1. ᠲᠡᠷᠢᠭᠦᠨ ᠨᠢᠭᠤᠷ >
  2. ᠨᠡᠪᠲᠡᠷᠡᠭᠦᠯᠭᠡ >
  3. 《ᠳᠡᠭᠡᠭ ᠦ᠋ᠨ ᠨᠠᠮᠤᠷ》 ᠰᠣᠶᠣᠯ ᠤ᠋ᠨ ᠴᠢᠭᠤᠯᠭᠠᠨ“ Дээгийн намар” соёлын чуулган

《ᠳᠡᠭᠡᠭ ᠦ᠋ᠨ ᠨᠠᠮᠤᠷ》 ᠰᠣᠶᠣᠯ ᠤ᠋ᠨ ᠴᠢᠭᠤᠯᠭᠠᠨ“ Дээгийн намар” соёлын чуулган

《ᠳᠡᠭᠡᠭ ᠦ᠋ᠨ ᠨᠠᠮᠤᠷ》 ᠰᠣᠶᠣᠯ ᠤ᠋ᠨ ᠴᠢᠭᠤᠯᠭᠠᠨ

《ᠳᠡᠭᠡᠭ ᠦ᠋ᠨ ᠨᠠᠮᠤᠷ》 ᠰᠣᠶᠣᠯ ᠤ᠋ᠨ ᠴᠢᠭᠤᠯᠭᠠᠨ ᠤ᠋ ᠨᠠ᠊ ᠰᠠᠢᠨᠴᠣᠭᠲᠣ ᠶ᠋ᠢᠨ ᠮᠡᠨᠳᠦᠯᠡᠭᠰᠡᠨ ᠵᠠᠭᠤ ᠠᠷᠪᠠᠨ ᠵᠢᠯ ᠦ᠋ᠨ ᠣᠢ ᠪᠣᠯᠤᠨ ᠰᠣᠶᠣᠯ ᠤ᠋ᠨ ᠴᠢᠭᠤᠯᠭᠠᠨ ᠪᠠᠢᠭᠤᠯᠤᠭᠳᠠᠭᠰᠠᠨ ᠠᠷᠪᠠᠨ ᠲᠠᠪᠤᠨ ᠵᠢᠯ ᠦ᠋ᠨ ᠣᠢ ᠪᠠᠨ ᠳᠤᠷᠠᠰᠬᠠᠨ ᠲᠡᠮᠳᠡᠭᠯᠡᠬᠦ ᠠᠵᠢᠯᠯᠠᠭ᠎ᠠ ᠨᠠᠢ᠍ᠮᠠᠳᠤᠭᠠᠷ ᠰᠠᠷ᠎ᠠ ᠶ᠋ᠢᠨ ᠠᠷᠪᠠ ᠶᠢᠰᠦᠨ ᠦ᠌ ᠡᠳᠦᠷ ᠪᠠᠶᠠᠨᠲᠤᠭ ᠰᠤᠮᠤᠨ ᠤ᠋ ᠵᠠᠰᠠᠭ ᠤ᠋ᠨ ᠣᠷᠳᠣᠨ ᠤ᠋ ᠬᠤᠷᠠᠯ ᠤ᠋ᠨ ᠭᠡᠷ ᠲᠦ᠍ ᠠᠮᠵᠢᠯᠲᠠ ᠲᠠᠢ ᠶᠠᠪᠤᠭᠳᠠᠭᠰᠠᠨ ᠪᠠᠢᠨ᠎ᠠ᠃
ᠲᠤᠰ ᠤᠳᠠᠭᠠᠨ ᠤ᠋ ᠠᠵᠢᠯᠯᠠᠭ᠎ᠠ ᠪᠠᠷ ᠰᠢᠯᠤᠭᠤᠨ ᠬᠥᠪᠡᠭᠡᠲᠦ ᠴᠠᠭᠠᠨ ᠬᠤᠰᠢᠭᠤᠨ ᠤ᠋ ᠠᠵᠢᠯ ᠠ᠋ᠴᠠ ᠪᠠᠨ ᠠᠮᠠᠷᠠᠭᠰᠠᠨ ᠠᠬᠠᠮᠠᠳ ᠪᠠᠭᠰᠢ ᠨᠠᠷ ᠤ᠋ᠨ《ᠡᠭᠡᠴᠢ ᠳᠡᠭᠦᠦ》 ᠬᠣᠯᠪᠣᠭ᠎ᠠ᠂《ᠵᠥᠪ ᠤᠬᠠᠭᠠᠨ》 ᠬᠣᠯᠪᠣᠭ᠎ᠠ᠂ ᠰᠢᠯᠢᠩᠬᠣᠲᠠ ᠶ᠋ᠢᠨ ᠠᠬᠠᠮᠠᠳ ᠮᠠᠯᠴᠢᠳ ᠤ᠋ᠨ《ᠬᠤᠷᠠᠯᠲᠠᠢ》 ᠬᠣᠯᠪᠣᠭ᠎ᠠ᠂ ᠠᠪᠠᠭ᠎ᠠ ᠮᠠᠯᠴᠢᠳ ᠤ᠋ᠨ《ᠮᠣᠩᠭᠣᠯ ᠨᠣᠮ ᠤ᠋ᠨ ᠳᠡᠭᠡᠵᠢ》 ᠬᠣᠯᠪᠣᠭ᠎ᠠ᠂ ᠰᠥᠨᠢᠳ ᠵᠡᠭᠦᠨ ᠬᠤᠰᠢᠭᠤᠨ ᠤ᠋ ᠮᠠᠯᠴᠢᠳ ᠤ᠋ᠨ《ᠤᠶᠠᠩᠭ᠎ᠠ ᠶ᠋ᠢᠨ ᠬᠤᠷ᠎ᠠ》 ᠬᠣᠯᠪᠣᠭ᠎ᠠ᠂ ᠪᠠᠷᠠᠭᠤᠨ ᠦᠵᠦᠮᠦᠴᠢᠨ ᠬᠤᠰᠢᠭᠤᠨ ᠤ᠋《ᠮᠠᠯᠴᠢᠳ ᠤ᠋ᠨ ᠬᠠᠨᠢ》 ᠬᠣᠯᠪᠣᠭ᠎ᠠ ᠵᠡᠷᠭᠡ ᠸᠢᠴᠠᠲ ᠬᠣᠯᠪᠣᠭ᠎ᠠ ᠪᠠᠷ ᠨᠢᠭᠡᠴᠢᠯᠡᠨ ᠣᠷᠣᠯᠴᠠᠭᠰᠠᠨ ᠶᠤᠮ᠃
ᠠᠵᠢᠯᠯᠠᠭ᠎ᠠ ᠨᠢ ᠪᠠᠭ᠎ᠠ ᠰᠤᠷᠭᠠᠭᠤᠯᠢ ᠶ᠋ᠢᠨ ᠰᠤᠷᠤᠭᠴᠢᠳ ᠤ᠋ᠨ ᠳᠠᠭᠤᠤ ᠶ᠋ᠢᠨ ᠤᠷᠤᠯᠳᠤᠭᠠᠨ᠂ ᠠᠩᠬ᠎ᠠ ᠳᠤᠮᠳᠠᠳᠤ ᠰᠤᠷᠭᠠᠭᠤᠯᠢ ᠠ᠋ᠴᠠ ᠶᠡᠬᠡ ᠰᠤᠷᠭᠠᠭᠤᠯᠢ ᠶ᠋ᠢᠨ ᠰᠤᠷᠤᠭᠴᠢᠳ ᠤ᠋ᠨ ᠨᠣᠮ ᠤᠩᠰᠢᠯᠭ᠎ᠠ ᠶ᠋ᠢᠨ ᠤᠷᠤᠯᠳᠤᠭᠠᠨ ᠵᠢᠴᠢ ᠳᠥᠷᠪᠡᠳᠦᠭᠡᠷ ᠤᠳᠠᠭᠠᠨ ᠤ᠋《ᠴᠡᠴᠡᠨ》 ᠬᠤᠨᠳᠠᠭᠠᠲᠤ ᠶᠠᠷᠢᠶ᠎ᠠ ᠢᠯᠡᠳᠬᠡᠯ ᠦ᠋ᠨ ᠤᠷᠤᠯᠳᠤᠭᠠᠨ ᠪᠣᠯᠤᠨ ᠲᠠᠪᠤᠳᠠᠬᠢ ᠤᠳᠠᠭᠠᠨ ᠤ᠋《ᠦᠨᠳᠦᠰᠦᠨ ᠦ᠌ ᠬᠡᠯᠡ》 ᠬᠤᠨᠳᠠᠭᠠᠲᠤ ᠣᠶᠤᠨ ᠤ᠋ ᠮᠣᠩᠭᠣᠯ ᠠᠷᠠᠳ ᠤ᠋ᠨ《ᠵᠦᠢᠷ ᠰᠡᠴᠡᠨ ᠦᠭᠡ ᠶ᠋ᠢ ᠪᠦᠲᠦᠨ ᠪᠣᠯᠭᠠᠬᠤ》 ᠠᠰᠠᠭᠤᠯᠲᠠ ᠬᠠᠷᠢᠭᠤᠯᠲᠠ ᠶ᠋ᠢᠨ ᠤᠷᠤᠯᠳᠤᠭᠠᠨ ᠵᠡᠷᠭᠡ ᠪᠡᠷ ᠠᠭᠤᠯᠭ᠎ᠠ ᠪᠠᠶᠠᠯᠢᠭ ᠤᠴᠢᠷᠲᠠᠢ ᠰᠠᠢᠬᠠᠨ ᠶᠠᠪᠤᠭᠳᠠᠵᠤ ᠬᠤᠷᠠᠭᠰᠠᠨ ᠣᠯᠠᠨ ᠤ᠋ ᠠᠪᠢᠶᠠᠰ ᠠᠪᠬᠠᠯᠵᠢ ᠶ᠋ᠢ ᠰᠣᠷᠢᠯ᠎ᠠ᠃
ᠤᠷᠤᠯᠳᠤᠭᠠᠨ ᠤ᠋ ᠳ᠋ᠦᠩ ᠳ᠋ᠦ᠍ ᠪᠠᠭ᠎ᠠ ᠰᠤᠷᠭᠠᠭᠤᠯᠢ ᠶ᠋ᠢᠨ ᠳᠠᠭᠤᠤ ᠶ᠋ᠢᠨ ᠤᠷᠤᠯᠳᠤᠭᠠᠨ ᠳ᠋ᠤ᠌ ᠠᠪᠠᠭ᠎ᠠ ᠨᠢᠭᠡᠳᠦᠭᠡᠷ ᠪᠠᠭ᠎ᠠ ᠰᠤᠷᠭᠠᠭᠤᠯᠢ ᠶ᠋ᠢᠨ ᠠᠶᠠᠨ ᠲᠡᠷᠢᠭᠦᠯᠡᠨ᠂ ᠠᠩᠬ᠎ᠠ ᠳᠤᠮᠳᠠᠳᠤ ᠰᠤᠷᠭᠠᠭᠤᠯᠢ ᠠ᠋ᠴᠠ ᠶᠡᠬᠡ ᠰᠤᠷᠭᠠᠭᠤᠯᠢ ᠶ᠋ᠢᠨ ᠰᠤᠷᠤᠭᠴᠢᠳ ᠤ᠋ᠨ ᠨᠣᠮ ᠤᠩᠰᠢᠯᠭ᠎ᠠ ᠶ᠋ᠢᠨ ᠤᠷᠤᠯᠳᠤᠭᠠᠨ ᠳ᠋ᠤ᠌ ᠴᠠᠭᠠᠨᠨᠠᠭᠤᠷ ᠪᠠᠯᠭᠠᠰᠤᠨ ᠤ᠋ ᠤᠷᠠᠨᠰᠣᠳᠣ ᠲᠡᠷᠢᠭᠦᠯᠡᠨ᠂ ᠶᠠᠷᠢᠶ᠎ᠠ ᠢᠯᠡᠳᠬᠡᠯ ᠦ᠋ᠨ ᠤᠷᠤᠯᠳᠤᠭᠠᠨ ᠳ᠋ᠤ᠌ ᠪᠠᠶᠠᠨᠲᠤᠭ ᠰᠤᠮᠤᠨ ᠤ᠋ ᠶᠢᠰᠦᠨ ᠭᠠᠴᠠᠭᠠᠨ ᠤ᠋ ᠡᠮᠡᠭᠲᠡᠢᠴᠦᠳ ᠦ᠋ᠨ ᠬᠣᠯᠪᠣᠭᠠᠲᠤ ᠬᠤᠷᠠᠯ ᠤ᠋ᠨ ᠲᠥᠯᠥᠭᠡᠯᠡᠭᠴᠢ ᠭᠡᠰᠢᠭᠦᠳ《ᠨᠣᠮ ᠤᠩᠰᠢᠬᠤ ᠶ᠋ᠢᠨ ᠰᠠᠢᠨ ᠲᠠᠯ᠎ᠠ ᠨᠢ ᠬᠠᠮᠢᠭ᠎ᠠ ᠪᠠᠢᠬᠤ ᠪᠣᠢ?》 ᠭᠡᠬᠦ ᠰᠡᠳᠦᠪ ᠦ᠋ᠨ ᠲᠣᠭᠣᠷᠢᠨ ᠳ᠋ᠤ᠌ ᠬᠡᠯᠡᠨ ᠦ᠌ ᠤᠷᠠᠨ ᠰᠢᠯᠭᠠᠭᠰᠠᠨ ᠤ᠋ ᠳ᠋ᠦᠩ ᠳ᠋ᠦ᠍ ᠳᠡᠯᠭᠡᠷᠪᠤᠯᠠᠭ ᠭᠠᠴᠠᠭᠠᠨ ᠤ᠋ ᠠᠩᠭᠢᠷ ᠲᠡᠷᠢᠭᠦᠯᠡᠵᠡᠢ᠃《ᠵᠦᠢᠷ ᠰᠡᠴᠡᠨ ᠦᠭᠡ ᠶ᠋ᠢ ᠪᠦᠲᠦᠨ ᠪᠣᠯᠭᠠᠬᠤ》 ᠤᠷᠤᠯᠳᠤᠭᠠᠨ ᠳ᠋ᠤ᠌《ᠳᠡᠭᠡᠭ ᠦ᠋ᠨ ᠨᠠᠮᠤᠷ》 ᠰᠣᠶᠣᠯ ᠤ᠋ᠨ ᠴᠢᠭᠤᠯᠭᠠᠨ ᠤ᠋ ᠭᠡᠰᠢᠭᠦᠳ ᠪᠣᠯᠤᠨ《ᠨᠣᠮ ᠤ᠋ᠨ ᠳᠡᠭᠡᠵᠢ》 ᠬᠣᠯᠪᠣᠭ᠎ᠠ ᠶ᠋ᠢᠨ ᠭᠡᠰᠢᠭᠦᠳ ᠤᠬᠠᠭᠠᠨ ᠰᠣᠷᠢᠨ᠂ ᠰᠢᠯᠢᠩᠬᠣᠲᠠ ᠶ᠋ᠢᠨ ᠪᠠᠶᠠᠨᠪᠤᠯᠠᠭ ᠰᠤᠮᠤᠨ ᠤ᠋ ᠰᠣᠶᠣᠯᠪᠠᠭᠠᠲᠤᠷ ᠲᠡᠷᠢᠭᠦᠯᠡᠯ᠎ᠡ᠃
ᠳᠠᠭᠤᠤ ᠲᠠᠢ᠂ ᠰᠣᠶᠣᠯ ᠲᠠᠢ᠂ ᠳᠤᠷᠠᠰᠤᠮᠵᠢ ᠳᠦᠭᠦᠷᠡᠩ᠂ ᠤᠷᠤᠯᠳᠤᠭᠠᠨ ᠡᠮᠬᠢ ᠴᠡᠭᠴᠡ ᠲᠡᠢ᠂ ᠡᠷᠡᠮᠪᠡ ᠳᠠᠷᠠᠭᠠᠯᠠᠨ ᠶᠠᠪᠤᠭᠳᠠᠵᠤ᠂ ᠵᠣᠷᠢᠵᠤ ᠣᠴᠢᠭᠰᠠᠨ ᠪᠣᠯᠭᠠᠨ ᠤ᠋ ᠣᠯᠤᠯᠲᠠ ᠶᠡᠬᠡᠬᠡᠨ ᠪᠠᠢᠯ᠎ᠠ᠃

   ᠦᠰᠦᠭ ᠠᠮᠢᠯᠠᠭᠤᠯᠤᠭᠴᠢ᠄ ᠮᠥᠩᠬᠡ ᠭᠠᠯ
   ᠦᠰᠦᠭ ᠬᠠᠳᠠᠭᠴᠢ᠄ ᠮᠥᠩᠬᠡ ᠭᠠᠯ
   ᠬᠢᠨᠠᠭᠴᠢ᠄ ᠪᠠᠶᠠᠨᠴᠡᠴᠡᠭ