ᠠᠩᠬᠢᠯᠤᠮᠠᠯ ᠪᠤᠷᠴᠠᠭАнхилмал бурцаг Ankhilmal burtsag ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠠᠩᠬᠢᠯᠤᠮᠠᠯ ᠪᠤᠷᠴᠠᠭАнхилмал бурцаг Ankhilmal burtsag

ᠠᠩᠬᠢᠯᠤᠮᠠᠯ ᠪᠤᠷᠴᠠᠭАнхилмал бурцаг Ankhilmal burtsag

2025-03-09

232

ᠠᠩᠬᠢᠯᠤᠮᠠᠯ ᠪᠤᠷᠴᠠᠭ

   ᠲᠤᠰ ᠡᠮ ᠪᠣᠯ ᠪᠤᠷᠴᠠᠭ ᠤ᠋ᠨ ᠢᠵᠠᠭᠤᠷ ᠤ᠋ᠨ ᠤᠷᠭᠤᠮᠠᠯ ᠪᠣᠯᠬᠤ ᠠᠩᠬᠢᠯᠤᠮᠠᠯ ᠪᠤᠷᠴᠠᠭ ᠤ᠋ᠨ ᠬᠠᠲᠠᠭᠠᠭᠰᠠᠨ ᠪᠣᠯᠪᠠᠰᠤᠷᠠᠮᠠᠯ ᠵᠢᠮᠢᠰ ᠮᠥᠨ᠃ ᠪᠠᠰᠠ ᠱᠦᠮᠦᠰᠠ ᠵᠢᠭᠠᠷᠲᠤ ᠡᠪᠡᠰᠦ ᠭᠡᠳᠡᠭ᠃
   [ ᠤᠤᠯ ᠤᠷᠭᠤᠮᠠᠯ] ᠨᠢᠭᠡ ᠨᠠᠰᠤᠲᠤ ᠡᠪᠡᠰᠦᠯᠢᠭ ᠤᠷᠭᠤᠮᠠᠯ᠃40~50cm ᠥᠨᠳᠥᠷ᠂ ᠡᠰᠢ ᠨᠢ ᠪᠣᠳᠠᠯᠠᠨ᠎ᠠ᠂ ᠭᠥᠯᠢᠭᠡᠷ ᠪᠤᠶᠤ ᠲᠠᠷᠠᠮᠠᠭ ᠵᠥᠭᠡᠯᠡᠨ ᠦᠰᠦ ᠲᠡᠢ᠃ ᠭᠤᠷᠪᠢᠳᠠᠭᠰᠠᠨ ᠨᠡᠢᠯᠡᠮᠡᠯ ᠨᠠᠪᠴᠢ ᠲᠠᠢ᠂ ᠵᠢᠵᠢᠭ ᠨᠠᠪᠴᠢ ᠨᠢ ᠥᠨᠳᠡᠭᠡᠯᠵᠢᠨ ᠰᠢᠭ ᠤᠷᠲᠤ ᠥᠨᠳᠡᠭᠡᠯᠵᠢᠨ ᠲᠣᠭᠣᠷᠢᠭ ᠪᠤᠶᠤ ᠥᠷᠭᠡᠨ ᠬᠠᠪᠲᠠᠭᠠᠢ ᠲᠡᠪᠡᠨᠡ ᠬᠡᠯᠪᠡᠷᠢ ᠲᠡᠢ᠃1.2~3cm ᠤᠷᠲᠤ᠂1~1.5cm ᠥᠷᠭᠡᠨ᠂ ᠦᠵᠦᠭᠦᠷ ᠣᠷᠴᠢᠮ ᠨᠢ ᠬᠢᠷᠥᠭᠡᠨ  ᠰᠢᠲᠦ ᠲᠡᠢ᠂ ᠬᠣᠶᠠᠷ ᠲᠠᠯ᠎ᠠ ᠳ᠋ᠤᠨᠢ ᠪᠦᠷ ᠲᠠᠷᠠᠮᠠᠭ ᠵᠥᠭᠡᠯᠡᠨ ᠦᠰᠦ ᠲᠡᠢ᠂ ᠵᠢᠵᠢᠭ ᠨᠠᠪᠴᠢᠨ ᠪᠠᠷᠢᠭᠤᠯ ᠨᠢ1~2mm ᠤᠷᠲᠤ᠂ ᠶᠡᠷᠦᠩᠬᠡᠢ ᠪᠠᠷᠢᠭᠤᠯ ᠨᠢ6~12mm ᠤᠷᠲᠤ᠂ ᠲᠣᠰᠬᠣᠭᠤᠷ ᠨᠠᠪᠴᠢ ᠪᠣᠯᠤᠨ ᠨᠠᠪᠴᠢᠨ ᠪᠠᠷᠢᠭᠤᠯ ᠨᠢ ᠨᠡᠢᠯᠡᠭᠰᠡᠨ ᠪᠠᠢᠳᠠᠭ᠂ ᠢᠪᠴᠤᠤ ᠥᠨᠳᠡᠭᠡᠯᠵᠢᠨ ᠬᠡᠯᠪᠡᠷᠢ ᠲᠡᠢ᠂ ᠬᠤᠷᠴᠠ ᠱᠣᠪᠬᠣ ᠦᠵᠦᠭᠦᠷ ᠲᠡᠢ᠃ ᠴᠡᠴᠡᠭ ᠨᠢ ᠪᠠᠷᠢᠭᠤᠯ ᠦᠭᠡᠢ᠂1~2 ᠬᠦᠢᠰ ᠢ᠋ᠶ᠋ᠡᠷ ᠨᠠᠪᠴᠢᠨ ᠥᠪᠥᠷ ᠲᠦ᠍ ᠳᠡᠯᠭᠡᠷᠡᠨ᠎ᠡ᠃ ᠴᠡᠴᠡᠭ ᠦ᠋ᠨ ᠲᠣᠭᠳᠣᠢ ᠨᠢ ᠬᠣᠭᠣᠯᠠᠢ ᠬᠡᠯᠪᠡᠷᠢ ᠲᠡᠢ᠂5 ᠰᠡᠵᠢᠭᠦᠷ ᠲᠡᠢ᠂ ᠬᠠᠪᠲᠠᠭᠠᠢ ᠲᠡᠪᠡᠨᠡ ᠬᠡᠯᠪᠡᠷᠢ ᠲᠡᠢ᠂ ᠴᠡᠴᠡᠭ ᠦ᠋ᠨ ᠳᠡᠯᠪᠢ ᠡᠴᠡ ᠪᠡᠨ ᠬᠠᠭᠠᠰ ᠣᠬᠣᠷ᠂ ᠭᠠᠳᠠᠷ ᠲᠠᠯ᠎ᠠ ᠳ᠋ᠤᠨᠢ ᠤᠷᠲᠤ ᠵᠥᠭᠡᠯᠡᠨ ᠦᠰᠦ ᠲᠡᠢ᠃ ᠴᠡᠴᠡᠭ ᠦ᠋ᠨ ᠳᠡᠯᠪᠢ ᠨᠢ ᠡᠷᠪᠡᠬᠡᠢ ᠬᠡᠯᠪᠡᠷᠢ ᠲᠡᠢ᠂ ᠡᠬᠢᠨ ᠳ᠋ᠡᠭᠡᠨ ᠴᠠᠭᠠᠨ ᠥᠩᠭᠡ ᠲᠡᠢ᠂ ᠠᠶᠠᠨᠳᠠᠭᠠᠨ ᠬᠠᠷᠠᠩᠭᠤᠢ ᠥᠩᠭᠡ ᠲᠡᠢ ᠪᠣᠯᠳᠠᠭ᠃ ᠤᠭ ᠤ᠋ᠨ ᠬᠡᠰᠡᠭ ᠲᠡᠭᠡᠨ ᠵᠢᠭᠠᠬᠠᠨ ᠪᠣᠷᠣᠪᠲᠤᠷ ᠲᠤᠶᠠᠭ᠎ᠠ ᠲᠠᠢ᠂ ᠳᠠᠯᠪᠠᠭ᠎ᠠ ᠬᠡᠯᠲᠡᠰ ᠨᠢ ᠤᠷᠲᠤᠯᠵᠢᠨ ᠬᠡᠯᠪᠡᠷᠢ ᠲᠡᠢ᠂ ᠦᠵᠦᠭᠦᠷ ᠲᠦ᠋ᠨᠢ ᠡᠮᠲᠡᠷᠬᠡᠢ ᠲᠡᠢ᠂ ᠱᠣᠪᠬᠣ ᠱᠠᠭᠠᠨᠲᠠᠭ ᠤᠭ ᠲᠠᠢ᠂ ᠵᠠᠪᠠᠢ ᠬᠡᠯᠲᠡᠰ ᠨᠢ ᠬᠠᠵᠠᠭᠠᠢ ᠬᠠᠯᠪᠠᠭ᠎ᠠ ᠬᠡᠯᠪᠡᠷᠢ ᠲᠡᠢ᠂ ᠳᠠᠯᠪᠠᠭ᠎ᠠ ᠬᠡᠯᠲᠡᠰ ᠦ᠋ᠨ ᠢ᠋ᠶ᠋ᠡᠨ1/3 ᠣᠷᠴᠢᠮ ᠤᠷᠲᠤ᠂ ᠰᠡᠯᠢᠭᠦᠷ ᠬᠡᠯᠲᠡᠰ ᠨᠢ ᠴᠢᠬᠢ ᠬᠡᠯᠪᠡᠷᠢ ᠲᠡᠢ᠃2 ᠪᠡᠶᠡᠲᠦ10 ᠡᠷ᠎ᠡ ᠲᠣᠭᠣᠷᠴᠣᠭ ᠲᠠᠢ᠃ ᠤᠮᠠᠢ ᠨᠢ ᠪᠠᠷᠢᠭᠤᠯ ᠦᠭᠡᠢ᠂ ᠪᠠᠭᠠᠨ᠎ᠠ ᠶ᠋ᠢᠨ ᠠᠮᠠᠰᠠᠷ ᠨᠢ ᠣᠷᠣᠢ ᠳ᠋ᠤᠨᠢ ᠪᠠᠢᠷᠢᠯᠠᠨ᠎ᠠ᠃ ᠪᠤᠷᠴᠠᠭ ᠵᠢᠮᠢᠰ ᠨᠢ ᠨᠠᠷᠢᠨ ᠤᠷᠲᠤ ᠬᠣᠭᠣᠯᠠᠢ ᠬᠡᠯᠪᠡᠷᠢ ᠲᠡᠢ᠂6~11cm ᠤᠷᠲᠤ᠂ 0.5cm ᠣᠷᠴᠢᠮ ᠥᠷᠭᠡᠨ᠂ ᠵᠥᠭᠡᠯᠡᠨ ᠦᠰᠦ ᠲᠡᠢ ᠮᠥᠷᠲᠡᠭᠡᠨ ᠲᠣᠣᠷᠯᠢᠭ ᠰᠤᠳᠠᠯ ᠲᠠᠢ᠂ ᠤᠷᠲᠤ ᠱᠣᠪᠬᠣ ᠦᠵᠦᠭᠦᠷ ᠲᠡᠢ᠃ ᠦᠷ᠎ᠡ ᠨᠢ ᠤᠯᠠᠪᠤᠷ ᠥᠩᠭᠡ ᠲᠡᠢ᠂4mm ᠣᠷᠴᠢᠮ ᠤᠷᠲᠤ᠂4~6 ᠳ᠋ᠤᠭᠠᠷ ᠰᠠᠷ᠎ᠠ ᠳ᠋ᠤ᠌ ᠴᠡᠴᠡᠭᠯᠡᠵᠦ᠂7~8 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠳᠤᠯᠠᠭᠠᠨ ᠠᠭᠤᠷ ᠠᠮᠢᠰᠬᠤᠯ ᠳ᠋ᠤ᠌ ᠵᠣᠬᠢᠴᠠᠨ᠎ᠠ᠃ ᠭᠠᠩ ᠬᠠᠪᠰᠠᠷᠭᠠᠨ ᠳ᠋ᠤ᠌ ᠲᠡᠰᠪᠦᠷᠢᠲᠡᠢ᠂ ᠥᠩ ᠰᠢᠮᠡᠯᠢᠭ᠂ ᠤᠰᠤ ᠲᠠᠲᠠᠷᠠᠭᠤᠯᠤᠯᠲᠠ ᠪᠠᠷ ᠰᠠᠢᠨ ᠬᠥᠷᠥᠰᠥᠨ ᠳ᠋ᠦ᠍ ᠤᠷᠭᠤᠴᠠ ᠰᠠᠢᠨ᠃ ᠬᠠᠷᠠᠮᠦ᠋ᠷᠡᠨ᠂ ᠬᠢᠷᠢᠨ᠂ ᠯᠢᠶᠣᠤᠨᠢᠩ᠂ ᠥᠪᠥᠷ ᠮᠣᠩᠭᠣᠯ᠂ ᠾᠧᠪᠧᠢ᠂ ᠱᠠᠨᠰᠢ᠂ ᠭᠠᠨᠰᠦ᠂ ᠰᠢᠨᠵᠢᠶᠠᠩ᠂ ᠠᠨᠾᠥ᠋ᠢ᠂ ᠵᠧᠵᠢᠶᠠᠩ᠂ ᠬᠤᠪᠧᠢ᠂ ᠰᠧᠴᠤᠸᠠᠨ᠂ ᠭᠦᠢᠵᠧᠦ᠂ ᠶᠦᠨᠨᠠᠨ᠂ ᠵᠡᠷᠭᠡ ᠭᠠᠵᠠᠷ  ᠲᠤ᠌ ᠪᠦᠷ ᠠᠷᠠᠴᠢᠯᠠᠨ ᠲᠠᠷᠢᠵᠤ ᠪᠠᠢᠨ᠎ᠠ᠃
   [ ᠲᠡᠭᠦᠵᠦ ᠪᠣᠯᠪᠠᠰᠤᠷᠠᠭᠤᠯᠬᠤ] ᠨᠠᠮᠤᠷ ᠦᠷ᠎ᠡ ᠨᠢ ᠪᠣᠯᠪᠠᠰᠤᠷᠠᠭᠰᠠᠨ ᠦᠶ᠎ᠡ ᠳ᠋ᠦ᠍ ᠬᠠᠳᠤᠵᠤ ᠬᠤᠷᠢᠶᠠᠭᠠᠳ᠂ ᠬᠠᠲᠠᠭᠠᠭᠰᠠᠨ ᠤ᠋ ᠰᠡᠭᠦᠯᠡᠷ ᠦᠷ᠎ᠡ ᠶ᠋ᠢ ᠨᠢ ᠭᠦᠪᠢᠵᠦ ᠠᠪᠤᠭᠠᠳ᠂ ᠬᠣᠯᠢᠴᠠ ᠶ᠋ᠢ ᠨᠢ ᠠᠷᠢᠯᠭᠠᠵᠤ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠂ ᠲᠡᠭᠰᠢ ᠴᠢᠨᠠᠷ ᠲᠠᠢ᠂ ᠬᠦᠨᠳᠦ᠂ ᠲᠣᠰᠣᠯᠢᠭ᠂ ᠬᠠᠭᠤᠷᠠᠢ᠂ ᠰᠢᠷᠦᠭᠦᠨ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠠᠭᠤᠰᠬᠢᠨ ᠤ᠋ ᠥᠭᠡᠷᠢ ᠶ᠋ᠢ ᠬᠠᠲᠠᠭᠠᠬᠤ᠂ ᠰᠠᠭᠤᠯᠭᠠᠬᠤ ᠶ᠋ᠢ ᠵᠣᠭᠰᠣᠭᠠᠬᠤ᠂ ᠬᠡᠢ ᠶ᠋ᠢ ᠳᠠᠷᠤᠬᠤ ᠴᠢᠳᠠᠯ ᠲᠠᠢ᠃ ᠭᠣᠣᠯᠳᠠᠭᠤ ᠠᠭᠤᠰᠬᠢᠨ ᠤ᠋ ᠦᠭᠡᠷᠢ᠂ ᠭᠡᠳᠡᠰᠦ ᠡᠪᠡᠳᠴᠦ ᠰᠠᠭᠤᠯᠭᠠᠬᠤ ᠵᠡᠷᠭᠡ ᠡᠪᠡᠳᠴᠢᠨ ᠢ᠋ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄ 葫芦巴
   ᠠᠩᠭ᠌ᠯᠢ ᠨᠡᠷ᠎ᠡ᠄ Trigonella foenum-graecum L.

   ᠦᠰᠦᠭ ᠠᠮᠢᠯᠠᠭᠤᠯᠤᠭᠴᠢ᠄ ᠴᠡᠪᠡᠷᠴᠡᠴᠡᠭ
   ᠬᠢᠨᠠᠭᠴᠢ᠄ ᠲᠤᠶᠠᠭ᠎ᠠ