ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 23 Нэгэн ном тавцан үн өдөр үн тэмдэглэлээс – 23
ᠡᠷᠲᠡ ᠤᠷᠢᠳᠤ ᠶ᠋ᠢᠨ ᠴᠠᠭ ᠲᠤ ᠨᠢᠭᠡ ᠶᠠᠳᠠᠭᠤ ᠡᠪᠦᠭᠡᠨ ᠬᠥᠭᠰᠢᠨ ᠪᠠᠢᠵᠤ ᠭᠡᠨ᠎ᠡ᠃ ᠠᠮᠢᠳᠤᠷᠠᠯ ᠨᠢ ᠠᠷᠭ᠎ᠠ ᠦᠭᠡᠢ ᠶᠠᠳᠠᠭᠤ ᠪᠣᠯᠬᠣᠷ ᠠᠷᠭ᠎ᠠ ᠮᠤᠬᠤᠷᠳᠠᠬᠤ ᠳ᠋ᠠᠭᠠᠨ ᠡᠳᠦᠷ ᠪᠦᠷᠢ ᠰᠦᠮ᠎ᠡ ᠳ᠋ᠦ᠍ ᠣᠴᠢᠵᠤ ᠪᠤᠷᠬᠠᠨ ᠠ᠋ᠴᠠ ᠲᠤᠰᠠᠯᠠᠮᠵᠢ ᠭᠣᠶᠣᠳᠠᠭ ᠪᠣᠯᠵᠠᠢ᠃ ᠲᠡᠳᠡ ᠬᠣᠶᠠᠷ ᠡᠨᠡ ᠮᠡᠲᠦ ᠪᠡᠷ ᠣᠯᠠᠨ ᠡᠳᠦᠷ ᠭᠤᠶᠤᠵᠤ ᠪᠠᠢᠭᠰᠠᠨ ᠢ᠋ ᠨᠢᠭᠡ ᠪᠠᠶᠠᠨ ᠬᠥᠮᠦᠨ ᠣᠯᠵᠤ ᠮᠡᠳᠡᠭᠡᠳ ᠶᠠᠳᠠᠷᠠᠭᠰᠠᠨ ᠬᠣᠶᠠᠷ ᠢ᠋ ᠨᠢᠭᠡ ᠤᠳᠠᠭ᠎ᠠ ᠲᠤᠰᠠᠯᠠᠶ᠎ᠠ ᠭᠡᠵᠦ ᠪᠣᠳᠣᠭᠠᠳ ᠡᠪᠦᠭᠡᠨ ᠡᠮᠡᠭᠡᠨ ᠦ᠌ ᠬᠠᠵᠠᠭᠤ ᠳ᠋ᠤ᠌ ᠬᠦᠷᠴᠦ ᠲᠡᠳᠡᠨ ᠦ᠌ ᠰᠠᠭᠤᠭ᠎ᠠ ᠭᠠᠵᠠᠷ ᠢ᠋ ᠨᠢ ᠠᠰᠠᠭᠤᠵᠤ ᠠᠪᠤᠭᠠᠳ ᠶᠠᠪᠤᠵᠠᠢ᠃
ᠬᠡᠳᠦᠨ ᠡᠳᠦᠷ ᠦ᠋ᠨ ᠳᠠᠷᠠᠭ᠎ᠠ ᠲᠡᠷᠡ ᠪᠠᠶᠠᠨ ᠬᠥᠮᠦᠨ ᠰᠠᠶᠢᠬᠢ ᠡᠪᠦᠭᠡᠨ ᠡᠮᠡᠭᠡᠨ ᠬᠣᠶᠠᠷ ᠤ᠋ᠨ ᠭᠡᠷ ᠲᠦ᠍ ᠬᠦᠷᠴᠦ ᠣᠴᠢᠵᠠᠢ᠃ ᠡᠭᠦᠳᠡᠨ ᠳ᠋ᠦ᠍ ᠨᠢ ᠲᠠᠨᠢᠯ ᠪᠤᠰᠤ ᠬᠥᠮᠦᠨ ᠢᠷᠡᠭᠰᠡᠨ ᠳ᠋ᠦ᠍ ᠡᠪᠦᠭᠡᠨ ᠡᠮᠡᠭᠡᠨ ᠬᠣᠶᠠᠷ ᠶᠡᠬᠡᠳᠡ ᠭᠠᠢᠬᠠᠵᠤ᠄《ᠲᠠ ᠶᠠᠭᠤᠨ ᠤ᠋ ᠬᠥᠮᠦᠨ ᠪᠣᠢ?》 ᠭᠡᠵᠦ ᠠᠰᠠᠭᠤᠵᠠᠢ᠃ ᠲᠡᠷᠡ ᠬᠥᠮᠦᠨ᠄《ᠪᠢ ᠪᠤᠷᠬᠠᠨ ᠤ᠋ ᠡᠯᠴᠢ ᠪᠠᠢᠨ᠎ᠠ᠃ ᠪᠤᠷᠬᠠᠨ ᠪᠠᠭᠰᠢ ᠲᠠᠨ ᠤ᠋ ᠦᠨᠡᠨᠴᠢ ᠰᠡᠳᠬᠢᠯ ᠡᠴᠡ ᠪᠡᠨ ᠳᠠᠭᠠᠳᠬᠠᠨ ᠭᠤᠶᠤᠵᠤ ᠪᠠᠢᠬᠤ ᠶ᠋ᠢ ᠦᠵᠡᠭᠡᠳ ᠰᠡᠳᠬᠢᠯ ᠬᠥᠳᠡᠯᠵᠦ ᠲᠠᠨ ᠤ᠋ ᠬᠣᠶᠠᠷ ᠲᠤ ᠲᠤᠰᠠᠯᠠ ᠭᠡᠵᠦ ᠨᠠᠮ᠎ᠠ ᠶ᠋ᠢ ᠲᠣᠮᠢᠯᠠᠭᠰᠠᠨ ᠶᠤᠮ ᠠ᠋᠃ ᠡᠨᠡ ᠪᠣᠯ ᠪᠤᠷᠬᠠᠨ ᠠ᠋ᠴᠠ ᠲᠠᠨ ᠳ᠋ᠤ᠌ ᠥᠭᠭᠦᠭᠰᠡᠨ ᠵᠣᠭᠣᠰ ᠪᠠᠢᠨ᠎ᠠ》 ᠭᠡᠳ ᠲᠡᠳᠡ ᠬᠣᠶᠠᠷ ᠲᠤ ᠲᠦᠮᠡᠨ ᠵᠣᠭᠣᠰ ᠥᠭᠴᠦ ᠭᠡᠨ᠎ᠡ᠃ ᠡᠮᠡᠭᠡᠨ ᠬᠥᠯ ᠨᠢ ᠭᠠᠵᠠᠷ ᠬᠦᠷᠬᠦ ᠦᠭᠡᠢ ᠪᠠᠶᠠᠷᠯᠠᠵᠤ ᠪᠠᠢᠬᠤ ᠳ᠋ᠤ᠌ ᠡᠪᠦᠭᠡᠨ ᠨᠢ ᠬᠠᠷᠢᠨ ᠶᠡᠬᠡ ᠪᠠᠶᠠᠷ ᠦᠭᠡᠢ ᠪᠠᠢᠯ᠎ᠠ᠃ ᠡᠮᠡᠭᠡᠨ᠄《ᠪᠤᠷᠬᠠᠨ ᠠ᠋ᠴᠠ ᠪᠦᠷ ᠵᠣᠭᠣᠰ ᠥᠭᠭᠦᠭᠰᠡᠨ ᠪᠠᠢᠬᠤ ᠳ᠋ᠤ᠌ ᠴᠢ ᠪᠠᠰᠠ ᠶᠠᠭᠤ ᠪᠣᠳᠣᠵᠤ ᠪᠠᠢᠨ᠎ᠠ ᠪᠣᠢ?》 ᠭᠡᠵᠦ ᠠᠰᠠᠭᠤᠬᠤ ᠳ᠋ᠤ᠌ ᠡᠪᠦᠭᠡᠨ ᠨᠢ᠄《ᠰᠠᠶᠢ ᠶ᠋ᠢᠨ ᠬᠥᠮᠦᠨ ᠦ᠌ ᠪᠠᠢᠳᠠᠯ ᠢ᠋ ᠦᠵᠡᠭᠰᠡᠨ ᠦᠭᠡᠢ ᠤᠤ? ᠰᠠᠢᠨ ᠬᠥᠮᠦᠨ ᠦ᠌ ᠮᠠᠶᠢᠭ ᠦᠭᠡᠢ ᠪᠠᠢᠨ᠎ᠠ᠃ ᠪᠤᠷᠬᠠᠨ ᠠ᠋ᠴᠠ ᠮᠠᠨ ᠳ᠋ᠤ᠌ ᠥᠭᠭᠦᠭᠰᠡᠨ ᠵᠣᠭᠣᠰ ᠠ᠋ᠴᠠ ᠬᠠᠭᠠᠰ ᠢ᠋ ᠨᠢ ᠯᠠᠪ ᠲᠡᠷᠡ ᠠᠪᠴᠠᠢ》 ᠭᠡᠰᠡᠨ ᠭᠡᠨ᠎ᠡ᠃
ᠦᠰᠦᠭ ᠠᠮᠢᠯᠠᠭᠤᠯᠤᠭᠴᠢ᠄ ᠡᠩᠬᠡᠪᠠᠲᠤ
ᠦᠰᠦᠭ ᠬᠢᠨᠠᠭᠴᠢ᠄ ᠪᠠᠶᠠᠷᠴᠡᠴᠡᠭ
