ᠠᠨᠠᠷАнар Anar ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠠᠨᠠᠷАнар Anar

ᠠᠨᠠᠷАнар Anar

2025-03-08

271

ᠠᠨᠠᠷ

   ᠲᠤᠰ ᠡᠮ ᠪᠣᠯ ᠠᠨᠠᠷ ᠤ᠋ᠨ ᠢᠵᠠᠭᠤᠷ ᠤ᠋ᠨ ᠤᠷᠭᠤᠮᠠᠯ ᠪᠣᠯᠬᠤ ᠠᠨᠠᠷ ᠤ᠋ᠨ ᠬᠠᠲᠠᠭᠠᠭᠰᠠᠨ ᠪᠣᠯᠪᠠᠰᠤᠷᠠᠮᠠᠯ ᠵᠢᠮᠢᠰ ᠮᠥᠨ᠃ ᠪᠠᠰᠠ ᠰᠧᠪᠥ᠋ᠷᠦ ᠭᠡᠳᠡᠭ᠃
   [ ᠤᠤᠯ ᠤᠷᠭᠤᠮᠠᠯ] ᠨᠠᠪᠴᠢ ᠵᠤᠯᠭᠠᠷᠠᠬᠤ ᠪᠤᠲᠠ ᠮᠣᠳᠣ ᠪᠤᠶᠤ ᠲᠤᠷᠤᠭ ᠮᠣᠳᠣ᠃2 ~ 5m ᠥᠨᠳᠥᠷ᠂ ᠬᠣᠯᠲᠣᠰᠣ ᠨᠢ ᠬᠥᠬᠡᠪᠲᠦᠷ ᠴᠠᠢᠪᠤᠷ ᠥᠩᠭᠡ ᠲᠡᠢ᠃ ᠨᠢᠯᠬ᠎ᠠ ᠮᠥᠴᠢᠷ ᠨᠢ ᠲᠣᠭᠣᠷᠢᠭ ᠰᠢᠭ᠋ ᠪᠤᠶᠤ ᠵᠢᠭᠠᠬᠠᠨ ᠳᠥᠷᠪᠡᠯᠵᠢᠨ ᠰᠢᠭ᠂ ᠮᠥᠴᠢᠷ ᠦ᠋ᠨ ᠦᠵᠦᠭᠦᠷ ᠨᠢ ᠶᠡᠷᠦ ᠳ᠋ᠡᠭᠡᠨ ᠥᠷᠭᠡᠰᠦ ᠰᠢᠭ ᠪᠣᠯᠳᠠᠭ᠃ ᠦᠰᠦ ᠦᠭᠡᠢ᠃ ᠨᠠᠪᠴᠢ ᠨᠢ ᠴᠢᠭᠲᠠᠯᠠᠨ ᠤᠷᠭᠤᠬᠤ ᠪᠤᠶᠤ ᠪᠣᠳᠠᠯᠠᠨ ᠤᠷᠭᠤᠨ᠎ᠠ᠃ ᠨᠠᠪᠴᠢᠨ ᠢᠯᠲᠠᠰᠤ ᠨᠢ ᠲᠣᠩᠭᠣᠷᠤᠤ ᠥᠨᠳᠡᠭᠡᠯᠵᠢᠨ ᠡᠴᠡ ᠤᠷᠲᠤᠯᠵᠢᠨ ᠵᠤᠤᠪᠠᠩ ᠬᠡᠯᠪᠡᠷᠢ ᠲᠡᠢ᠂2.5 ~ 6cm ᠤᠷᠲᠤ᠂1 ~ 1.8cm ᠥᠷᠭᠡᠨ᠂ ᠱᠣᠪᠬᠣ ᠪᠤᠶᠤ ᠵᠢᠭᠠᠬᠠᠨ ᠬᠣᠲᠣᠢᠭᠰᠠᠨ ᠦᠵᠦᠭᠦᠷ ᠲᠡᠢ᠂ ᠨᠠᠪᠴᠢᠨ ᠤ᠋ ᠥᠪᠥᠷ ᠨᠢ ᠭᠢᠯᠦᠭᠡᠷ᠂ ᠦᠰᠦ ᠦᠭᠡᠢ᠂ ᠠᠷᠤ ᠳ᠋ᠤᠨᠢ ᠭᠦᠷᠪᠡᠢᠭᠰᠡᠨ ᠭᠣᠣᠯ ᠰᠤᠳᠠᠯ ᠲᠠᠢ᠂ ᠣᠬᠣᠷ ᠪᠠᠷᠢᠭᠤᠯ ᠲᠠᠢ᠃ ᠨᠢᠭᠡ ᠡᠴᠡ ᠬᠡᠳᠦᠨ ᠬᠦᠢᠰᠦ ᠴᠡᠴᠡᠭ ᠨᠢ ᠵᠢᠵᠢᠭ ᠮᠥᠴᠢᠷ ᠦ᠋ᠨ ᠣᠷᠣᠢ ᠳ᠋ᠤᠨᠢ ᠪᠤᠶᠤ ᠨᠠᠪᠴᠢᠨ ᠰᠤᠭᠤᠨ ᠠ᠋ᠴᠠ ᠳᠡᠯᠭᠡᠷᠡᠨ᠎ᠡ᠃ ᠴᠡᠴᠡᠭ ᠦ᠋ᠨ ᠪᠠᠷᠢᠭᠤᠯ ᠨᠢ2 ~ 3mm ᠤᠷᠲᠤ᠃ ᠴᠡᠴᠡᠭ ᠦ᠋ᠨ ᠳ᠋ᠢᠶᠠᠮᠧᠲ᠋ᠷ ᠨᠢ3cm ᠰᠢᠬᠠᠮ᠃ ᠲᠣᠭᠳᠣᠢ ᠶ᠋ᠢᠨ ᠬᠣᠭᠣᠯᠠᠢ ᠨᠢ ᠬᠤᠩᠬ᠎ᠠ ᠬᠡᠯᠪᠡᠷᠢ ᠲᠡᠢ᠂ ᠮᠢᠬᠠᠯᠢᠭ ᠮᠥᠷᠲᠡᠭᠡᠨ ᠵᠤᠵᠠᠭᠠᠨ ᠤᠯᠠᠭᠠᠨ ᠥᠩᠭᠡ ᠲᠡᠢ᠂6 ᠰᠡᠵᠢᠭᠦᠷ ᠢᠯᠲᠠᠰᠤ ᠲᠠᠢ ᠪᠥᠭᠡᠳ ᠭᠤᠷᠪᠠᠯᠵᠢᠨ ᠰᠢᠭ᠋ ᠥᠨᠳᠡᠭᠡᠯᠵᠢᠨ ᠬᠡᠯᠪᠡᠷᠢ ᠲᠡᠢ᠃ ᠴᠡᠴᠡᠭ ᠦ᠋ᠨ ᠬᠡᠯᠲᠡᠰ ᠨᠢ6᠂ ᠤᠯᠠᠭᠠᠨ ᠥᠩᠭᠡ ᠲᠡᠢ᠂ ᠲᠣᠭᠳᠣᠢ ᠢᠯᠲᠠᠰᠤ ᠲᠠᠢ ᠪᠠᠨ ᠰᠦᠯᠵᠢᠨ ᠪᠠᠢᠷᠢᠯᠠᠨ᠎ᠠ᠃ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ ᠠᠲᠤᠷᠢᠶ᠎ᠠ ᠠᠷᠲᠠᠢ᠃ ᠣᠯᠠᠨ ᠡᠷ᠎ᠡ ᠲᠣᠭᠣᠷᠴᠣᠭ ᠲᠠᠢ ᠪᠥᠭᠡᠳ ᠲᠣᠭᠳᠣᠢ ᠶ᠋ᠢᠨ ᠬᠣᠭᠣᠯᠠᠢ ᠶ᠋ᠢᠨ ᠳᠤᠮᠳᠠ ᠬᠡᠰᠡᠭ ᠲᠦ᠍ ᠤᠷᠭᠤᠨ᠎ᠠ᠃ ᠲᠣᠭᠣᠰᠣᠪᠴᠢ ᠨᠢ ᠪᠥᠮᠪᠦᠭᠡᠨ ᠬᠡᠯᠪᠡᠷᠢ ᠲᠡᠢ᠂ ᠳᠣᠬᠢᠭᠤᠷ ᠨᠢ ᠨᠠᠷᠢᠨ ᠣᠬᠣᠷ᠃1 ᠡᠮ᠎ᠡ ᠲᠣᠭᠣᠷᠴᠣᠭ ᠲᠠᠢ᠂ ᠤᠮᠠᠢ ᠨᠢ ᠳᠣᠣᠷᠠᠲᠤ ᠣᠷᠣᠨ ᠲᠠᠢ ᠪᠤᠶᠤ ᠬᠠᠭᠠᠰ ᠳᠣᠣᠷᠠᠲᠤ ᠣᠷᠣᠨ ᠲᠠᠢ᠂ ᠳᠡᠭᠡᠷ᠎ᠡ ᠬᠡᠰᠡᠭ ᠲᠡᠭᠡᠨ6 ᠲᠠᠰᠤᠭ ᠲᠠᠢ ᠪᠥᠭᠡᠳ ᠠᠭᠤᠯᠵᠠᠷ ᠳᠠᠬᠢ ᠬᠥᠪᠦᠷᠡᠯ ᠦ᠋ᠨ ᠰᠠᠭᠤᠳᠠᠯ ᠲᠠᠢ᠂ ᠳᠣᠣᠷ᠎ᠠ ᠬᠡᠰᠡᠭ ᠨᠢ3 ᠲᠠᠰᠤᠭ ᠲᠠᠢ ᠪᠥᠭᠡᠳ ᠲᠡᠩᠭᠡᠯᠢᠭ ᠳᠠᠬᠢ ᠬᠥᠪᠦᠷᠡᠯ ᠦ᠋ᠨ ᠰᠠᠭᠤᠳᠠᠯ ᠲᠠᠢ᠂ ᠴᠡᠴᠡᠭ ᠦ᠋ᠨ ᠪᠠᠭᠠᠨ᠎ᠠ ᠨᠢ ᠪᠥᠮᠪᠥᠷᠢᠭᠡᠨ᠂ ᠪᠠᠭᠠᠨ᠎ᠠ ᠶ᠋ᠢᠨ ᠣᠷᠣᠢ ᠨᠢ ᠲᠣᠯᠣᠭᠠᠢ ᠬᠡᠯᠪᠡᠷᠢ ᠲᠡᠢ᠃ ᠰᠢᠭᠦᠰᠦᠯᠢᠭ ᠵᠢᠮᠢᠰ ᠨᠢ ᠪᠥᠮᠪᠥᠭᠡᠯᠵᠢᠨ᠂ ᠵᠢᠮᠢᠰ ᠦ᠋ᠨ ᠬᠠᠯᠢᠰᠤ ᠨᠢ ᠵᠤᠵᠠᠭᠠᠨ ᠬᠥᠷᠥᠰᠥᠯᠢᠭ᠂ ᠪᠣᠯᠪᠠᠰᠤᠷᠠᠪᠠᠯ ᠰᠢᠷ᠎ᠠ ᠥᠩᠭᠡ ᠲᠡᠢ ᠪᠤᠶᠤ ᠤᠯᠠᠭᠠᠨ ᠲᠤᠶᠠᠭ᠎ᠠ ᠲᠠᠢ ᠪᠣᠯᠳᠠᠭ᠃ ᠳᠣᠲᠣᠷ᠎ᠠ ᠨᠢ ᠨᠢᠮᠭᠡᠨ ᠲᠠᠰᠤᠯᠤᠪᠴᠢ ᠲᠠᠢ᠂ ᠣᠷᠣᠢ ᠳ᠋ᠤᠨᠢ ᠮᠥᠩᠬᠡ ᠣᠷᠣᠰᠢᠬᠤ ᠴᠡᠴᠡᠭ ᠦ᠋ᠨ ᠲᠣᠭᠳᠣᠢ ᠲᠠᠢ᠃ ᠦᠷ᠎ᠡ ᠨᠢ ᠮᠠᠰᠢ ᠣᠯᠠᠨ᠂ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ ᠢᠷᠮᠡᠭ ᠲᠡᠢ᠃5 ~ 6 ᠳ᠋ᠤᠭᠠᠷ ᠰᠠᠷ᠎ᠠ ᠳ᠋ᠤ᠌ ᠴᠡᠴᠡᠭᠯᠡᠵᠦ᠂7 ~ 8 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠬᠠᠵᠠᠭᠤ ᠶ᠋ᠢᠨ ᠨᠠᠷᠠᠨ ᠡᠭᠡᠪᠦᠷ ᠲᠦ᠍ ᠵᠡᠷᠯᠢᠭ ᠤᠷᠭᠤᠬᠤ ᠪᠤᠶᠤ ᠬᠠᠰᠢᠶ᠎ᠠ ᠬᠦᠷᠢᠶᠡᠨ ᠳ᠋ᠦ᠍ ᠠᠷᠠᠴᠢᠯᠠᠨ ᠲᠠᠷᠢᠵᠤ ᠪᠣᠢ᠃ ᠮᠠᠨ ᠤ᠋ ᠤᠯᠤᠰ ᠤ᠋ᠨ ᠣᠯᠠᠩᠬᠢ ᠭᠠᠵᠠᠷ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠨᠠᠮᠤᠷ ᠪᠣᠯᠪᠠᠰᠤᠷᠠᠭᠰᠠᠨ ᠵᠢᠮᠢᠰ ᠢ᠋ ᠨᠢ ᠠᠪᠴᠤ᠂ ᠭᠣᠣᠯ ᠢ᠋ᠶ᠋ᠠᠷ ᠨᠢ ᠵᠦᠰᠦᠵᠦ ᠬᠠᠭᠠᠯᠤᠭᠠᠳ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠢᠰᠬᠦᠯᠡᠩ᠂ ᠠᠮᠲᠠᠯᠢᠭ ᠠᠮᠲᠠ ᠲᠠᠢ᠃ ᠬᠠᠯᠠᠭᠤᠨ ᠴᠢᠨᠠᠷ ᠲᠠᠢ᠃ ᠲᠣᠰᠣᠯᠢᠭ᠂ ᠬᠠᠭᠤᠷᠠᠢ᠂ ᠬᠤᠷᠴᠠ᠂ ᠰᠢᠷᠦᠭᠦᠨ᠂ ᠬᠥᠩᠭᠡᠨ᠂ ᠬᠥᠯᠪᠡᠷᠢᠭᠦᠨ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠢᠯᠴᠢ ᠶ᠋ᠢ ᠰᠡᠯᠪᠢᠬᠦ᠂ ᠢᠳᠡᠭᠡᠨ ᠢ᠋ ᠰᠢᠩᠭᠡᠭᠡᠬᠦ᠂ ᠳᠤᠷ᠎ᠠ ᠶ᠋ᠢ ᠨᠡᠭᠡᠭᠡᠬᠦ᠂ ᠪᠠᠳᠭ᠋ᠠᠨ ᠢ᠋ ᠠᠷᠢᠯᠭᠠᠬᠤ᠂ ᠰᠠᠭᠤᠯᠭᠠᠬᠤ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠭᠤ ᠬᠣᠳᠣᠭᠣᠳᠣᠨ ᠤ᠋ ᠢᠯᠴᠢ ᠪᠠᠳᠭ᠋ᠠᠨ ᠡᠪᠡᠳᠴᠢᠨ᠂ ᠳᠤᠷ᠎ᠠ ᠪᠤᠯᠭᠢᠬᠤ᠂ ᠡᠰᠡ ᠰᠢᠩᠭᠡᠭᠰᠡᠨ᠂ ᠠᠭᠤᠰᠬᠢᠨ ᠤ᠋ ᠬᠡᠢ᠂ ᠡᠯᠢᠭᠡᠨ ᠦ᠌ ᠬᠡᠢ᠂ ᠪᠥᠭᠡᠷᠡᠨ ᠦ᠌ ᠬᠡᠢ᠂ ᠬᠦᠢᠲᠡᠨ ᠢ᠋ᠶ᠋ᠡᠷ ᠰᠠᠭᠤᠯᠭᠠᠬᠤ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄ 石榴
   ᠠᠩᠭ᠌ᠯᠢ ᠨᠡᠷ᠎ᠡ᠄ Punica granalum L

   ᠦᠰᠦᠭ ᠠᠮᠢᠯᠠᠭᠤᠯᠤᠭᠴᠢ᠄ ᠤᠷᠠᠨᠴᠢᠮᠡᠭ
   ᠬᠢᠨᠠᠭᠴᠢ᠄ ᠲᠤᠶᠠᠭ᠎ᠠ