ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 25 Нэгэн ном тавцан үн өдөр үн тэмдэглэлээс – 25 ᠨᠠᠢᠷᠠᠭᠤᠯᠤᠯ ᠥᠭᠦᠯᠡᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 25 Нэгэн ном тавцан үн өдөр үн тэмдэглэлээс – 25

ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 25 Нэгэн ном тавцан үн өдөр үн тэмдэглэлээс – 25

2025-03-04

359


       
       ᠨᠢᠭᠡ ᠬᠥᠮᠦᠨ ᠪᠣᠷᠣᠭᠠᠨ ᠠ᠋ᠴᠠ ᠳᠠᠯᠳᠠᠯᠠᠵᠤ ᠰᠠᠷᠠᠪᠴᠢᠨ ᠳᠣᠣᠷ᠎ᠠ ᠵᠣᠭᠰᠣᠵᠤ ᠪᠠᠢᠭᠰᠠᠨ ᠴᠢᠨᠢ᠂ ᠪᠣᠷᠣᠭᠠᠨ ᠤ᠋ ᠳᠤᠮᠳᠠ ᠪᠣᠳᠢᠰᠠᠳ᠋ᠸ᠎ᠠ ᠢᠯᠡᠷᠡᠭᠰᠡᠨ ᠭᠡᠨ᠎ᠡ᠃ ᠲᠡᠷᠡ ᠬᠥᠮᠦᠨ᠄《ᠲᠠ ᠠᠮᠢᠲᠠᠨ ᠵᠢᠷᠭᠤᠭᠠᠨ ᠵᠦᠢᠯ ᠢ᠋ ᠠᠪᠤᠷᠠᠳᠠᠭ ᠤᠴᠢᠷ ᠠ᠋ᠴᠠ ᠨᠠᠮᠠᠶ᠋ᠢ ᠪᠣᠷᠣᠭᠠᠨ ᠠ᠋ᠴᠠ ᠵᠠᠢᠯᠠᠭᠤᠯᠤᠭᠠᠳ ᠥᠭᠭᠦᠨ᠎ᠡ ᠤᠤ?》 ᠭᠡᠵᠦ ᠭᠤᠶᠤᠭᠰᠠᠨ ᠳ᠋ᠤ᠌ ᠪᠣᠳᠢᠰᠠᠳ᠋ᠸ᠎ᠠ᠄《ᠲᠠ ᠰᠠᠷᠠᠪᠴᠢᠨ ᠳᠣᠣᠷ᠎ᠠ ᠳᠠᠯᠳᠠᠯᠠᠵᠤ ᠪᠠᠢᠨ᠎ᠠ᠃ ᠪᠢ ᠪᠣᠷᠣᠭᠠᠨ ᠤ᠋ ᠳᠤᠮᠳᠠ ᠵᠣᠭᠰᠣᠵᠤ ᠪᠠᠢᠨ᠎ᠠ᠃ ᠴᠢ ᠨᠠᠳᠠ ᠠ᠋ᠴᠠ ᠢᠯᠡᠭᠦᠦ ᠠᠵᠠ ᠲᠠᠢ》 ᠭᠡᠰᠡᠨ ᠭᠡᠨ᠎ᠡ᠃ ᠢᠩᠭᠢᠭᠡᠳ ᠡᠨᠡ ᠬᠥᠮᠦᠨ ᠭᠦᠶᠦᠵᠦ ᠭᠠᠷᠴᠤ ᠢᠷᠡᠭᠡᠳ ᠪᠣᠷᠣᠭᠠᠨ ᠳ᠋ᠤ᠌ ᠨᠣᠷᠤᠭᠳᠠᠭᠠᠳ《ᠣᠳᠣ ᠨᠠᠮᠠᠶ᠋ᠢ ᠠᠪᠤᠷᠠᠴᠢᠬ᠎ᠠ》 ᠭᠡᠰᠡᠨ ᠳ᠋ᠦ᠍ ᠪᠣᠳᠢᠰᠠᠳ᠋ᠸ᠎ᠠ᠄《ᠨᠠᠮᠠᠶ᠋ᠢ ᠪᠣᠯ ᠰᠢᠭᠦᠷ ᠪᠣᠷᠣᠭᠠᠨ ᠠ᠋ᠴᠠ ᠳᠠᠯᠳᠠᠯᠠᠵᠤ ᠪᠠᠢᠨ᠎ᠠ᠂ ᠶᠠᠭ ᠦᠨᠡᠨ ᠳ᠋ᠡᠭᠡᠨ ᠨᠠᠮ᠎ᠠ ᠶ᠋ᠢ ᠭᠤᠶᠤᠬᠤ ᠪᠢᠰᠢ᠂ ᠰᠢᠬᠦᠷ ᠢ᠋ ᠭᠤᠶᠤᠬᠤ ᠬᠡᠷᠡᠭᠲᠡᠢ》 ᠭᠡᠵᠡᠢ᠃ ᠲᠡᠭᠡᠭᠡᠳ ᠮᠠᠷᠭᠠᠰᠢ ᠨᠢ ᠡᠨᠡ ᠬᠥᠮᠦᠨ ᠰᠦᠮ᠎ᠡ ᠳ᠋ᠦ᠍ ᠣᠴᠢᠭᠠᠳ ᠮᠥᠷᠭᠥᠭᠰᠡᠨ ᠳ᠋ᠦ᠍ ᠪᠣᠳᠢᠰᠠᠳ᠋ᠸ᠎ᠠ ᠥᠪᠡᠷ ᠦ᠋ᠨ ᠬᠥᠷᠥᠭ ᠲᠦ᠍ ᠪᠡᠨ ᠮᠥᠷᠭᠥᠵᠦ ᠪᠠᠢᠵᠠᠢ᠃《ᠲᠠ ᠪᠣᠳᠢᠰᠠᠳ᠋ᠸ᠎ᠠ ᠪᠠᠢᠭᠠᠳ ᠶᠠᠭᠠᠬᠢᠭᠠᠳ ᠥᠪᠡᠷ ᠦ᠋ᠨ ᠪᠡᠶ᠎ᠡ ᠳ᠋ᠦ᠍ ᠪᠡᠨ ᠮᠥᠷᠭᠥᠵᠦ ᠪᠠᠢᠭ᠎ᠠ ᠪᠣᠢ?》 ᠭᠡᠰᠡᠨ ᠳ᠋ᠦ᠍ ᠪᠣᠳᠢᠰᠠᠳ᠋ᠸ᠎ᠠ᠄《ᠦᠨᠡᠨ ᠳ᠋ᠡᠭᠡᠨ ᠡᠨᠡ ᠳᠡᠯᠡᠬᠡᠢ ᠳ᠋ᠦ᠍ ᠬᠠᠮᠤᠭ ᠤ᠋ᠨ ᠲᠦᠰᠢᠭ ᠪᠣᠯ ᠥᠪᠡᠷ ᠦ᠋ᠨ ᠪᠡᠶ᠎ᠡ ᠰᠢᠦ》 ᠭᠡᠪᠡ᠃  

       ᠦᠰᠦᠭ ᠠᠮᠢᠯᠠᠭᠤᠯᠤᠭᠴᠢ᠄ ᠡᠩᠬᠡᠪᠠᠲᠤ  
          ᠦᠰᠦᠭ ᠬᠢᠨᠠᠭᠴᠢ᠄ ᠪᠠᠶᠠᠷᠴᠡᠴᠡᠭ