ᠵᠠᠪᠠᠢ ᠡᠪᠡᠰᠦЖавай өвсJavai övs
ᠵᠠᠪᠠᠢ ᠡᠪᠡᠰᠦ
ᠲᠤᠰ ᠡᠮ ᠪᠣᠯ ᠬᠣᠯᠲᠣᠰᠣᠨ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠬᠢᠩᠭᠠᠨ ᠵᠠᠪᠠᠢ ᠡᠪᠡᠰᠦ ᠶ᠋ᠢᠨ ᠬᠠᠲᠠᠭᠠᠭᠰᠠᠨ ᠦᠨᠳᠦᠰᠦᠯᠢᠭ ᠡᠰᠢ ᠮᠥᠨ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃ ᠦᠨᠳᠦᠰᠦᠯᠢᠭ ᠡᠰᠢ ᠨᠢ ᠲᠤᠷᠤᠭ ᠪᠦᠳᠦᠭᠦᠨ᠂ ᠲᠣᠳᠣᠬᠠᠨ ᠨᠦᠬᠡ ᠰᠢᠭ ᠥᠲᠡᠯᠦᠭᠰᠡᠨ ᠡᠰᠢᠨ ᠦ᠌ ᠣᠷᠣᠮ ᠵᠢᠴᠢ ᠣᠯᠠᠨ ᠰᠠᠬᠠᠯ ᠦᠨᠳᠦᠰᠦ ᠲᠡᠢ᠃ ᠡᠰᠢ ᠨᠢ ᠰᠢᠯᠤᠭᠤᠨ᠂ ᠳᠠᠩ ᠢ᠋ᠶ᠋ᠠᠷ ᠤᠷᠭᠤᠨ᠎ᠠ᠂1m ᠢᠯᠡᠭᠦᠦ ᠥᠨᠳᠥᠷ᠂ ᠢᠬᠴᠤ ᠵᠥᠭᠡᠯᠡᠨ ᠦᠰᠦ ᠲᠡᠢ᠃ ᠬᠣᠶᠠᠷ ᠤᠳᠠᠭ᠎ᠠ ᠭᠤᠷᠪᠠᠯᠠᠭᠰᠠᠨ ᠨᠡᠢᠯᠡᠮᠡᠯ ᠨᠠᠪᠴᠢ ᠲᠠᠢ᠃ ᠡᠰᠢᠨ ᠦ᠌ ᠳᠣᠣᠷ᠎ᠠ ᠬᠡᠰᠡᠭ ᠲᠦ᠋ᠨᠢ ᠤᠷᠲᠤ ᠪᠠᠷᠢᠭᠤᠯ ᠲᠠᠢ᠂ ᠪᠠᠷᠢᠭᠤᠯ ᠳᠡᠭᠡᠷ᠎ᠡ ᠨᠢ ᠵᠥᠭᠡᠯᠡᠨ ᠦᠰᠦ ᠲᠡᠢ᠂ ᠭᠣᠣᠯ ᠤ᠋ᠨ ᠵᠢᠵᠢᠭ ᠨᠠᠪᠴᠢ ᠨᠢ ᠪᠠᠷᠢᠭᠤᠯ ᠲᠠᠢ᠂ ᠬᠣᠶᠠᠷ ᠬᠠᠵᠠᠭᠤ ᠶ᠋ᠢᠨ ᠨᠠᠪᠴᠢ ᠨᠢ ᠶᠡᠷᠦ ᠳ᠋ᠡᠭᠡᠨ ᠪᠠᠷᠢᠭᠤᠯ ᠦᠭᠡᠢ᠃ ᠵᠢᠵᠢᠭ ᠨᠠᠪᠴᠢ ᠢᠯᠲᠠᠰᠤ ᠨᠢ ᠥᠨᠳᠡᠭᠡᠯᠵᠢᠨ ᠡᠴᠡ ᠥᠨᠳᠡᠭᠡᠯᠵᠢᠨ ᠲᠣᠭᠣᠷᠢᠭ ᠬᠡᠯᠪᠡᠷᠢ ᠲᠡᠢ᠂ ᠤᠷᠲᠤ ᠨᠢ5~11.5cm᠂ ᠭᠣᠣᠯ ᠤ᠋ᠨ ᠵᠢᠵᠢᠭ ᠨᠠᠪᠴᠢ ᠨᠢ ᠳᠠᠬᠢᠨ ᠭᠤᠷᠪᠠᠨ ᠭᠦᠨ ᠣᠨᠢ ᠭᠠᠷᠬᠤ ᠪᠤᠶᠤ ᠭᠦᠢᠬᠡᠨ ᠣᠨᠢ ᠭᠠᠷᠳᠠᠭ᠂ ᠬᠥᠪᠡᠭᠡ ᠪᠡᠷ ᠭᠦᠨ ᠬᠢᠷᠥᠭᠡᠨ ᠰᠢᠲᠦ ᠲᠡᠢ᠂ ᠬᠣᠶᠠᠷ ᠲᠠᠯ᠎ᠠ ᠳ᠋ᠤᠨᠢ ᠪᠦᠷ ᠦᠰᠦ ᠦᠭᠡᠢ᠃ ᠱᠣᠷᠣᠯᠵᠢᠨ ᠬᠡᠯᠪᠡᠷᠢᠲᠦ ᠨᠡᠢᠯᠡᠮᠡᠯ ᠴᠠᠴᠤᠭ ᠬᠡᠯᠪᠡᠷᠢᠲᠦ ᠪᠠᠭ ᠴᠡᠴᠡᠭ ᠲᠡᠢ᠃ ᠴᠡᠴᠡᠭ ᠦ᠋ᠨ ᠶᠡᠷᠦᠩᠬᠡᠢ ᠪᠠᠷᠢᠭᠤᠯ ᠨᠢ ᠤᠷᠲᠤ᠂ ᠬᠠᠵᠠᠭᠤ ᠶ᠋ᠢᠨ ᠴᠡᠴᠡᠭ ᠦ᠋ᠨ ᠪᠠᠷᠢᠭᠤᠯ ᠨᠢ ᠨᠡᠯᠢᠶᠡᠳ ᠣᠬᠣᠷ᠂ ᠵᠢᠵᠢᠭ ᠪᠠᠷᠢᠭᠤᠯ ᠨᠢ2~4mm ᠤᠷᠲᠤ᠂ ᠢᠬᠴᠤ ᠴᠠᠢᠪᠤᠷ ᠥᠩᠭᠡ ᠲᠡᠢ ᠵᠥᠭᠡᠯᠡᠨ ᠦᠰᠦ ᠲᠡᠢ᠂ ᠴᠡᠴᠡᠭ ᠨᠢ ᠭᠠᠭᠴᠠ ᠪᠡᠯᠭᠡ ᠲᠡᠢ᠂ ᠬᠣᠶᠠᠷ ᠭᠡᠷᠲᠡᠢ᠂ ᠬᠣᠣᠰ ᠪᠡᠯᠭᠡ ᠲᠡᠢ ᠨᠢ ᠮᠠᠰᠢ ᠬᠣᠪᠣᠷ᠃ ᠴᠡᠴᠡᠭ ᠪᠦᠷᠢ ᠶ᠋ᠢᠨ ᠳᠣᠣᠷ᠎ᠠ ᠨᠢ ᠨᠢᠭᠡᠨ ᠵᠢᠵᠢᠭ ᠪᠠᠭᠯᠠᠭᠴᠢ ᠢᠯᠲᠠᠰᠤ ᠲᠠᠢ᠃ ᠡᠷ᠎ᠡ ᠴᠡᠴᠡᠭ ᠦ᠋ᠨ ᠲᠣᠭᠳᠣᠢ ᠨᠢ5᠂ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂3 ᠰᠤᠳᠠᠯ ᠲᠠᠢ᠂ ᠪᠠᠯ ᠤ᠋ᠨ ᠨᠠᠪᠴᠢ2 ᠪᠣᠢ᠂ ᠦᠵᠦᠭᠦᠷ ᠨᠢ2 ᠭᠦᠨ ᠣᠨᠢ ᠲᠠᠢ᠂ ᠰᠡᠵᠢᠭᠦᠷ ᠢᠯᠲᠠᠰᠤ ᠶ᠋ᠢᠨ ᠣᠷᠣᠢ ᠳ᠋ᠤᠨᠢ ᠢᠯᠡᠬᠡᠨ ᠲᠣᠭᠣᠰᠣᠪᠴᠢ ᠲᠠᠢ᠃ ᠡᠷ᠎ᠡ ᠲᠣᠭᠣᠷᠴᠣᠭ ᠨᠢ ᠣᠯᠠᠨ᠂ ᠳᠣᠬᠢᠭᠤᠷ ᠤ᠋ᠨ ᠤᠷᠲᠤ ᠪᠣᠭᠣᠨᠢ ᠨᠢ ᠠᠳᠠᠯᠢ ᠦᠭᠡᠢ᠂ ᠲᠣᠭᠣᠰᠣᠪᠴᠢ ᠨᠢ ᠥᠨᠳᠡᠭᠡᠯᠵᠢᠨ ᠬᠡᠯᠪᠡᠷᠢ ᠲᠡᠢ᠃3 ᠰᠤᠳᠠᠯ ᠲᠠᠢ᠂ ᠪᠠᠯ ᠤ᠋ᠨ ᠨᠠᠪᠴᠢ2 ᠪᠣᠢ᠂ ᠦᠵᠦᠭᠦᠷ ᠨᠢ2 ᠭᠦᠨ ᠣᠨᠢ ᠲᠠᠢ᠂ ᠰᠡᠵᠢᠭᠦᠷ ᠢᠯᠲᠠᠰᠤ ᠶ᠋ᠢᠨ ᠣᠷᠣᠢ ᠳ᠋ᠤᠨᠢ ᠢᠯᠡᠬᠡᠨ ᠲᠣᠭᠣᠰᠣᠪᠴᠢ ᠲᠠᠢ᠃ ᠡᠷ᠎ᠡ ᠲᠣᠭᠣᠷᠴᠣᠭ ᠨᠢ ᠣᠯᠠᠨ᠂ ᠳᠣᠬᠢᠭᠤᠷ ᠤ᠋ᠨ ᠤᠷᠲᠤ ᠪᠣᠭᠣᠨᠢ ᠨᠢ ᠠᠳᠠᠯᠢ ᠦᠭᠡᠢ᠂ ᠲᠣᠭᠣᠰᠣᠪᠴᠢ ᠨᠢ ᠥᠨᠳᠡᠭᠡᠯᠵᠢᠨ ᠬᠡᠯᠪᠡᠷᠢ ᠲᠡᠢ᠃5 ᠬᠣᠩᠭᠣᠷᠴᠤᠭ ᠵᠢᠮᠢᠰ ᠲᠡᠢ᠂ ᠳᠣᠲᠣᠷ᠎ᠠ ᠨᠢ ᠣᠯᠠᠨ ᠦᠷ᠎ᠡ ᠲᠡᠢ᠃7~8 ᠳ᠋ᠤᠭᠠᠷ ᠰᠠᠷ᠎ᠠ ᠳ᠋ᠤ᠌ ᠴᠡᠴᠡᠭᠯᠡᠵᠦ᠂9 ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠣᠢ ᠶ᠋ᠢᠨ ᠬᠥᠪᠡᠭᠡ ᠪᠤᠶᠤ ᠥᠯᠥᠩ ᠦ᠋ᠨ ᠳᠤᠮᠳᠠ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠨᠠᠮᠤᠷ ᠦᠨᠳᠦᠰᠦ ᠶ᠋ᠢ ᠨᠢ ᠮᠠᠯᠲᠠᠨ ᠠᠪᠴᠤ᠂ ᠬᠥᠷᠥᠰᠥᠨ ᠳᠡᠭᠡᠷᠡᠬᠢ ᠬᠡᠰᠡᠭ ᠢ᠋ ᠨᠢ ᠠᠷᠢᠯᠭᠠᠭᠠᠳ᠂ ᠰᠠᠬᠠᠯ ᠦᠨᠳᠦᠰᠦ ᠶ᠋ᠢ ᠨᠢ ᠨᠠᠷᠠᠨ ᠳ᠋ᠤ᠌ ᠬᠠᠲᠠᠭᠠᠭᠠᠳ ᠬᠤᠢᠬᠠᠯᠠᠨᠠ᠃
[ ᠠᠮᠲᠠ᠂ ᠴᠢᠨᠠᠷ᠂ ᠡᠷᠳᠡᠮ] ᠠᠮᠲᠠᠯᠢᠭ᠂ ᠭᠤᠱᠤᠭᠤᠨ᠂ ᠥᠴᠦᠬᠡᠨ ᠭᠠᠰᠢᠭᠤᠨ ᠠᠮᠲᠠ ᠲᠠᠢ᠂ ᠰᠡᠷᠢᠭᠦᠨ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠬᠣᠣᠷ ᠢ᠋ ᠲᠠᠢᠯᠬᠤ᠂ ᠭᠦᠪᠳᠦᠷᠦᠦ ᠶ᠋ᠢ ᠲᠤᠭᠤᠷᠠᠭᠤᠯᠬᠤ ᠴᠢᠳᠠᠯ ᠲᠠᠢ᠃ ᠭᠣᠣᠯᠳᠠᠭᠤ ᠬᠣᠳᠣᠭᠣᠳᠣᠨ ᠤ᠋ ᠬᠠᠯᠠᠭᠤᠨ ᠪᠠᠳᠠᠷᠠᠵᠤ ᠪᠤᠢᠯᠠ ᠢᠯᠵᠢᠷᠡᠬᠦ᠂ ᠠᠮᠠ ᠬᠡᠯᠡᠨ ᠦ᠌ ᠶᠠᠷ᠎ᠠ ᠪᠣᠯᠤᠨ ᠬᠣᠭᠣᠯᠠᠢ ᠵᠠᠯᠭᠢᠭᠤᠷ ᠬᠠᠪᠤᠳᠤᠭᠰᠠᠨ᠂ ᠬᠣᠣᠷᠲᠤ ᠭᠦᠪᠳᠦᠷᠦᠦ᠂ ᠶᠠᠷ᠎ᠠ᠂ ᠲᠠᠮᠢᠷ ᠮᠠᠭᠤᠳᠠᠵᠤ ᠦᠷᠭᠦᠯᠵᠢ ᠰᠠᠭᠤᠯᠭᠠᠬᠤ᠂ ᠴᠠᠭᠠᠨ ᠮᠢᠬ᠎ᠠ ᠤᠷᠪᠠᠬᠤ᠂ ᠬᠡᠦᠬᠡᠨ ᠬᠡᠪᠲᠡᠰᠢ ᠤᠨᠵᠢᠢᠬᠤ ᠵᠡᠷᠭᠡ ᠶ᠋ᠢ ᠠᠨᠠᠭᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄升麻(兴安升麻)
ᠠᠩᠭ᠌ᠯᠢ ᠨᠡᠷ᠎ᠡ᠄Cimicifuga dahurica(Thurcz.)Maxim.
ᠦᠰᠦᠭ ᠠᠮᠢᠯᠠᠭᠤᠯᠤᠭᠴᠢ᠄ ᠴᠡᠪᠡᠷᠴᠡᠴᠡᠭ
