1. ᠲᠡᠷᠢᠭᠦᠨ ᠨᠢᠭᠤᠷ >
  2. ᠨᠡᠪᠲᠡᠷᠡᠭᠦᠯᠭᠡ >
  3. ᠴᠠᠭᠠᠨ ᠦᠨᠳᠦᠰᠦЦагаан үндэсTsagaan ündes

ᠴᠠᠭᠠᠨ ᠦᠨᠳᠦᠰᠦЦагаан үндэсTsagaan ündes

2025-03-07

79

   ᠲᠤᠰ ᠡᠮ ᠪᠣᠯ ᠬᠤᠯᠤ ᠶ᠋ᠢᠨ ᠢᠵᠠᠭᠤᠷ ᠤ᠋ᠨ ᠤᠷᠭᠤᠮᠠᠯ ᠪᠣᠯᠬᠤ ᠭᠤᠸᠠᠯᠤ ᠪᠤᠶᠤ ᠶᠠᠫᠣᠨ ᠭᠤᠸᠠᠯᠤ ᠶ᠋ᠢᠨ ᠬᠠᠲᠠᠭᠠᠭᠰᠠᠨ ᠦᠨᠳᠦᠰᠦ ᠮᠥᠨ᠃
   [ᠤᠤᠯ ᠤᠷᠭᠤᠮᠠᠯ] 1. ᠭᠤᠸᠠᠯᠤ ᠣᠯᠠᠨ ᠨᠠᠰᠤᠲᠤ ᠡᠪᠡᠰᠦᠯᠢᠭ ᠳᠠᠩᠰᠠ ᠤᠷᠭᠤᠮᠠᠯ᠃ ᠲᠥᠮᠥᠰᠥᠯᠢᠭ ᠦᠨᠳᠦᠰᠦ ᠨᠢ ᠬᠥᠨᠳᠡᠯᠡᠨ ᠤᠷᠭᠤᠨ᠎ᠠ᠂ ᠪᠥᠭᠡᠷᠡᠩᠬᠡᠢ ᠪᠠᠭᠠᠨ᠎ᠠ ᠬᠡᠯᠪᠡᠷᠢ ᠲᠡᠢ᠂ ᠭᠦᠢᠬᠡᠨ ᠰᠢᠷᠠᠩᠭᠤᠢ ᠬᠦᠷᠡᠩ ᠥᠩᠭᠡ ᠲᠡᠢ᠃ᠡᠰᠢ ᠨᠢ ᠣᠯᠠᠩᠬᠢ ᠳ᠋ᠠᠭᠠᠨ ᠰᠠᠯᠠᠭᠠᠯᠠᠵᠤ᠂ ᠣᠷᠢᠶᠠᠩᠭᠤ ᠨᠢ 2—3 ᠰᠠᠯᠠᠭ᠎ᠠ ᠲᠠᠢ᠃ ᠨᠠᠪᠴᠢ ᠨᠢ ᠴᠤᠪᠤᠷᠠᠨ ᠤᠷᠭᠤᠨ᠎ᠠ᠃ ᠪᠠᠷᠢᠭᠤᠯ ᠤ᠋ᠨ ᠤᠷᠲᠤ ᠨᠢ 2—6cm, ᠥᠷᠭᠡᠨ ᠥᠨᠳᠡᠭᠡᠯᠵᠢᠨ
ᠰᠢᠭ ᠵᠢᠷᠦᠬᠡ ᠪᠤᠶᠤ ᠬᠠᠪᠲᠠᠭᠠᠢ ᠵᠢᠷᠦᠬᠡᠨ ᠬᠡᠯᠪᠡᠷᠢ ᠲᠡᠢ᠂ 5—14cmᠤᠷᠲᠤ ᠥᠷᠭᠡᠨ ᠨᠢ ᠤᠷᠲᠤ ᠲᠠᠢ ᠪᠠᠨ ᠣᠢᠷᠠᠯᠴᠠᠭ᠎ᠠ᠂ ᠮᠤᠬᠤᠷ ᠦᠵᠦᠭᠦᠷ ᠲᠡᠢ᠂ 3—5 ᠭᠦᠢᠬᠡᠨ ᠡᠴᠡ ᠭᠦᠨ ᠣᠨᠢ ᠲᠠᠢ᠂ ᠰᠡᠵᠢᠭᠦᠷ ᠢᠯᠲᠠᠰᠤ ᠨᠢ ᠷᠣᠮᠪ ᠰᠢᠭ᠋ ᠲᠣᠩᠭᠣᠷᠤᠤ ᠥᠨᠳᠡᠭᠡᠯᠵᠢᠨ ᠤᠷᠲᠤᠯᠵᠢᠨ ᠲᠣᠭᠣᠷᠢᠭ ᠬᠡᠯᠪᠡᠷᠢ ᠲᠡᠢ᠃ ᠵᠢᠵᠢᠭ ᠰᠡᠵᠢᠭᠦᠷ ᠢᠯᠲᠠᠰᠤ ᠨᠢ ᠲᠣᠭᠣᠷᠢᠭ᠂ ᠬᠣᠶᠠᠷ ᠲᠠᠯ᠎ᠠ ᠳ᠋ᠤᠨᠢ ᠪᠦᠷ ᠵᠢᠭᠠᠬᠠᠨ ᠦᠰᠦ ᠲᠡᠢ᠃ ᠴᠡᠴᠡᠭ ᠨᠢ ᠣᠨᠳᠣᠣ ᠬᠡᠷᠲᠡᠢ᠃ ᠡᠷ᠎ᠡ ᠴᠡᠴᠡᠭ ᠨᠢ 3—8 ᠬᠦᠢᠰ ᠢ᠋ᠶ᠋ᠡᠷ ᠨᠡᠢᠯᠡᠵᠦ ᠴᠠᠴᠤᠭ ᠬᠡᠯᠪᠡᠷᠢᠲᠦ ᠪᠠᠭ ᠴᠡᠴᠡᠭ ᠪᠣᠯᠳᠠᠭ᠃ ᠵᠢᠵᠢᠭ ᠪᠠᠭᠯᠠᠭᠴᠢ ᠢᠯᠲᠠᠰᠤ ᠨᠢ ᠲᠣᠩᠭᠣᠷᠤᠤ ᠥᠨᠳᠡᠭᠡᠯᠵᠢᠨ ᠡᠴᠡ ᠥᠷᠭᠡᠨ ᠥᠨᠳᠡᠭᠡᠯᠵᠢᠨ ᠬᠡᠯᠪᠡᠷᠢ ᠲᠡᠢ᠂ 15—20mmᠤᠷᠲᠤ᠂ 6—15mm, ᠥᠷᠭᠡᠨ᠂ ᠲᠣᠭᠳᠣᠢ ᠶ᠋ᠢᠨ ᠬᠡᠷᠴᠢᠶᠡᠰᠦ ᠨᠢ ᠨᠠᠷᠢᠨ ᠪᠦᠰᠡ ᠬᠡᠯᠪᠡᠷᠢ ᠲᠡᠢ᠂ ᠪᠦᠲᠦᠨ ᠬᠥᠪᠡᠭᠡ ᠲᠡᠢ᠃ ᠴᠡᠴᠡᠭ ᠦ᠋ᠨ ᠳᠡᠯᠪᠢ ᠨᠢ ᠴᠠᠭᠠᠨ᠂ ᠰᠡᠵᠢᠭᠦᠷ ᠢᠯᠲᠠᠰᠤ ᠨᠢ ᠳᠡᠪᠢᠭᠦᠷ ᠰᠢᠭ ᠲᠣᠩᠭᠣᠷᠤᠤ ᠭᠤᠷᠪᠠᠯᠵᠢᠨ ᠬᠡᠯᠪᠡᠷᠢ ᠲᠡᠢ᠂ᠪᠠᠷᠤᠭ 2cm ᠤᠷᠲᠤ᠂ ᠦᠵᠦᠭᠦᠷ  ᠲᠤᠨᠢ ᠴᠠᠴᠤᠭ ᠲᠠᠢ᠂ ᠡᠮ᠎ᠡ ᠴᠡᠴᠡᠭ ᠨᠢ ᠭᠠᠭᠴᠠᠭᠠᠷ ᠳᠡᠯᠭᠡᠷᠡᠨ᠎ᠡ᠃ ᠪᠠᠷᠢᠭᠤᠯ ᠤ᠋ᠨ ᠤᠷᠲᠤ ᠨᠢ ᠪᠠᠷᠤᠭ 6cm ᠣᠷᠴᠢᠮ᠂ ᠤᠮᠠᠢ ᠨᠢ ᠵᠤᠤᠪᠠᠩ ᠬᠡᠯᠪᠡᠷᠢ ᠲᠡᠢ᠃ᠵᠢᠮᠢᠰ ᠨᠢ ᠥᠷᠭᠡᠨ ᠥᠨᠳᠡᠭᠡᠯᠵᠢᠨ ᠰᠢᠭ ᠵᠤᠤᠪᠠᠩ᠃ 6—8 ᠳ᠋ᠤᠭᠠᠷ ᠰᠠᠷ᠎ᠠ ᠳ᠋ᠤ᠌ ᠴᠡᠴᠡᠭᠯᠡᠵᠦ᠂9—10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   2 . ᠶᠠᠫᠣᠨ ᠭᠤᠸᠠᠯᠤ ᠳᠡᠭᠡᠷᠡᠬᠢ ᠡᠴᠡ ᠢᠯᠭᠠᠭᠳᠠᠬᠤ ᠵᠦᠢᠯ ᠭᠡᠪᠡᠯ ᠨᠠᠪᠴᠢ ᠨᠢ ᠨᠡᠯᠢᠶᠡᠳ ᠲᠣᠮᠣ ᠪᠥᠭᠡᠳ ᠨᠠᠷᠢᠨ᠃ 3—7 ᠭᠦᠨ ᠣᠨᠢ ᠲᠠᠢ᠂ ᠭᠣᠣᠯ ᠳ᠋ᠠᠬᠢ ᠰᠡᠵᠢᠭᠦᠷ ᠢᠯᠲᠠᠰᠤ ᠨᠢ ᠨᠡᠯᠢᠶᠡᠳ ᠤᠷᠲᠤ᠂ ᠰᠡᠵᠢᠭᠦᠷ ᠢᠯᠲᠠᠰᠤ ᠨᠢ ᠤᠲᠠᠰᠤᠯᠢᠭ ᠲᠡᠪᠡᠨᠡ ᠪᠤᠶᠤ ᠬᠠᠪᠲᠠᠭᠠᠢ ᠲᠡᠪᠡᠨᠡ ᠡᠴᠡ ᠲᠣᠩᠭᠣᠷᠤᠤ ᠬᠠᠪᠲᠠᠭᠠᠢ ᠲᠡᠪᠡᠨᠡ ᠬᠡᠯᠪᠡᠷᠢ ᠲᠡᠢ᠂ ᠱᠣᠪᠲᠣᠭᠣᠷ ᠦᠵᠦᠭᠦᠷ ᠲᠡᠢ᠃ ᠵᠢᠵᠢᠭ ᠪᠠᠭᠯᠠᠭᠴᠢ ᠢᠯᠲᠠᠰᠤ ᠨᠢ ᠨᠡᠯᠢᠶᠡᠳ ᠵᠢᠵᠢᠭ᠂ ᠴᠡᠴᠡᠭ ᠦ᠋ᠨ ᠲᠣᠭᠳᠣᠢ ᠶ᠋ᠢᠨ ᠰᠡᠵᠢᠭᠦᠷ ᠨᠢ ᠨᠠᠷᠢᠨ ᠪᠦᠰᠡ ᠬᠡᠯᠪᠡᠷᠢ ᠲᠡᠢ᠃
   [ ᠤᠷᠭᠤᠬᠤ ᠣᠷᠴᠢᠨ ᠬᠢᠭᠡᠳ ᠲᠠᠷᠬᠠᠴᠠ]ᠬᠣᠶᠠᠷ ᠵᠦᠢᠯ ᠦ᠋ᠨ ᠭᠤᠸᠠᠯᠤ ᠪᠦᠷ ᠠᠭᠤᠯᠠ ᠶ᠋ᠢᠨ ᠬᠠᠵᠠᠭᠤ᠂ ᠥᠯᠥᠩ ᠡᠪᠡᠰᠦ᠂ ᠣᠢ ᠶ᠋ᠢᠨ ᠬᠥᠪᠡᠭᠡ ᠶ᠋ᠢᠨ ᠬᠠᠭᠠᠰ ᠰᠡᠭᠦᠳᠡᠷᠯᠡᠭ ᠭᠠᠵᠠᠷ᠎ᠲᠤ ᠤᠷᠭᠤᠨ᠎ᠠ᠃ ᠭᠤᠸᠠᠯᠤ ᠪᠣᠯ ᠯᠢᠶᠣᠤᠨᠢᠩ ᠤ᠋ᠨ ᠡᠮᠦᠨ᠎ᠡ ᠬᠡᠰᠡᠭ᠂ ᠤᠮᠠᠷᠠᠲᠤ ᠣᠷᠣᠨ᠂ ᠵᠡᠭᠦᠨ ᠡᠮᠦᠨ᠎ᠡ ᠣᠷᠣᠨ᠂ ᠳᠤᠮᠳᠠᠳᠤ ᠣᠷᠣᠨ ᠬᠢᠭᠡᠳ ᠭᠦᠢᠵᠧᠦ᠂ ᠰᠧᠴᠤᠸᠠᠨ᠂ ᠱᠠᠨᠰᠢ᠂ ᠭᠠᠨᠰᠦ ᠳ᠋ᠦ᠍ ᠲᠠᠷᠬᠠᠴᠠ ᠲᠠᠢ᠃ ᠶᠠᠫᠣᠨ ᠭᠤᠸᠠᠯᠤ ᠪᠣᠯ ᠠᠨᠾᠥ᠋ᠢ᠂ ᠵᠧᠵᠢᠶᠠᠩ᠂ ᠵᠢᠶᠠᠩᠰᠢ᠂ ᠬᠤᠪᠧᠢ᠂ ᠬᠤᠨᠠᠨ᠂ ᠭᠤᠸᠠᠩᠳ᠋ᠥ᠋ᠩ ᠂ ᠭᠤᠸᠠᠩᠰᠢ ᠳ᠋ᠤ᠌ ᠲᠠᠷᠬᠠᠴᠠ ᠲᠠᠢ᠃
   [ ᠲᠡᠭᠦᠴᠦ ᠪᠣᠯᠪᠠᠰᠤᠷᠠᠭᠤᠯᠬᠤ] ᠨᠠᠮᠤᠷ ᠦᠨᠳᠦᠰᠦ ᠶ᠋ᠢ ᠨᠢ ᠮᠠᠯᠲᠠ ᠠᠪᠴᠤ᠂ ᠰᠠᠬᠠᠯ ᠦᠨᠳᠦᠰᠦ᠂ ᠭᠠᠳᠠᠷ ᠬᠠᠯᠢᠰᠤ ᠶ᠋ᠢ ᠨᠢ ᠠᠷᠢᠯᠭᠠᠭᠠᠳ ᠭᠤᠯᠳᠤ ᠪᠠᠷ ᠬᠡᠰᠡᠭᠯᠡᠵᠦ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠠᠮᠲᠠᠯᠢᠭ᠂ ᠥᠴᠦᠬᠡᠨ ᠭᠠᠰᠢᠭᠤᠨ ᠠᠮᠲᠠ ᠲᠠᠢ᠃ ᠪᠦᠯᠢᠶᠡᠨ ᠴᠢᠨᠠᠷ ᠲᠠᠢ᠃ ᠬᠠᠭᠤᠷᠠᠢ᠂ ᠬᠥᠩᠭᠡᠨ ᠡᠷᠳᠡᠮ ᠲᠡᠢ᠃
   [ ᠴᠢᠳᠠᠯ ᠪᠠ ᠭᠣᠣᠯᠳᠠᠬᠤ ᠵᠠᠰᠠᠬᠤ]ᠬᠦᠢᠲᠡᠨ ᠢ᠋ ᠠᠷᠢᠯᠭᠠᠬᠤ᠂ ᠰᠢᠷ᠎ᠠ ᠤᠰᠤ ᠶ᠋ᠢ ᠬᠠᠲᠠᠭᠠᠬᠤ᠂ ᠬᠦᠴᠦᠵᠢᠭᠦᠯᠬᠦ᠂ ᠰᠢᠮᠡᠵᠢᠭᠦᠯᠬᠦ ᠴᠢᠳᠠᠯ ᠲᠠᠢ᠃ ᠭᠣᠣᠯᠳᠠᠭᠤ ᠪᠥᠭᠡᠷ᠎ᠡ ᠪᠡᠯᠬᠡᠭᠦᠰᠦᠨ ᠦ᠌ ᠬᠦᠢᠲᠡᠨ᠂ ᠰᠢᠷ᠎ᠠ ᠤᠰᠤᠨ ᠡᠪᠡᠳᠴᠢᠨ᠂ ᠠᠷᠠᠰᠤᠨ ᠡᠪᠡᠳᠴᠢᠨ᠂ ᠡᠷ᠎ᠡ ᠪᠡᠯᠭᠡ ᠰᠤᠯᠠᠷᠠᠭᠰᠠᠨ᠂ ᠳᠤᠰᠤᠯ ᠴᠤᠪᠤᠷᠠᠬᠤ᠂ ᠳᠤᠰᠤᠯ ᠠᠯᠳᠠᠬᠤ᠂ ᠰᠢᠮ᠎ᠡ ᠲᠡᠵᠢᠭᠡᠯ ᠳᠤᠲᠠᠭᠳᠠᠬᠤ᠂ ᠪᠥᠭᠡᠷ᠎ᠡ ᠳᠠᠪᠤᠰᠠᠩ ᠤ᠋ᠨ ᠴᠢᠯᠠᠭᠤᠰᠢᠷᠠᠯ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄ 天花粉(1 栝楼 2 日本栝楼)
   ᠠᠩᠭ᠌ᠯᠢ ᠨᠡᠷ᠎ᠡ᠄ 1 Trichosanthes Kirilotuii Maxim 2 Ttichosanthes
japonica Re l

   ᠦᠰᠦᠭ ᠠᠮᠢᠯᠠᠭᠤᠯᠤᠭᠴᠢ᠄ ᠪᠣ· ᠣᠶᠤᠨᠴᠢᠮᠡᠭ᠂
   ᠬᠢᠨᠠᠭᠴᠢ᠄ ᠤᠷᠠᠨᠴᠢᠮᠡᠭ᠂ ᠲᠤᠶᠠᠭ᠎ᠠ