ᠵᠦᠯᠭᠡᠨ ᠬᠦᠵᠢЗүлгэн гөжZülgen göj
ᠵᠦᠯᠭᠡᠨ ᠬᠦᠵᠢ
ᠲᠤᠰ ᠡᠮ ᠪᠣᠯ ᠰᠡᠷᠬᠡᠯᠢᠭ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠵᠦᠯᠭᠡᠨ ᠬᠦᠵᠢ ᠶ᠋ᠢᠨ ᠬᠠᠲᠠᠭᠠᠭᠰᠠᠨ ᠦᠨᠳᠦᠰᠦ ᠪᠣᠯᠤᠨ ᠦᠨᠳᠦᠰᠦᠯᠢᠭ ᠡᠰᠢ ᠮᠥᠨ᠃ ᠪᠠᠰᠠ ᠪᠠᠩᠪᠤᠢ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃30~150cm ᠥᠨᠳᠥᠷ᠂ ᠦᠨᠳᠦᠰᠦᠯᠢᠭ ᠡᠰᠢ ᠨᠢ ᠲᠣᠭᠣᠷᠢᠭ ᠱᠣᠷᠣᠯᠵᠢᠨ ᠰᠢᠭ᠋᠂ ᠦᠨᠳᠦᠰᠦ ᠨᠢ ᠨᠠᠷᠢᠨ ᠤᠷᠲᠤ᠂ ᠦᠨᠳᠦᠰᠦᠯᠢᠭ ᠡᠰᠢᠨ ᠳᠡᠭᠡᠷ᠎ᠡ ᠪᠠᠭᠯᠠᠷᠠᠵᠤ ᠤᠷᠭᠤᠨ᠎ᠠ᠂ ᠰᠢᠷᠠᠪᠲᠤᠷ ᠬᠦᠷᠡᠩ ᠥᠩᠭᠡ ᠲᠡᠢ᠂ ᠡᠲᠡᠭᠡᠳ ᠠᠩᠬᠢᠯᠤᠮ᠎ᠠ ᠦᠨᠦᠷ ᠲᠡᠢ᠃ ᠡᠰᠢ ᠨᠢ ᠰᠢᠯᠤᠭᠤᠨ᠂ ᠭᠤᠯᠳᠤ ᠢᠷᠮᠡᠭ ᠲᠡᠢ᠂ ᠴᠠᠭᠠᠨ ᠪᠦᠳᠦᠭᠦᠨ ᠦᠰᠦ ᠲᠡᠢ᠃ ᠤᠵᠠᠭᠤᠷ ᠤ᠋ᠨ ᠨᠠᠪᠴᠢ ᠨᠢ ᠪᠤᠲᠠᠯᠠᠨ᠎ᠠ᠃ ᠥᠳᠥᠯᠢᠭ ᠨᠡᠢᠯᠡᠮᠡᠯ ᠨᠠᠪᠴᠢ ᠲᠠᠢ᠂ ᠥᠳᠥᠯᠢᠭ ᠭᠦᠨ ᠣᠨᠢ ᠲᠠᠢ᠂ ᠤᠷᠲᠤ ᠪᠠᠷᠢᠭᠤᠯ ᠲᠠᠢ᠂ ᠤᠭ ᠨᠢ ᠲᠣᠭᠳᠣᠢ ᠰᠢᠭ᠋᠂ ᠡᠰᠢᠨ ᠳ᠋ᠡᠬᠢ ᠨᠠᠪᠴᠢ ᠨᠢ ᠴᠢᠭᠲᠠᠯᠠᠨ᠎ᠠ᠂ ᠰᠣᠨᠳᠣᠭᠣᠢ ᠥᠳᠥᠯᠢᠭ ᠭᠦᠢᠴᠡᠳ ᠣᠨᠢ ᠭᠠᠷᠴᠤ ᠨᠡᠢᠯᠡᠮᠡᠯ ᠨᠠᠪᠴᠢ ᠰᠢᠭ᠋ ᠪᠣᠯᠳᠠᠭ᠃ ᠰᠡᠵᠢᠭᠦᠷ ᠢᠯᠲᠠᠰᠤ ᠨᠢ2~5 ᠬᠣᠣᠰ᠂ ᠥᠨᠳᠡᠭᠡᠯᠵᠢᠨ ᠬᠠᠪᠲᠠᠭᠠᠢ ᠲᠡᠪᠡᠨᠡ᠂ ᠬᠠᠪᠲᠠᠭᠠᠢ ᠲᠡᠪᠡᠨᠡ᠂ ᠵᠤᠤᠪᠠᠩ ᠪᠤᠶᠤ ᠪᠦᠰᠡ ᠬᠡᠯᠪᠡᠷᠢ ᠲᠡᠢ᠂4~13cm ᠤᠷᠲᠤ᠂3~8cm ᠥᠷᠭᠡᠨ᠂ ᠭᠣᠣᠯ ᠤ᠋ᠨ ᠰᠡᠵᠢᠭᠦᠷ ᠢᠯᠲᠠᠰᠤ ᠨᠢ ᠵᠢᠭᠠᠬᠠᠨ ᠲᠣᠮᠣ᠂ ᠬᠠᠵᠠᠭᠤ ᠶ᠋ᠢᠨ ᠰᠡᠵᠢᠭᠦᠷ ᠢᠯᠲᠠᠰᠤ ᠲᠠᠢ ᠪᠠᠨ ᠢᠵᠢᠯ ᠬᠡᠯᠪᠡᠷᠢ ᠲᠡᠢ᠂ ᠪᠦᠲᠦᠨ ᠬᠥᠪᠡᠭᠡ ᠲᠡᠢ ᠪᠤᠶᠤ ᠡᠮᠬᠢ ᠦᠭᠡᠢ ᠮᠤᠬᠤᠷ ᠬᠢᠷᠥᠭᠡᠨ ᠰᠢᠳᠦᠲᠦ ᠬᠥᠪᠡᠭᠡ ᠲᠡᠢ᠃ ᠲᠡᠭᠰᠢ ᠣᠷᠣᠢᠲᠤ ᠪᠠᠭ ᠴᠡᠴᠡᠭ ᠨᠢ ᠡᠰᠢᠨ ᠦ᠌ ᠣᠷᠣᠢ ᠳ᠋ᠤᠨᠢ ᠳᠡᠯᠭᠡᠷᠡᠨ᠎ᠡ᠃ ᠴᠡᠴᠡᠭ ᠨᠢ ᠵᠢᠵᠢᠭ᠂ ᠶᠠᠭᠠᠨ ᠪᠤᠶᠤ ᠴᠠᠭᠠᠨ ᠥᠩᠭᠡ ᠲᠡᠢ᠃ ᠴᠡᠴᠡᠭ ᠦ᠋ᠨ ᠲᠣᠭᠳᠣᠢ ᠨᠢ ᠳᠣᠲᠣᠭᠰᠢ ᠬᠤᠮᠢᠷᠠᠨ᠎ᠠ᠃ ᠴᠡᠴᠡᠭ ᠦ᠋ᠨ ᠳᠡᠯᠪᠢ ᠨᠢ ᠬᠣᠭᠣᠯᠠᠢ ᠰᠢᠭ᠋ ᠬᠤᠩᠬ᠎ᠠ ᠬᠡᠯᠪᠡᠷᠢ ᠲᠡᠢ᠂3 ᠣᠨᠢ ᠲᠠᠢ᠃3 ᠡᠷ᠎ᠡ ᠲᠣᠭᠣᠷᠴᠣᠭ ᠲᠠᠢ᠂ ᠴᠡᠴᠡᠭ ᠦ᠋ᠨ ᠳᠡᠯᠪᠢ ᠶ᠋ᠢᠨ ᠢ᠋ᠶ᠋ᠡᠨ ᠬᠣᠭᠣᠯᠠᠢ ᠳᠡᠭᠡᠷ᠎ᠡ ᠤᠷᠭᠤᠨ᠎ᠠ᠃ ᠳᠣᠣᠷᠠᠲᠤ ᠣᠷᠣᠨᠲᠤ ᠤᠮᠠᠢ ᠲᠠᠢ᠃ ᠲᠤᠷᠠᠩᠬᠠᠢ ᠵᠢᠮᠢᠰ ᠨᠢ ᠨᠠᠷᠢᠨ ᠥᠨᠳᠡᠭᠡᠯᠵᠢᠨ ᠬᠡᠯᠪᠡᠷᠢ ᠲᠡᠢ᠂ ᠣᠷᠣᠢ ᠳ᠋ᠤᠨᠢ ᠥᠳᠥᠯᠢᠭ ᠲᠢᠲᠢᠮ ᠦᠰᠦ ᠲᠡᠢ᠃6~9 ᠳ᠋ᠦ᠍ᠭᠡᠷ ᠰᠠᠷ᠎ᠠ ᠳ᠋ᠤ᠌ ᠴᠡᠴᠡᠭᠯᠡᠵᠦ᠂7~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠠᠭᠤᠯᠠ ᠶ᠋ᠢᠨ ᠠᠷᠤ ᠬᠠᠵᠠᠭᠤ ᠶ᠋ᠢᠨ ᠣᠢ ᠳᠣᠲᠣᠷ᠎ᠠ᠂ ᠪᠤᠲᠠ ᠰᠥᠭᠡᠭ ᠳᠤᠮᠳᠠ᠂ ᠴᠢᠭᠢᠭᠯᠢᠭ ᠨᠣᠢᠲᠠᠨ ᠭᠠᠵᠠᠷ ᠲᠤ ᠤᠷᠭᠤᠨ᠎ᠠ᠃ ᠮᠠᠨ ᠤ᠋ ᠤᠯᠤᠰ ᠤ᠋ᠨ ᠵᠡᠭᠦᠨ ᠬᠣᠢᠲᠤ ᠣᠷᠣᠨ ᠠ᠋ᠴᠠ ᠪᠠᠷᠠᠭᠤᠨ ᠡᠮᠦᠨᠡᠲᠦ ᠣᠷᠣᠨ ᠬᠦᠷᠲᠡᠯ᠎ᠡ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠨᠠᠮᠤᠷ ᠦᠨᠳᠦᠰᠦ ᠪᠠ ᠦᠨᠳᠦᠰᠦᠯᠢᠭ ᠡᠰᠢ ᠶ᠋ᠢ ᠨᠢ ᠮᠠᠯᠲᠠᠨ ᠠᠪᠴᠤ᠂ ᠤᠬᠢᠶᠠᠨ ᠴᠡᠪᠡᠷᠯᠡᠭᠡᠳ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠂ ᠰᠡᠷᠢᠭᠦᠨ ᠴᠢᠨᠠᠷ ᠲᠠᠢ᠂ ᠬᠥᠩᠭᠡᠨ᠂ ᠮᠣᠬᠣᠳᠠᠭ᠂ ᠰᠢᠩᠭᠡᠨ᠂ ᠡᠶᠡᠯᠳᠡᠭ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠠᠷᠢᠯᠭᠠᠬᠤ᠂ ᠬᠣᠣᠷ ᠢ᠋ ᠲᠠᠢᠯᠬᠤ᠂ ᠲᠠᠢᠳᠬᠤᠷᠠᠭᠤᠯᠬᠤ᠂ ᠬᠠᠪᠤᠳᠠᠷ ᠢ᠋ ᠬᠠᠷᠢᠭᠤᠯᠬᠤ ᠴᠢᠳᠠᠯ ᠲᠠᠢ᠃ ᠭᠣᠣᠯᠳᠠᠭᠤ ᠬᠠᠭᠤᠴᠢᠷᠠᠭᠰᠠᠨ ᠬᠠᠯᠠᠭᠤᠨ᠂ ᠬᠣᠣᠷ ᠤ᠋ᠨ ᠬᠠᠯᠠᠭᠤᠨ᠂ ᠬᠣᠣᠷ ᠡᠪᠡᠳᠴᠢᠨ᠂ ᠨᠣᠢᠷ ᠬᠤᠯᠵᠢᠬᠤ᠂ ᠰᠡᠳᠬᠢᠯ ᠦ᠋ᠨ ᠡᠪᠡᠳᠴᠢᠨ᠂ ᠤᠨᠠᠳᠠᠭ ᠡᠪᠡᠳᠴᠢᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄ 缬草
ᠠᠩᠭ᠌ᠯᠢ ᠨᠡᠷ᠎ᠡ᠄ Veleriana officinalis L.
ᠦᠰᠦᠭ ᠠᠮᠢᠯᠠᠭᠤᠯᠤᠭᠴᠢ᠄ ᠴᠡᠪᠡᠷᠴᠡᠴᠡᠭ.
ᠬᠢᠨᠠᠭᠴᠢ᠄ ᠲᠤᠶᠠᠭ᠎ᠠ
