ᠴᠣᠭᠣᠷᠭᠤᠨ᠎ᠠЦооргоноCoorgono ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠴᠣᠭᠣᠷᠭᠤᠨ᠎ᠠЦооргоноCoorgono

ᠴᠣᠭᠣᠷᠭᠤᠨ᠎ᠠЦооргоноCoorgono

2025-03-01

205

ᠴᠣᠭᠣᠷᠭᠤᠨ᠎ᠠ

   ᠲᠤᠰ ᠡᠮ ᠪᠣᠯ ᠰᠢᠬᠦᠷ ᠬᠡᠯᠪᠡᠷᠢᠲᠦ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠴᠣᠭᠣᠷᠭᠤᠨ᠎ᠠ ᠶ᠋ᠢᠨ ᠬᠠᠲᠠᠭᠠᠭᠰᠠᠨ ᠦᠨᠳᠦᠰᠦ ᠮᠥᠨ᠃ ᠪᠠᠰᠠ ᠰᠦᠭᠪᠠ ᠭᠡᠳᠡᠭ᠃

   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃1.5~2.5m ᠥᠨᠳᠥᠷ᠂ ᠱᠣᠷᠣᠯᠵᠢᠨ ᠦᠨᠳᠦᠰᠦ ᠲᠡᠢ᠂4 ᠢᠷᠮᠡᠭ ᠲᠡᠢ᠂ ᠴᠠᠢᠪᠤᠷ ᠬᠦᠷᠡᠩ ᠥᠩᠭᠡ ᠲᠡᠢ᠂ ᠢᠯᠡᠬᠡᠨ ᠬᠠᠯᠢᠰᠤᠨ ᠰᠦᠪᠡ ᠰᠢᠭ ᠳᠣᠪᠣᠭᠣᠷ ᠲᠠᠢ᠃ ᠡᠰᠢᠨ ᠦ᠌ ᠳ᠋ᠢᠶᠠᠮᠧᠲ᠋ᠷ ᠨᠢ5~8cm᠂ ᠡᠰᠢ ᠪᠠ ᠨᠠᠪᠴᠢᠨ ᠪᠠᠭᠯᠠᠭᠴᠢ ᠨᠢ ᠶᠡᠷᠦ ᠳ᠋ᠡᠭᠡᠨ ᠪᠣᠷᠣ ᠥᠩᠭᠡ ᠲᠡᠢ᠂ ᠴᠡᠴᠡᠭ ᠣᠷᠴᠢᠮ ᠨᠢ ᠨᠢᠭ ᠵᠥᠭᠡᠯᠡᠨ ᠦᠰᠦ ᠲᠡᠢ᠃ ᠡᠰᠢᠨ ᠦ᠌ ᠳᠣᠣᠷ᠎ᠠ ᠬᠡᠰᠡᠭ ᠦ᠋ᠨ ᠨᠠᠪᠴᠢ ᠨᠢ ᠭᠤᠷᠪᠠᠯᠵᠢᠨ᠂ ᠤᠷᠲᠤ ᠨᠢ30cm ᠬᠦᠷᠳᠡᠭ᠂ ᠬᠣᠶᠠᠷ ᠠ᠋ᠴᠠ ᠭᠤᠷᠪᠠᠳᠠᠭᠰᠠᠨ ᠥᠳᠥᠯᠢᠭ ᠣᠨᠢ ᠲᠠᠢ᠂ ᠬᠠᠮᠤᠭ ᠰᠡᠭᠦᠯᠴᠢ ᠶ᠋ᠢᠨ ᠰᠡᠵᠢᠭᠦᠷ ᠢᠯᠲᠠᠰᠤ ᠨᠢ ᠥᠨᠳᠡᠭᠡᠯᠵᠢᠨ ᠡᠴᠡ ᠤᠷᠲᠤ ᠥᠨᠳᠡᠭᠡᠯᠵᠢᠨ ᠬᠡᠯᠪᠡᠷᠢ ᠲᠡᠢ᠂2~6cm ᠤᠷᠲᠤ᠂1~3cm ᠥᠷᠭᠡᠨ᠂ ᠨᠠᠪᠴᠢᠨ ᠪᠠᠷᠢᠭᠤᠯ ᠨᠢ3~6cm᠂ ᠲᠣᠮᠣ ᠲᠣᠭᠳᠣᠢ ᠲᠠᠢ᠃ ᠡᠰᠢᠨ ᠦ᠌ ᠳᠡᠭᠡᠷ᠎ᠡ ᠬᠡᠰᠡᠭ ᠦ᠋ᠨ ᠨᠠᠪᠴᠢ ᠨᠢ ᠮᠡᠳᠡᠭᠳᠡᠮ᠎ᠡ ᠲᠣᠮᠣᠷᠠᠭᠰᠠᠨ ᠤᠭᠤᠲᠠᠯᠢᠭ ᠲᠣᠭᠳᠣᠢ ᠲᠠᠢ᠃ ᠨᠡᠢᠯᠡᠮᠡᠯ ᠰᠢᠬᠦᠷ ᠬᠡᠯᠪᠡᠷᠢᠲᠦ ᠪᠠᠭ ᠴᠡᠴᠡᠭ ᠳᠡᠭᠡᠷ᠎ᠡ ᠨᠢ ᠨᠢᠭ᠋ ᠣᠬᠣᠷ ᠵᠥᠭᠡᠯᠡᠨ ᠦᠰᠦ ᠲᠡᠢ᠂ ᠶᠡᠷᠦ ᠳ᠋ᠡᠭᠡᠨ ᠶᠡᠷᠦᠩᠬᠡᠢ ᠪᠠᠭᠯᠠᠭᠴᠢ ᠦᠭᠡᠢ ᠪᠤᠶᠤ1~2 ᠲᠣᠭᠳᠣᠢ ᠰᠢᠭ᠋ ᠪᠠᠭᠯᠠᠭᠴᠢ ᠲᠠᠢ᠃ ᠣᠯᠠᠨ ᠵᠢᠵᠢᠭ ᠶᠡᠷᠦᠩᠬᠡᠢ ᠪᠠᠭᠯᠠᠭᠴᠢ ᠲᠠᠢ᠂ ᠨᠠᠷᠢᠨ ᠬᠠᠪᠲᠠᠭᠠᠢ ᠲᠡᠪᠡᠨᠡ ᠬᠡᠯᠪᠡᠷᠢ ᠲᠡᠢ᠂5mm ᠣᠷᠴᠢᠮ ᠤᠷᠲᠤ᠂ ᠴᠡᠴᠡᠭ ᠦ᠋ᠨ ᠪᠠᠷᠢᠭᠤᠯ ᠠ᠋ᠴᠠ ᠪᠠᠨ ᠣᠬᠣᠷ᠃ ᠣᠯᠠᠨ ᠴᠡᠴᠡᠭ ᠦ᠋ᠨ ᠪᠠᠷᠢᠭᠤᠯ ᠲᠠᠢ᠃ ᠴᠡᠴᠡᠭ ᠨᠢ ᠵᠢᠵᠢᠭ᠂ ᠲᠣᠭᠳᠣᠢ ᠨᠢ ᠬᠡᠷᠴᠢᠶᠡᠰᠦ ᠦᠭᠡᠢ᠂ ᠳᠡᠯᠪᠢ ᠨᠢ5᠂ ᠰᠢᠷᠠᠩᠭᠤᠢ ᠨᠣᠭᠣᠭᠠᠨ ᠥᠩᠭᠡ ᠲᠡᠢ᠃ ᠬᠣᠣᠰ ᠳᠡᠭᠦᠵᠢᠩ ᠵᠢᠮᠢᠰ ᠲᠡᠢ ᠪᠥᠭᠡᠳ ᠵᠤᠤᠪᠠᠩ ᠪᠤᠶᠤ ᠲᠣᠭᠣᠷᠢᠭ ᠬᠡᠯᠪᠡᠷᠢ ᠲᠡᠢ᠂5~6mm ᠤᠷᠲᠤ᠂3.5~5mm ᠥᠷᠭᠡᠨ᠂ ᠲᠠᠷᠠᠮᠠᠭ ᠦᠰᠦ ᠲᠡᠢ᠃7~9 ᠳ᠋ᠦ᠍ᠭᠡᠷ ᠰᠠᠷ᠎ᠠ ᠳ᠋ᠤ᠌ ᠴᠡᠴᠡᠭᠯᠡᠵᠦ᠂9~10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃

   [ ᠤᠷᠭᠤᠬᠤ ᠣᠷᠴᠢᠨ ᠬᠢᠭᠡᠳ ᠲᠠᠷᠬᠠᠴᠠ] ᠴᠣᠭᠣᠷᠭᠤᠨ᠎ᠠ ᠪᠣᠯ ᠪᠤᠲᠠ ᠰᠥᠭᠡᠭ ᠳᠤᠮᠳᠠ ᠤᠷᠭᠤᠨ᠎ᠠ᠃ ᠵᠡᠭᠦᠨ ᠬᠣᠢᠲᠤ ᠣᠷᠣᠨ᠂ ᠥᠪᠥᠷ ᠮᠣᠩᠭᠣᠯ᠂ ᠾᠧᠪᠧᠢ᠂ ᠵᠧᠵᠢᠶᠠᠩ᠂ ᠹᠦᠵᠢᠶᠠᠨ᠂ ᠲᠠᠢᠸᠠᠨ ᠳ᠋ᠤ᠌ ᠲᠠᠷᠬᠠᠴᠠ ᠲᠠᠢ᠃ ᠲᠠᠢᠸᠠᠨ ᠴᠣᠭᠣᠷᠭᠤᠨ᠎ᠠ ᠶ᠋ᠢ ᠰᠧᠴᠤᠸᠠᠨ᠂ ᠵᠧᠵᠢᠶᠠᠩ᠂ ᠵᠢᠶᠠᠩᠰᠢ᠂ ᠠᠨᠾᠥ᠋ᠢ ᠪᠣᠯᠤᠨ ᠡᠮᠦᠨ᠎ᠡ ᠣᠷᠣᠨ ᠤ᠋ ᠵᠠᠷᠢᠮ ᠭᠠᠵᠠᠷ ᠳᠤ ᠠᠷᠠᠴᠢᠯᠠᠨ ᠲᠠᠷᠢᠵᠤ ᠪᠠᠢᠨ᠎ᠠ᠃

   [ ᠲᠡᠭᠦᠵᠦ ᠪᠣᠯᠪᠠᠰᠤᠷᠠᠭᠤᠯᠬᠤ] ᠵᠤᠨ᠂ ᠨᠠᠮᠤᠷ ᠨᠠᠪᠴᠢ ᠶ᠋ᠢ ᠨᠢ ᠬᠤᠪᠠᠬᠠᠢᠷᠠᠬᠤ ᠦᠶ᠎ᠡ ᠳ᠋ᠦ᠍ ᠮᠠᠯᠲᠠᠨ ᠠᠪᠴᠤ ᠰᠠᠬᠠᠯ ᠦᠨᠳᠦᠰᠦ᠂ ᠰᠢᠪᠡᠷ ᠰᠢᠷᠣᠢ ᠵᠡᠷᠭᠡ ᠶ᠋ᠢ ᠨᠢ ᠠᠷᠢᠯᠭᠠᠭᠠᠳ ᠨᠠᠷᠠᠨ ᠳ᠋ᠤ᠌ ᠬᠠᠲᠠᠭᠠᠨ᠎ᠠ᠃

   [ ᠠᠮᠲᠠ᠂ ᠴᠢᠨᠠᠷ᠂ ᠡᠷᠳᠡᠮ] ᠭᠤᠱᠤᠭᠤᠨ ᠠᠮᠲᠠ ᠲᠠᠢ᠂ ᠪᠦᠯᠢᠶᠡᠨ ᠴᠢᠨᠠᠷ ᠲᠠᠢ᠃

   [ ᠴᠢᠳᠠᠯ ᠪᠠ ᠭᠣᠣᠯᠳᠠᠭᠤ ᠵᠠᠰᠠᠬᠤ] ᠰᠤᠳᠠᠯ ᠤ᠋ᠨ ᠰᠦᠪᠡ ᠶ᠋ᠢ ᠨᠡᠭᠡᠭᠡᠬᠦ᠂ ᠡᠪᠡᠳᠬᠦ ᠶ᠋ᠢ ᠵᠣᠭᠰᠣᠭᠠᠬᠤ᠂ ᠥᠭᠡᠷᠢ ᠶ᠋ᠢ ᠲᠠᠲᠠᠬᠤ ᠴᠢᠳᠠᠯ ᠲᠠᠢ᠃ ᠭᠣᠣᠯᠳᠠᠭᠤ ᠲᠣᠯᠣᠭᠠᠢ ᠡᠪᠡᠳᠬᠦ᠂ ᠰᠢᠳᠦ ᠡᠪᠡᠳᠬᠦ᠂ ᠬᠠᠮᠠᠷ ᠤ᠋ᠨ ᠦᠷᠪᠢᠰᠦᠯ᠂ ᠰᠠᠮᠠᠯᠳᠠᠭ ᠤ᠋ᠨ ᠦᠷᠪᠢᠰᠦᠯ᠂ ᠴᠢᠬᠢ ᠳᠦᠯᠡᠢᠷᠡᠬᠦ᠂ ᠬᠠᠲᠠᠭᠢ ᠬᠠᠪᠤᠳᠠᠷ᠂ ᠶᠠᠷ᠎ᠠ ᠰᠢᠷᠬ᠎ᠠ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   [ ᠳᠠᠭᠠᠯᠳᠤᠭᠤᠯᠤᠯ] ᠲᠠᠢᠸᠠᠨ ᠴᠣᠭᠣᠷᠭᠤᠨ᠎ᠠ ᠶ᠋ᠢ ᠪᠠᠰᠠ ᠴᠣᠭᠣᠷᠭᠤᠨ᠎ᠠ ᠠᠳᠠᠯᠢ ᠪᠠᠷ ᠬᠡᠷᠡᠭᠯᠡᠳᠡᠭ᠃

 

   ᠬᠢᠲᠠᠳ ᠨᠡᠷ᠎ᠡ᠄ 1白芷2杭白芷

   ᠠᠩᠭ᠌ᠯᠢ ᠨᠡᠷ᠎ᠡ᠄1. Angelica dahurica Benth. et Hook.

2. Angelica dahurica (Fisch. ) Benth. et Hook. var. formo sana (Boiss. ) Shan et Yuan

 

   ᠦᠰᠦᠭ ᠠᠮᠢᠯᠠᠭᠤᠯᠤᠭᠴᠢ᠄ ᠴᠡᠪᠡᠷᠴᠡᠴᠡᠭ

   ᠬᠢᠨᠠᠭᠴᠢ᠄ ᠲᠤᠶᠠᠭ᠎ᠠ