ᠠᠳᠠᠮᠪᠠᠯᠠАдамбал Adambal
ᠠᠳᠠᠮᠪᠠᠯᠠ
ᠲᠤᠰ ᠡᠮ ᠪᠣᠯ ᠲᠠᠷᠨᠤ ᠶ᠋ᠢᠨ ᠢᠵᠠᠭᠤᠷ ᠤ᠋ᠨ ᠤᠷᠭᠤᠮᠠᠯ ᠪᠣᠯᠬᠤ ᠠᠳᠠᠮᠪᠠᠯᠠ ᠶ᠋ᠢᠨ ᠬᠠᠲᠠᠭᠠᠭᠰᠠᠨ ᠪᠣᠯᠪᠠᠰᠣᠷᠠᠮᠠᠯ ᠵᠢᠮᠢᠰ ᠮᠥᠨ᠃ ᠪᠠᠰᠠ ᠲᠥᠪᠡᠳ ᠵᠦᠷᠦᠷ᠎ᠠ ᠭᠡᠳᠡᠭ᠃
[ ᠤᠤᠯ ᠤᠷᠭᠤᠮᠠᠯ] ᠨᠠᠪᠴᠢ ᠵᠤᠯᠭᠠᠷᠠᠬᠤ ᠪᠤᠲᠠ ᠮᠣᠳᠣ ᠪᠤᠶᠤ ᠪᠠᠭᠠᠪᠲᠤᠷ ᠲᠤᠷᠤᠭ ᠮᠣᠳᠣ᠃7m ᠣᠷᠴᠢᠮ ᠥᠨᠳᠥᠷ᠂ ᠨᠠᠪᠴᠢ ᠨᠢ ᠨᠠᠷᠢᠬᠠᠨ᠂ ᠵᠢᠵᠢᠭ ᠮᠥᠴᠢᠷ ᠳᠡᠭᠡᠷ᠎ᠡ ᠴᠤᠪᠤᠷᠠᠨ ᠤᠷᠭᠤᠨ᠎ᠠ᠃ ᠪᠠᠷᠤᠭ ᠪᠠᠷᠢᠭᠤᠯ ᠦᠭᠡᠢ᠂ ᠢᠭᠴᠤ ᠮᠥᠷᠲᠡᠭᠡᠨ ᠢᠯᠡᠬᠡᠨ ᠬᠣᠶᠠᠷ ᠮᠥᠷ ᠪᠣᠯᠵᠤ ᠪᠠᠢᠷᠢᠯᠠᠬᠤ ᠪᠥᠭᠡᠳ ᠥᠳᠥᠯᠢᠭ ᠨᠡᠢᠯᠡᠮᠡᠯ ᠨᠠᠪᠴᠢ ᠲᠠᠢ ᠮᠠᠰᠢ ᠲᠥᠰᠦᠭᠡᠲᠡᠢ᠃ ᠨᠠᠪᠴᠢ ᠨᠢ ᠪᠦᠰᠡᠯᠢᠭ ᠤᠷᠲᠤᠯᠵᠢᠨ ᠲᠣᠭᠣᠷᠢᠭ ᠬᠡᠯᠪᠡᠷᠢ ᠲᠡᠢ᠂1cm ᠣᠷᠴᠢᠮ ᠤᠷᠲᠤ᠂ ᠮᠤᠬᠤᠷ ᠦᠵᠦᠭᠦᠷ ᠲᠡᠢ᠃ ᠲᠣᠰᠬᠣᠭᠤᠷ ᠨᠠᠪᠴᠢ ᠨᠢ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠃ ᠴᠡᠴᠡᠭ ᠨᠢ ᠵᠢᠵᠢᠭ᠂ ᠰᠢᠷ᠎ᠠ ᠥᠩᠭᠡ ᠲᠡᠢ᠂ ᠭᠠᠭᠴᠠ ᠪᠡᠯᠭᠡ ᠲᠡᠢ᠂ ᠨᠢᠭᠡ ᠬᠡᠷᠲᠡᠢ᠂ ᠣᠬᠣᠷ ᠪᠠᠷᠢᠭᠤᠯ ᠲᠠᠢ ᠂ ᠨᠠᠪᠴᠢᠨ ᠰᠤᠭᠤ ᠳ᠋ᠤ᠌ ᠪᠠᠭᠯᠠᠷᠠᠨ ᠤᠷᠭᠤᠨ᠎ᠠ᠃5~6 ᠢᠯᠲᠠᠰᠤ ᠲᠣᠭᠳᠣᠢ ᠲᠠᠢ᠂ ᠲᠣᠩᠭᠣᠷᠤᠤ ᠥᠨᠳᠡᠭᠡᠯᠵᠢᠨ ᠰᠢᠭ᠂ ᠲᠡᠭᠰᠢ ᠲᠣᠭᠣᠷᠢᠭ ᠬᠡᠯᠪᠡᠷᠢ ᠲᠡᠢ᠂ ᠤᠷᠲᠤ ᠨᠢ2mm ᠬᠦᠷᠬᠦ ᠦᠭᠡᠢ᠃ ᠴᠡᠴᠡᠭ ᠨᠢ ᠬᠡᠯᠲᠡᠰ ᠦᠭᠡᠢ᠃ ᠡᠷ᠎ᠡ ᠴᠡᠴᠡᠭ ᠨᠢ ᠪᠠᠷᠢᠭᠤᠯ ᠲᠠᠢ ᠪᠥᠭᠡᠳ ᠮᠠᠰᠢ ᠣᠯᠠᠨ ᠵᠢᠵᠢᠭ ᠴᠡᠴᠡᠭ ᠦ᠋ᠨ ᠲᠠᠪᠠᠭ ᠤ᠋ᠨ ᠪᠤᠯᠴᠢᠷᠬᠠᠢ ᠲᠠᠢ᠂ ᠲᠣᠭᠣᠰᠣᠪᠴᠢ ᠨᠢ3~5᠂ ᠤᠷᠲᠤᠯᠵᠢᠨ ᠵᠤᠤᠪᠠᠩ ᠬᠡᠯᠪᠡᠷᠢ ᠲᠡᠢ᠂ ᠨᠢᠭᠡ ᠣᠬᠣᠷ ᠪᠠᠭᠠᠨ᠎ᠠ ᠳᠡᠭᠡᠷ᠎ᠡ ᠰᠢᠯᠤᠭᠤᠨ ᠲᠣᠭᠲᠠᠨ᠎ᠠ᠃ ᠡᠮ᠎ᠡ ᠴᠡᠴᠡᠭ ᠨᠢ ᠪᠠᠷᠢᠭᠤᠯ ᠦᠭᠡᠢ᠂ ᠶᠡᠷᠦ ᠳ᠋ᠡᠭᠡᠨ ᠳᠡᠭᠡᠷ᠎ᠡ ᠬᠡᠰᠡᠭ ᠦ᠋ᠨ ᠨᠠᠪᠴᠢᠨ ᠰᠤᠭᠤ ᠳ᠋ᠤ᠌ ᠭᠠᠭᠴᠠᠭᠠᠷ ᠡᠷ᠎ᠡ ᠴᠡᠴᠡᠭ ᠲᠡᠢ ᠬᠣᠯᠢᠯᠳᠤᠨ ᠤᠷᠭᠤᠨ᠎ᠠ᠃ ᠤᠮᠠᠢ ᠨᠢ ᠴᠣᠮᠣ ᠰᠢᠭ᠋ ᠴᠡᠴᠡᠭ ᠦ᠋ᠨ ᠲᠠᠪᠠᠭ ᠳᠣᠲᠣᠷ᠎ᠠ ᠬᠠᠭᠠᠰ ᠨᠢᠭᠤᠭᠳᠠᠳᠠᠭ᠃ ᠵᠢᠮᠢᠰ ᠨᠢ ᠮᠢᠬᠠᠯᠢᠭ᠂ ᠳ᠋ᠢᠶᠠᠮᠧᠲ᠋ᠷ ᠨᠢ1.5cm ᠣᠷᠴᠢᠮ· ᠲᠣᠭᠣᠷᠢᠭ ᠮᠥᠷᠲᠡᠭᠡᠨ ᠵᠢᠭᠠᠬᠠᠨ ᠵᠢᠷᠭᠤᠭᠠᠯᠵᠢᠨ ᠰᠢᠭ᠋᠂ ᠡᠬᠢᠨ ᠳ᠋ᠡᠭᠡᠨ ᠰᠢᠷᠠᠩᠭᠤᠢ ᠨᠣᠭᠣᠭᠠᠨ ᠥᠩᠭᠡ ᠲᠡᠢ᠂ ᠪᠣᠯᠪᠠᠰᠤᠷᠠᠪᠠᠯ ᠤᠯᠠᠭᠠᠨ ᠪᠣᠯᠳᠠᠭ᠃3~4 ᠳ᠋ᠦ᠍ᠭᠡᠷ ᠰᠠᠷ᠎ᠠ ᠳ᠋ᠤ᠌ ᠴᠡᠴᠡᠭᠯᠡᠵᠦ᠂9~11 ᠳ᠋ᠦ᠍ᠭᠡᠷ ᠰᠠᠷ᠎ᠠ ᠳ᠋ᠤ᠌ ᠵᠢᠮᠢᠰ ᠨᠢ ᠪᠣᠯᠪᠠᠰᠤᠷᠠᠨ᠎ᠠ᠃
[ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠬᠠᠵᠠᠭᠤ᠂ ᠵᠠᠮ ᠤ᠋ᠨ ᠬᠥᠪᠡᠭᠡ ᠪᠡᠷ ᠤᠷᠭᠤᠨ᠎ᠠ᠃ ᠹᠦᠵᠢᠶᠠᠨ᠂ ᠲᠠᠢᠸᠠᠨ᠂ ᠭᠤᠸᠠᠩᠳᠦᠩ᠂ ᠭᠤᠸᠠᠩᠰᠢ᠂ ᠰᠧᠴᠤᠸᠠᠨ᠂ ᠭᠦᠢᠵᠧᠦ᠂ ᠶᠦᠨᠨᠠᠨ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ]9~11 ᠳ᠋ᠦ᠍ᠭᠡᠷ ᠰᠠᠷ᠎ᠠ ᠳ᠋ᠤ᠌ ᠪᠣᠯᠪᠠᠰᠤᠷᠠᠭᠰᠠᠨ ᠵᠢᠮᠢᠰ ᠢ᠋ ᠨᠢ ᠲᠡᠭᠦᠵᠦ᠂ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠂ ᠰᠡᠷᠢᠭᠦᠨ ᠴᠢᠨᠠᠷ ᠲᠠᠢ᠂ ᠮᠣᠬᠣᠳᠠᠭ᠂ ᠰᠢᠷᠦᠭᠦᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠴᠠᠰᠤᠨ ᠬᠠᠯᠠᠭᠤᠨ ᠢ᠋ ᠠᠷᠢᠯᠭᠠᠬᠤ᠂ ᠪᠠᠳᠬᠠᠨ ᠰᠢᠷ᠎ᠠ ᠶ᠋ᠢ ᠳᠠᠷᠤᠬᠤ᠂ ᠬᠠᠷᠠᠭ᠎ᠠ ᠶ᠋ᠢ ᠰᠠᠢᠵᠢᠷᠠᠭᠤᠯᠬᠤ᠂ ᠰᠢᠮᠡᠵᠢᠭᠦᠯᠬᠦ᠂ ᠮᠠᠬᠠᠪᠣᠳ ᠢ᠋ ᠲᠡᠭᠰᠢᠳᠬᠡᠬᠦ ᠴᠢᠳᠠᠯ ᠲᠠᠢ᠃ ᠭᠣᠣᠯᠳᠠᠭᠤ ᠴᠢᠰᠤᠨ ᠬᠠᠯᠠᠭᠤᠨ᠂ ᠡᠯᠢᠭᠡᠨ ᠦ᠌ ᠬᠠᠯᠠᠭᠤᠨ᠂ ᠪᠡᠶ᠎ᠡ ᠰᠢᠷᠠᠯᠠᠬᠤ᠂ ᠴᠢᠰᠤ ᠰᠢᠷ᠎ᠠ ᠶ᠋ᠢᠨ ᠴᠢᠨᠠᠷ ᠲᠠᠢ ᠨᠢᠳᠦᠨ ᠡᠪᠡᠳᠴᠢᠨ᠂ ᠪᠥᠭᠡᠷ᠎ᠡ ᠳᠠᠪᠤᠰᠠᠩ ᠤ᠋ᠨ ᠬᠠᠯᠠᠭᠤᠨ᠂ ᠤᠮᠳᠠᠭᠠᠰᠬᠤ ᠵᠡᠷᠭᠡ ᠡᠪᠡᠳᠴᠢᠨ ᠢ᠋ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄余甘子
ᠠᠩᠭ᠌ᠯᠢ ᠨᠡᠷ᠎ᠡ᠄phyllanthus emblica L
ᠦᠰᠦᠭ ᠠᠮᠢᠯᠠᠭᠤᠯᠤᠭᠴᠢ᠄ ᠣᠶᠤᠨᠴᠢᠮᠡᠭ᠂
ᠬᠢᠨᠠᠭᠴᠢ᠄ ᠲᠤᠶᠠᠭ᠎ᠠ