠦ᠌ ᠡᠳᠦᠷ ᠢ᠋ ᠡᠬᠡ ᠬᠡᠯᠡᠨ ᠦ᠌ ᠡᠳᠦᠷ ᠢ᠋ᠶ᠋ᠡᠷ ᠲᠣᠭᠲᠠᠭᠠᠭᠰᠠᠨ ᠤ᠋ ᠤᠴᠢᠷ ᠨᠢ᠂ ᠲᠤᠬᠠᠢ ᠶ᠋ᠢᠨ ᠵᠢᠯ ᠦ᠋ᠨ ᠪᠧᠩᠭᠠᠯ ᠤᠯᠤᠰ ᠤ᠋ᠨ ᠲᠤᠰᠠᠭᠠᠷ ᠲᠣᠭᠲᠠᠨᠢᠯ ᠲᠠᠢ ᠬᠣᠯᠪᠣᠭ᠎ᠠ ᠲᠠᠢ᠃1952 ᠣᠨ ᠳ᠋ᠤ᠌᠂ ᠪᠠᠷᠺᠢᠰᠲ᠋ᠠᠨ ᠤ᠋ ᠬᠠᠷᠢᠶᠠᠨ ᠳ᠋ᠤ᠌ ᠪᠠᠢᠭᠰᠠᠨ ᠪᠸᠩᠭᠠᠯᠴᠤᠳ ᠥᠪᠡᠷ ᠦ᠋ᠨ ᠡᠬᠡ ᠬᠡᠯᠡ ᠪᠡᠨ ᠠᠯᠪᠠᠨ ᠤ᠋ ᠬᠡᠯᠡ ᠪᠣᠯᠭᠠᠬᠤ ᠪᠠᠷ ᠵᠠᠰᠠᠭ ᠤ᠋ᠨ ᠣᠷᠳᠣᠨ ᠳ᠋ᠤ᠌ ᠪᠠᠨ ᠱᠠᠭᠠᠷᠳᠠᠵᠤ᠂ ᠰᠦᠷᠲᠦ ᠵᠢᠭᠰᠠᠭᠠᠯ ᠶᠠᠪᠤᠭᠤᠯᠤᠭᠰᠠᠨ ᠪᠠᠢᠨ᠎ᠠ᠃2 ᠰᠠᠷ᠎ᠠ ᠶ᠋ᠢᠨ21 ᠦ᠌ ᠲᠡᠷᠡ ᠡᠳᠦᠷ᠂ ᠴᠠᠭᠳᠠᠭᠠᠨ ᠤ᠋ ᠲᠠᠯ᠎ᠠ ᠶ᠋ᠢᠨ ᠬᠢᠨ ᠡᠬᠡ ᠬᠡᠯᠡᠨ ᠦ᠌ ᠪᠡᠨ ᠲᠥᠯᠥᠭᠡ ᠵᠢᠭᠰᠠᠭᠠᠯ ᠶᠠᠪᠤᠭᠤᠯᠤᠭᠰᠠᠨ ᠬᠣᠣᠷ ᠭᠡᠮ ᠦᠭᠡᠢ ᠣᠯᠠᠨ ᠲᠦᠮᠡᠨ ᠦ᠌ ᠥᠭᠡᠳᠡ ᠡᠴᠡ ᠵᠡᠪᠰᠡᠭ ᠬᠥᠳᠡᠯᠭᠡᠨ᠂ ᠵᠢᠭᠰᠠᠭᠠᠯ ᠶᠠᠪᠤᠭᠤᠯᠤᠭᠰᠠᠨ ᠲᠠᠪᠤᠨ ᠬᠥᠮᠦᠨ ᠦ᠌ ᠠᠮᠢ ᠶ᠋ᠢ ᠬᠣᠷᠣᠭᠠᠵᠠᠢ᠃ ᠬᠣᠵᠢᠮ ᠨᠢ ᠪᠧᠩᠭᠠᠯ ᠤᠯᠤᠰ ᠲᠤᠰᠠᠭᠠᠷ ᠲᠣᠭᠲᠠᠨᠢᠯ ᠲᠣᠭᠲᠠᠨᠢᠭᠰᠠᠨ ᠤ᠋ ᠳᠠᠷᠠᠭ᠎ᠠ᠂ ᠲᠡᠳᠡᠭᠡᠷ ᠠᠮᠢ ᠦᠷᠡᠭᠳᠡᠭᠰᠡᠳ ᠢ᠋ᠶ᠋ᠡᠨ ᠡᠬᠡ ᠬᠡᠯᠡᠨ ᠦ᠌ ᠪᠠᠭᠠᠲᠤᠷ ᠢ᠋ᠶ᠋ᠠᠷ ᠡᠷᠭᠦᠮᠵᠢᠯᠡᠭᠰᠡᠨ ᠪᠥᠭᠡᠳ ᠳᠤᠷᠠᠰᠬᠠᠯ ᠤ᠋ᠨ ᠬᠥᠰᠢᠶ᠎ᠡ ᠪᠤᠰᠬᠠᠵᠤ ᠥᠭᠭᠦᠭᠰᠡᠨ ᠪᠠᠢᠳᠠᠭ᠃1953 ᠣᠨ ᠠ᠋ᠴᠠ ᠡᠳᠦᠭᠡ ᠪᠣᠯᠲᠠᠯ᠎ᠠ ᠡᠨᠡ ᠡᠳᠦᠷ ᠨᠢ ᠪᠧᠩᠭᠠᠯ ᠤ᠋ᠨ ᠤᠯᠤᠰ ᠤ᠋ᠨ ᠪᠠᠭᠠᠲᠤᠷᠴᠤᠳ ᠳᠤᠷᠠᠰᠬᠠᠯ ᠤ᠋ᠨ ᠡᠳᠦᠷ ᠪᠣᠯᠵᠤ᠂ ᠡᠬᠡ ᠬᠡᠯᠡᠨ ᠦ᠌ ᠪᠠᠭᠠᠲᠤᠷᠴᠤᠳ ᠲᠤ᠌ ᠪᠠᠨ ᠡᠷᠭᠦᠬᠦ ᠬᠠᠢᠷ᠎ᠠ ᠬᠦᠨᠳᠦᠳᠬᠡᠯ ᠢ᠋ᠶ᠋ᠡᠷ ᠢ᠋ᠶ᠋ᠡᠨ ᠳᠠᠮᠵᠢᠭᠤᠯᠤᠨ ᠪᠸᠩᠭᠠᠯᠴᠤᠳ ᠤ᠋ᠨ ᠢ᠋ᠶ᠋ᠠᠨ ᠡᠬᠡ ᠬᠡᠯᠡ ᠥᠪ ᠰᠣᠶᠣᠯ ᠤ᠋ᠨ ᠲᠠᠨᠢᠯᠲᠠ ᠤᠬᠠᠮᠰᠠᠷ ᠢ᠋ ᠨᠢ ᠰᠡᠷᠭᠦᠭᠡᠨ ᠳᠠᠭᠤᠳᠠᠭᠰᠠᠭᠠᠷ ᠢᠷᠡᠭᠰᠡᠨ ᠶᠦᠮ᠃
ᠢᠷᠡᠯᠲᠡ ᠄ ᠥᠪᠥᠷ ᠮᠣᠩᠭᠣᠯ ᠤ᠋ᠨ ᠡᠳᠦᠷ ᠦ᠋ᠨ ᠰᠣᠨᠢᠨ
ᠦᠰᠦᠭ ᠠᠮᠢᠯᠠᠭᠤᠯᠤᠭᠰᠠᠨ ᠨᠢ ᠄ ᠴᠢ᠊ · ᠤᠷᠠᠨᠴᠡᠴᠡᠭ
