ᠠᠯᠲᠠᠨ ᠮᠠᠨᠵᠢᠯᠭᠠᠨ ᠤ᠋ ᠦᠷ᠎ᠡАлтан манжлаганы үр Altan manjlagany ür
ᠠᠯᠲᠠᠨ ᠮᠠᠨᠵᠢᠯᠭᠠᠨ ᠤ᠋ ᠦᠷ᠎ᠡ
ᠲᠤᠰ ᠡᠮ ᠪᠣᠯ ᠬᠤᠯᠤ ᠶ᠋ᠢᠨ ᠢᠵᠠᠭᠤᠷ ᠤ᠋ᠨ ᠤᠷᠭᠤᠮᠠᠯ ᠪᠣᠯᠬᠤ ᠠᠯᠲᠠᠨ ᠮᠠᠨᠵᠢᠯᠭ᠎ᠠ ᠶ᠋ᠢᠨ ᠬᠠᠲᠠᠭᠠᠭᠰᠠᠨ ᠪᠣᠯᠪᠠᠰᠤᠷᠠᠮᠠᠯ ᠦᠷ᠎ᠡ ᠮᠥᠨ᠃ ᠪᠠᠰᠠ ᠰᠧᠷᠵᠢᠫᠥ᠋ᠳᠪᠥ ᠭᠡᠳᠡᠭ᠃
[ ᠤᠤᠯ ᠤᠷᠭᠤᠮᠠᠯ] ᠨᠢᠭᠡ ᠨᠠᠰᠤᠲᠤ ᠠᠪᠠᠷᠢᠵᠤ ᠤᠷᠭᠤᠬᠤ ᠡᠪᠡᠰᠦᠯᠢᠭ ᠤᠷᠭᠤᠮᠠᠯ᠃ ᠨᠢᠯᠬ᠎ᠠ ᠦᠶᠡᠰ ᠪᠦᠬᠦ ᠪᠡᠶ᠎ᠡ ᠳ᠋ᠦ᠍ᠨᠢ ᠢᠬᠴᠤ ᠵᠥᠭᠡᠯᠡᠨ ᠦᠰᠦ ᠲᠡᠢ᠃ ᠥᠲᠡᠯᠪᠡᠯ ᠪᠠᠷᠤᠭ ᠦᠰᠦ ᠦᠭᠡᠢ ᠪᠣᠯᠳᠠᠭ᠃ ᠡᠰᠢ ᠨᠢ ᠥᠨᠴᠥᠭ ᠢᠷᠮᠡᠭ ᠲᠡᠢ᠂ ᠲᠠᠷᠠᠮᠠᠭ ᠵᠥᠭᠡᠯᠡᠨ ᠦᠰᠦ ᠲᠡᠢ᠂ ᠣᠷᠢᠶᠠᠩᠭᠤ ᠨᠢ ᠶᠡᠷᠦ ᠳ᠋ᠡᠭᠡᠨ3 ᠰᠠᠯᠠᠭ᠎ᠠ ᠲᠠᠢ᠃ ᠨᠠᠪᠴᠢ ᠨᠢ ᠴᠤᠪᠤᠷᠠᠨ ᠤᠷᠭᠤᠨ᠎ᠠ᠃ ᠨᠠᠪᠴᠢᠨ ᠪᠠᠷᠢᠭᠤᠯ ᠨᠢ ᠣᠯᠠᠨ ᠥᠨᠴᠥᠭᠲᠦ ᠬᠡᠯᠪᠡᠷᠢ ᠲᠡᠢ᠂ ᠵᠥᠭᠡᠯᠡᠨ ᠦᠰᠦ ᠲᠡᠢ᠂4~9cm ᠤᠷᠲᠤ᠂ ᠨᠠᠪᠴᠢᠨ ᠢᠯᠲᠠᠰᠤ ᠨᠢ ᠲᠣᠭᠣᠷᠢᠭ ᠵᠢᠷᠦᠬᠡᠨ ᠬᠡᠯᠪᠡᠷᠢ ᠲᠡᠢ᠂8~25cm ᠤᠷᠲᠤ᠂15~25cm ᠥᠷᠭᠡᠨ᠂ ᠠᠯᠠᠭᠠᠯᠢᠭ3~7 ᠣᠨᠢ ᠲᠠᠢ᠂ ᠰᠡᠵᠢᠭᠦᠷ ᠢᠯᠲᠠᠰᠤ ᠨᠢ ᠶᠡᠷᠦ ᠳ᠋ᠡᠭᠡᠨ ᠭᠤᠷᠪᠠᠯᠵᠢᠨ ᠬᠡᠯᠪᠡᠷᠢ ᠲᠡᠢ᠂ ᠱᠣᠪᠲᠤᠭᠤᠷ ᠪᠤᠶᠤ ᠬᠤᠷᠴᠠ ᠱᠣᠪᠬᠣ ᠦᠵᠦᠭᠦᠷ ᠲᠡᠢ᠂ ᠬᠥᠪᠡᠭᠡ ᠪᠡᠷ ᠨᠢ ᠨᠠᠷᠢᠨ ᠬᠡᠷᠴᠢᠶᠡᠰᠦ ᠲᠡᠢ᠂ ᠨᠠᠪᠴᠢᠨ ᠤ᠋ ᠥᠪᠥᠷ ᠨᠢ ᠭᠦᠨ ᠨᠣᠭᠣᠭᠠᠨ᠂ ᠠᠷᠤ ᠨᠢ ᠭᠦᠢᠬᠡᠨ ᠨᠣᠭᠣᠭᠠᠨ ᠥᠩᠭᠡ ᠲᠡᠢ᠂ ᠨᠢᠯᠬ᠎ᠠ ᠦᠶ᠎ᠡ ᠳ᠋ᠡᠭᠡᠨ ᠥᠷᠭᠡᠰᠦ ᠦᠰᠦ ᠲᠡᠢ ᠪᠥᠭᠡᠳ ᠥᠲᠡᠯᠪᠡᠯ ᠠᠷᠵᠠᠭᠠᠷ ᠪᠣᠯᠵᠤ ᠦᠰᠦ ᠤᠷᠭᠤᠬᠤ ᠦᠭᠡᠢ᠂ ᠭᠣᠣᠯ ᠰᠤᠳᠠᠯ ᠨᠢ3~7 ᠵᠤᠷᠪᠤᠰ ᠪᠣᠢ᠃ ᠴᠡᠴᠡᠭ ᠨᠢ ᠭᠠᠭᠴᠠ ᠪᠡᠯᠭᠡ ᠲᠡᠢ᠂ ᠨᠢᠭᠡ ᠭᠡᠷᠲᠡᠢ᠃ ᠡᠮ᠎ᠡ ᠴᠡᠴᠡᠭ ᠨᠢ ᠭᠠᠭᠴᠠᠭᠠᠷ ᠳᠡᠯᠭᠡᠷᠡᠨ᠎ᠡ᠃ ᠪᠠᠷᠢᠭᠤᠯ ᠲᠠᠢ᠂ ᠡᠷ᠎ᠡ ᠴᠡᠴᠡᠭ ᠨᠢ ᠴᠠᠴᠤᠭ ᠬᠡᠯᠪᠡᠷᠢᠲᠦ ᠪᠠᠭ ᠴᠡᠴᠡᠭ ᠪᠣᠯᠳᠠᠭ᠃ ᠴᠡᠴᠡᠭ ᠦ᠋ᠨ ᠲᠣᠭᠳᠣᠢ ᠨᠢ5 ᠭᠦᠨ ᠣᠨᠢ ᠲᠠᠢ᠂ ᠥᠨᠳᠡᠭᠡᠯᠵᠢᠨ ᠬᠠᠪᠲᠠᠭᠠᠢ ᠲᠡᠪᠡᠨᠡ ᠬᠡᠯᠪᠡᠷᠢ ᠲᠡᠢ᠂ ᠭᠠᠳᠠᠷ ᠲᠠᠯ᠎ᠠ ᠳ᠋ᠤᠨᠢ ᠨᠠᠷᠢᠨ ᠵᠥᠭᠡᠯᠡᠨ ᠦᠰᠦ ᠲᠡᠢ᠃ ᠴᠡᠴᠡᠭ ᠦ᠋ᠨ ᠳᠡᠯᠪᠢ ᠨᠢ ᠰᠢᠷ᠎ᠠ᠂ ᠰᠢᠷᠠᠩᠭᠤᠢ ᠪᠤᠶᠤ ᠴᠠᠭᠠᠪᠲᠤᠷ ᠥᠩᠭᠡ ᠲᠡᠢ᠂5 ᠭᠦᠨ ᠣᠨᠢ ᠲᠠᠢ᠂ ᠰᠡᠵᠢᠭᠦᠷ ᠢᠯᠲᠠᠰᠤ ᠨᠢ ᠥᠷᠭᠡᠨ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂3~5cm ᠤᠷᠲᠤ᠂2.4~4·5cm ᠥᠷᠭᠡᠨ᠂ ᠳᠣᠯᠭᠢᠶᠠᠯᠢᠭ ᠬᠥᠪᠡᠭᠡ ᠲᠡᠢ᠃ ᠡᠷ᠎ᠡ ᠲᠣᠭᠣᠷᠴᠣᠭ ᠨᠢ3~5᠂ ᠲᠣᠭᠣᠰᠣᠪᠴᠢ ᠨᠢ2 ᠲᠠᠰᠤᠭ ᠲᠠᠢ᠂ ᠣᠯᠠᠩᠬᠢ ᠳ᠋ᠠᠭᠠᠨ ᠮᠤᠷᠤᠢᠵᠤ《s》 ᠬᠡᠯᠪᠡᠷᠢ ᠲᠡᠢ ᠪᠠᠢᠳᠠᠭ᠃ ᠳᠣᠬᠢᠭᠤᠷ ᠨᠢ ᠰᠠᠯᠤᠩᠭᠢ᠂ ᠤᠭ ᠤ᠋ᠨ ᠬᠡᠰᠡᠭ ᠨᠢ ᠲᠣᠮᠣᠷᠠᠭᠰᠠᠨ ᠪᠥᠭᠡᠳ ᠳᠡᠭᠡᠷ᠎ᠡ ᠨᠢ ᠵᠥᠭᠡᠯᠡᠨ ᠦᠰᠦ ᠲᠡᠢ᠃ ᠤᠮᠠᠢ ᠨᠢ ᠳᠣᠣᠷᠠᠲᠤ ᠣᠷᠣᠨ ᠲᠠᠢ᠂ ᠪᠥᠭᠡᠷᠡᠩᠬᠡᠢ ᠪᠠᠭᠠᠨ᠎ᠠ ᠬᠡᠯᠪᠡᠷᠢ ᠲᠡᠢ᠂3 ᠲᠠᠰᠤᠭ ᠲᠠᠢ᠂ ᠣᠯᠠᠨ ᠬᠥᠪᠦᠷᠡᠯ ᠨᠠᠬᠢᠶ᠎ᠠ ᠲᠠᠢ᠂ ᠪᠠᠭᠠᠨ᠎ᠠ ᠶ᠋ᠢᠨ ᠠᠮᠠᠰᠠᠷ ᠨᠢ3 ᠮᠢᠬᠠᠯᠢᠭᠵᠢᠵᠦ ᠲᠤᠰ ᠪᠦᠷᠢ2 ᠣᠨᠢ ᠭᠠᠷᠴᠤ ᠰᠠᠷᠪᠠᠢᠨ᠎ᠠ᠃ ᠬᠤᠯᠤ ᠵᠢᠮᠢᠰ ᠨᠢ ᠤᠨᠵᠢᠭᠢᠷ ᠤᠷᠲᠤ ᠪᠥᠭᠡᠷᠡᠩᠬᠡᠢ ᠪᠠᠭᠠᠨ᠎ᠠ ᠬᠡᠯᠪᠡᠷᠢ ᠲᠡᠢ᠂18~60cm ᠤᠷᠲᠤ᠃ ᠨᠢᠯᠬ᠎ᠠ ᠦᠶᠡᠰ ᠣ ᠰᠢᠭ᠋ ᠲᠤᠶᠠᠭ᠎ᠠ ᠲᠠᠢ᠂ ᠭᠦᠨ ᠨᠣᠭᠣᠭᠠᠨ ᠥᠩᠭᠡ ᠪᠦᠬᠦᠢ ᠭᠤᠯᠳᠤ ᠠᠷᠲᠠᠢ᠂ ᠥᠲᠡᠯᠵᠦ ᠪᠣᠯᠪᠠᠰᠤᠷᠠᠪᠠᠯ ᠰᠢᠷᠠᠩᠭᠤᠢ ᠨᠣᠭᠣᠭᠠᠨ ᠪᠤᠶᠤ ᠨᠣᠭᠣᠪᠲᠤᠷ ᠬᠦᠷᠡᠩ ᠪᠣᠯᠳᠠᠭ᠃ ᠵᠢᠮᠢᠰ ᠨᠢ ᠪᠡᠬᠢ ᠬᠠᠲᠠᠭᠤ ᠲᠣᠣᠷᠯᠢᠭ ᠰᠢᠷᠬᠡᠭ ᠲᠡᠢ᠂ ᠦᠷ᠎ᠡ ᠨᠢ ᠤᠷᠲᠤ ᠥᠨᠳᠡᠭᠡᠯᠵᠢᠨ ᠬᠡᠯᠪᠡᠷᠢ ᠲᠡᠢ ᠪᠥᠭᠡᠳ ᠬᠠᠪᠲᠠᠭᠠᠢ᠂ ᠬᠠᠷ᠎ᠠ ᠥᠩᠭᠡ ᠲᠡᠢ᠂ ᠬᠥᠪᠡᠭᠡ ᠪᠡᠷ ᠨᠢ ᠳᠠᠯᠠᠪᠴᠢ ᠲᠠᠢ᠃5~7 ᠳ᠋ᠤᠭᠠᠷ ᠰᠠᠷ᠎ᠠ ᠳ᠋ᠤ᠌ ᠴᠡᠴᠡᠭᠯᠡᠵᠦ᠂6~7 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠪᠦᠬᠦ ᠤᠯᠤᠰ ᠤ᠋ᠨ ᠡᠯ᠎ᠡ ᠭᠠᠵᠠᠷ ᠲᠤ᠌ ᠠᠷᠠᠴᠢᠯᠠᠨ ᠲᠠᠷᠢᠵᠤ ᠪᠠᠢᠨ᠎ᠠ᠃
[ ᠲᠡᠭᠦᠵᠦ ᠪᠣᠯᠪᠠᠰᠤᠷᠠᠭᠤᠯᠬᠤ] ᠨᠠᠮᠤᠷ᠂ ᠵᠢᠮᠢᠰ ᠨᠢ ᠪᠣᠯᠪᠠᠰᠤᠷᠠᠭᠰᠠᠨ ᠦᠶ᠎ᠡ ᠳ᠋ᠦ᠍ ᠠᠪᠴᠤ᠂ ᠬᠠᠯᠢᠰᠤ ᠶ᠋ᠢ ᠨᠢ ᠠᠷᠢᠯᠭᠠᠨ ᠬᠠᠶᠠᠵᠤ᠂ ᠦᠷ᠎ᠡ ᠶ᠋ᠢ ᠨᠢ ᠭᠠᠷᠭᠠᠵᠤ ᠤᠬᠢᠶᠠᠭᠠᠳ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠂ ᠰᠡᠷᠢᠭᠦᠨ ᠴᠢᠨᠠᠷ ᠲᠠᠢ᠂ ᠮᠣᠬᠣᠳᠠᠭ᠂ ᠬᠥᠩᠭᠡᠨ᠂ ᠰᠢᠷᠦᠭᠦᠨ᠂ ᠬᠥᠯᠪᠡᠷᠢᠭᠥᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠰᠢᠷ᠎ᠠ ᠶ᠋ᠢ ᠳᠡᠭᠡᠭᠰᠢ ᠲᠠᠲᠠᠬᠤ᠂ ᠬᠣᠣᠷ ᠢ᠋ ᠲᠠᠢᠯᠬᠤ ᠴᠢᠳᠠᠯ ᠲᠠᠢ᠃ ᠭᠣᠣᠯᠳᠠᠭᠤ ᠰᠢᠩᠭᠡᠭᠡᠭᠴᠢ ᠰᠢᠷ᠎ᠠ ᠶ᠋ᠢᠨ ᠡᠪᠡᠳᠴᠢᠨ᠂ ᠭᠠᠯ ᠤ᠋ᠨ ᠢᠯᠴᠢᠲᠦ ᠰᠢᠷ᠎ᠠ ᠪᠤᠰᠤᠳ ᠤ᠋ᠨ ᠣᠷᠣᠨ ᠳ᠋ᠤ᠌ ᠤᠷᠪᠠᠭᠰᠠᠨ᠂ ᠰᠥᠰᠥ ᠴᠠᠯᠭᠢᠭᠰᠠᠨ ᠪᠤᠶᠤ ᠰᠥᠰᠥᠨ ᠦ᠌ ᠠᠮᠠ ᠠᠯᠳᠠᠷᠠᠭᠰᠠᠨ᠂ ᠡᠯᠢᠭᠡᠨ ᠳ᠋ᠦ᠍ ᠬᠣᠣᠷ ᠬᠠᠷᠰᠢᠭᠰᠠᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
[ ᠠᠩᠬᠠᠷᠤᠯ] ᠵᠢᠷᠮᠦᠰᠦᠨ ᠡᠮᠡᠭᠲᠡᠢ ᠳ᠋ᠦ᠍ ᠬᠢᠴᠢᠶᠡᠵᠦ ᠬᠡᠷᠡᠭᠯᠡᠬᠦ ᠬᠡᠷᠡᠭᠲᠡᠢ᠃
ᠬᠢᠲᠠᠳ ᠨᠡᠷ᠎ᠡ᠄丝瓜子
ᠠᠩᠭ᠌ᠯᠢ ᠨᠡᠷ᠎ᠡ᠄LUffa cyLindrica(L.)Roen.
ᠦᠰᠦᠭ ᠠᠮᠢᠯᠠᠭᠤᠯᠤᠭᠴᠢ᠄ ᠣᠶᠤᠨᠴᠢᠮᠡᠭ
ᠬᠢᠨᠠᠭᠴᠢ᠄ ᠤᠷᠠᠨᠴᠢᠮᠡᠭ ᠲᠤᠶᠠᠭ᠎ᠠ