ᠷᠦᠳᠠРүдаRüda
ᠷᠦᠳᠠ
ᠲᠤᠰ ᠡᠮ ᠪᠣᠯ ᠤᠳᠠᠪᠠᠯ᠎ᠠ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠷᠦᠳᠠ ᠶ᠋ᠢᠨ ᠬᠠᠲᠠᠭᠠᠭᠰᠠᠨ ᠦᠨᠳᠦᠰᠦ ᠮᠥᠨ᠃ ᠪᠠᠰᠠ ᠮᠠᠨᠦᠷᠥ᠋ᠳᠠ᠂ ᠱᠠᠫᠥ᠋ᠷᠥ᠋ᠳᠠ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃1.5~2m ᠥᠨᠳᠥᠷ᠂ ᠭᠣᠣᠯ ᠦᠨᠳᠦᠰᠦ ᠨᠢ ᠲᠤᠷᠤᠭ ᠪᠦᠳᠦᠭᠦᠨ᠃ ᠡᠰᠢᠨ ᠳᠡᠭᠡᠷ᠎ᠡ ᠨᠢ ᠲᠠᠷᠠᠮᠠᠭ ᠣᠬᠣᠷ ᠵᠥᠭᠡᠯᠡᠨ ᠦᠰᠦ ᠲᠡᠢ᠂ ᠡᠰᠢᠨ ᠳ᠋ᠡᠬᠢ ᠨᠠᠪᠴᠢ ᠨᠢ ᠤᠷᠲᠤ ᠪᠠᠷᠢᠭᠤᠯ ᠲᠠᠢ᠂ ᠭᠤᠷᠪᠠᠯᠵᠢᠨ ᠰᠢᠭ᠋ ᠥᠨᠳᠡᠭᠡᠯᠵᠢᠨ ᠪᠤᠶᠤ ᠤᠷᠲᠤᠯᠵᠢᠨ ᠭᠤᠷᠪᠠᠯᠵᠢᠨ ᠬᠡᠯᠪᠡᠷᠢ ᠲᠡᠢ᠂3~100cm ᠤᠷᠲᠤ᠂15~30cm ᠥᠷᠭᠡᠨ᠂ ᠤᠭ ᠨᠢ ᠵᠢᠷᠦᠬᠡᠨ ᠬᠡᠯᠪᠡᠷᠢ ᠲᠡᠢ᠂ ᠳᠣᠷᠣᠭᠰᠢ ᠰᠤᠨᠵᠤ ᠵᠠᠮᠪᠠᠷᠠᠭ᠎ᠠ ᠦᠭᠡᠢ ᠰᠠᠯᠪᠤᠷᠢᠯᠠᠭᠠᠳ ᠳᠠᠯᠠᠪᠴᠢ ᠰᠢᠭ᠋ ᠪᠣᠯᠵᠤ ᠡᠰᠢ ᠪᠡᠨ ᠪᠠᠭᠯᠠᠭᠰᠠᠨ ᠪᠠᠢᠳᠠᠭ᠃ ᠬᠥᠪᠡᠭᠡ ᠪᠡᠷ ᠨᠢ ᠵᠠᠮᠪᠠᠷᠠᠭ᠎ᠠ ᠦᠭᠡᠢ ᠥᠴᠦᠬᠡᠨ ᠳᠣᠯᠭᠢᠶᠠᠯᠢᠭ ᠪᠤᠶᠤ ᠭᠦᠢᠬᠡᠨ ᠣᠨᠢ ᠲᠠᠢ᠂ ᠲᠠᠷᠠᠮᠠᠭ ᠥᠷᠭᠡᠰᠦ ᠲᠡᠢ᠂ ᠨᠠᠪᠴᠢᠨ ᠤ᠋ ᠬᠣᠶᠠᠷ ᠲᠠᠯ᠎ᠠ ᠳ᠋ᠤᠨᠢ ᠪᠦᠷ ᠣᠬᠣᠷ ᠦᠰᠦ ᠲᠡᠢ᠃ ᠲᠣᠯᠣᠭᠠᠢ ᠬᠡᠯᠪᠡᠷᠢᠲᠦ ᠪᠠᠭ ᠴᠡᠴᠡᠭ ᠨᠢ ᠡᠰᠢᠨ ᠦ᠌ ᠣᠷᠣᠢ ᠪᠤᠶᠤ ᠨᠠᠪᠴᠢᠨ ᠰᠤᠭᠤ ᠠ᠋ᠴᠠ ᠬᠡᠳᠦ ᠬᠡᠳᠦ ᠪᠡᠷ ᠳᠡᠯᠭᠡᠷᠡᠨ᠎ᠡ᠂ ᠪᠠᠭ ᠴᠡᠴᠡᠭ ᠦ᠋ᠨ ᠳ᠋ᠢᠶᠠᠮᠧᠲ᠋ᠷ ᠨᠢ ᠪᠠᠷᠤᠭ3cm ᠣᠷᠴᠢᠮ᠃ ᠶᠡᠷᠦᠩᠬᠡᠢ ᠪᠠᠭᠯᠠᠭᠴᠢ ᠨᠢ ᠪᠠᠷᠤᠭ10 ᠮᠥᠷ᠂ ᠴᠡᠴᠡᠭ ᠦ᠋ᠨ ᠳᠡᠯᠪᠢ ᠨᠢ ᠪᠠᠷᠠᠭᠠᠨ ᠪᠣᠷᠣ ᠥᠩᠭᠡ ᠲᠡᠢ᠂ ᠲᠠᠪᠤᠨ ᠰᠡᠵᠢᠭᠦᠷ ᠲᠡᠢ᠃5 ᠡᠷ᠎ᠡ ᠲᠣᠭᠣᠷᠴᠣᠭ ᠲᠠᠢ᠂ ᠨᠡᠢᠯᠡᠮᠡᠯ ᠲᠣᠭᠣᠰᠣᠪᠴᠢ ᠲᠠᠢ᠂ ᠳᠣᠣᠷᠠᠲᠤ ᠣᠷᠣᠨᠲᠤ ᠤᠮᠠᠢ ᠲᠠᠢ᠂ ᠴᠡᠴᠡᠭ ᠦ᠋ᠨ ᠪᠠᠭᠠᠨ᠎ᠠ ᠨᠢ ᠴᠡᠴᠡᠭ ᠦ᠋ᠨ ᠳᠡᠯᠪᠢ ᠶ᠋ᠢᠨ ᠭᠠᠳᠠᠨ᠎ᠠ ᠰᠤᠨᠵᠤ ᠭᠠᠷᠳᠠᠭ᠃ ᠲᠤᠷᠠᠩᠬᠠᠢ ᠵᠢᠮᠢᠰ ᠨᠢ ᠤᠷᠲᠤ ᠱᠣᠷᠣᠯᠵᠢᠨ ᠬᠡᠯᠪᠡᠷᠢ ᠲᠡᠢ᠂ ᠬᠣᠶᠠᠷ ᠮᠥᠷ ᠥᠳᠥᠯᠢᠭ ᠲᠢᠲᠢᠮ ᠦᠰᠦ ᠲᠡᠢ᠃7~8 ᠳ᠋ᠤᠭᠠᠷ ᠰᠠᠷ᠎ᠠ ᠳ᠋ᠤ᠌ ᠴᠡᠴᠡᠭᠯᠡᠵᠦ᠂8~10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠲᠠᠭ ᠤ᠋ᠨ ᠤᠷᠭᠤᠮᠠᠯ᠂ ᠣᠯᠠᠩᠬᠢ ᠳ᠋ᠠᠭᠠᠨ ᠳᠠᠯᠠᠢ ᠶ᠋ᠢᠨ ᠲᠦᠪᠰᠢᠨ ᠡᠴᠡ2500m ᠠ᠋ᠴᠠ ᠳᠡᠭᠡᠭᠰᠢ ᠥᠨᠳᠥᠷ ᠠᠭᠤᠯᠠ ᠶ᠋ᠢᠨ ᠲᠡᠭᠰᠢ ᠲᠠᠯ᠎ᠠ ᠪᠠ ᠳᠣᠪᠣᠴᠠᠭ ᠢ᠋ᠶ᠋ᠠᠷ ᠤᠷᠭᠤᠳᠠᠭ᠃ ᠤᠤᠯ ᠳ᠋ᠠᠭᠠᠨ ᠡᠨᠡᠳᠬᠡᠭ ᠲᠦ᠍ ᠭᠠᠷᠳᠠᠭ᠃ ᠮᠠᠨ ᠤ᠋ ᠤᠯᠤᠰ ᠤ᠋ᠨ ᠱᠠᠨᠰᠢ᠂ ᠭᠠᠨᠰᠦ᠂ ᠬᠤᠪᠧᠢ᠂ ᠬᠤᠨᠠᠨ᠂ ᠭᠤᠸᠠᠩᠳᠦᠩ᠂ ᠭᠤᠸᠠᠩᠰᠢ᠂ ᠰᠧᠴᠤᠸᠠᠨ᠂ ᠶᠦᠨᠨᠠᠨ᠂ ᠲᠥᠪᠡᠳ ᠵᠡᠷᠭᠡ ᠮᠣᠵᠢ ᠣᠷᠣᠨ ᠳ᠋ᠤ᠌ ᠠᠷᠠᠴᠢᠯᠠᠨ ᠲᠠᠷᠢᠵᠤ ᠪᠠᠢᠨ᠎ᠠ᠃
[ᠲᠡᠭᠦᠵᠦ ᠪᠣᠯᠪᠠᠰᠤᠷᠠᠭᠤᠯᠬᠤ] ᠨᠠᠮᠤᠷ᠂ ᠡᠪᠦᠯ ᠦ᠋ᠨ ᠤᠯᠠᠷᠢᠯ ᠳ᠋ᠤ᠌ ᠮᠠᠯᠲᠠᠨ ᠠᠪᠴᠤ᠂ ᠬᠣᠯᠢᠮᠠᠭ ᠵᠦᠢᠯ ᠢ᠋ ᠨᠢ ᠠᠷᠢᠯᠭᠠᠭᠠᠳ ᠬᠠᠲᠠᠭᠠᠭᠰᠠᠨ ᠤ᠋ ᠰᠡᠭᠦᠯᠡᠷ ᠠᠷᠵᠠᠭᠠᠷ ᠬᠠᠯᠢᠰᠤ ᠶ᠋ᠢ ᠨᠢ ᠱᠦᠷᠭᠦᠭᠡᠵᠦ ᠤᠨᠠᠭᠠᠨ᠎ᠠ᠃
[ ᠠᠮᠲᠠ᠂ ᠴᠢᠨᠠᠷ᠂ ᠡᠷᠳᠡᠮ] ᠭᠤᠱᠤᠭᠤᠨ᠂ ᠭᠠᠰᠢᠭᠤᠨ ᠠᠮᠲᠠ ᠲᠠᠢ᠂ ᠪᠦᠯᠢᠶᠡᠨ ᠴᠢᠨᠠᠷ ᠲᠠᠢ᠃ ᠲᠣᠰᠣᠯᠢᠭ᠂ ᠰᠢᠷᠦᠭᠦᠨ᠂ ᠬᠥᠩᠭᠡᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠪᠠᠳᠭ᠋ᠠᠨ ᠢ᠋ ᠠᠷᠢᠯᠭᠠᠬᠤ᠂ ᠬᠡᠢ ᠴᠢᠰᠤ ᠬᠠᠷᠰᠢᠯᠳᠤᠭᠰᠠᠨ ᠢ᠋ ᠳᠠᠷᠤᠬᠤ᠂ ᠪᠡᠲᠡᠭᠢ ᠶ᠋ᠢ ᠡᠪᠳᠡᠬᠦ᠂ ᠮᠠᠬᠠᠪᠣᠳ ᠢ᠋ ᠲᠡᠭᠰᠢᠳᠬᠡᠬᠦ᠂ ᠦᠭᠡᠷᠢ ᠴᠠᠷ ᠢ᠋ ᠲᠠᠲᠠᠬᠤ᠂ ᠢᠯᠵᠢᠷᠡᠬᠦ ᠶ᠋ᠢ ᠵᠣᠭᠰᠣᠭᠠᠬᠤ᠂ ᠡᠪᠡᠳᠬᠦ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠭᠤ ᠡᠯᠢᠭᠡ ᠳᠡᠯᠢᠭᠦᠨ ᠤ᠋ ᠪᠠᠳᠭ᠋ᠠᠨ ᠡᠪᠡᠳᠴᠢᠨ᠂ ᠰᠢᠷ᠎ᠠ ᠶ᠋ᠢᠨ ᠪᠡᠲᠡᠭᠢ᠂ ᠴᠢᠰᠤᠨ ᠪᠡᠲᠡᠭᠢ᠂ ᠬᠣᠳᠣᠭᠣᠳᠣᠨ ᠴᠠᠩᠬ᠎ᠠ᠂ ᠪᠣᠷᠣ ᠬᠠᠷᠰᠢᠯᠳᠤᠭᠰᠠᠨ᠂ ᠠᠭᠤᠰᠬᠢᠨ ᠤ᠋ ᠦᠭᠡᠷᠢ᠂ ᠴᠢᠬᠢᠨ ᠡᠴᠡ ᠢᠳᠡᠭᠡ ᠥᠭᠡᠷᠢ ᠴᠤᠪᠤᠷᠠᠬᠤ᠂ ᠰᠠᠬᠤᠤ᠂ ᠬᠡᠢ ᠴᠢᠰᠤ ᠬᠢᠮᠤᠷᠠᠭᠰᠠᠨ ᠵᠡᠷᠭᠡ ᠡᠪᠡᠳᠴᠢᠨ ᠢ᠋ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄木香
ᠠᠩᠭ᠌ᠯᠢ ᠨᠡᠷ᠎ᠡ᠄Aucklandia lappa Decne
ᠦᠰᠦᠭ ᠠᠮᠢᠯᠠᠭᠤᠯᠤᠭᠴᠢ᠄ ᠣᠶᠤᠨᠴᠢᠮᠡᠭ
ᠬᠢᠨᠠᠭᠴᠢ᠄ ᠲᠤᠶᠠᠭ᠎ᠠ
