ᠠᠷᠤᠷ᠎ᠠАрүр Arür
ᠠᠷᠤᠷ᠎ᠠ
ᠲᠤᠰ ᠡᠮ ᠪᠣᠯ ᠠᠷᠤᠷ᠎ᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠠᠷᠤᠷ᠎ᠠ ᠪᠤᠶᠤ ᠨᠣᠣᠯᠣᠭᠤᠷᠲᠤ ᠠᠷᠤᠷ᠎ᠠ ᠶ᠋ᠢᠨ ᠬᠠᠲᠠᠭᠠᠭᠰᠠᠨ ᠪᠣᠯᠪᠰᠤᠷᠠᠮᠠᠯ ᠵᠢᠮᠢᠰ ᠮᠥᠨ᠃ ᠪᠠᠰᠠ ᠡᠮ ᠦ᠋ᠨ ᠮᠠᠩᠯᠠᠢ᠂ ᠬᠣᠣᠷ ᠤ᠋ᠨ ᠳᠠᠷᠤᠯᠭ᠎ᠠ ᠭᠡᠳᠡᠭ᠃
[ ᠤᠤᠯ ᠤᠷᠭᠤᠮᠠᠯ] 1᠂ ᠠᠷᠤᠷ᠎ᠠ ᠲᠤᠷᠤᠭ ᠮᠣᠳᠣ᠂20—30m ᠥᠨᠳᠥᠷ᠂ ᠨᠠᠪᠴᠢ ᠨᠢ ᠴᠤᠪᠤᠷᠠᠨ ᠤᠷᠭᠤᠬᠤ ᠪᠤᠶᠤ ᠴᠢᠭᠲᠠᠯᠠᠨ ᠤᠷᠭᠤᠨ᠎ᠠ᠂ ᠥᠨᠳᠡᠭᠡᠯᠵᠢᠨ ᠪᠤᠶᠤ ᠵᠤᠤᠪᠠᠩ ᠬᠡᠯᠪᠡᠷᠢ ᠲᠡᠢ᠂7—25cm ᠤᠷᠲᠤ᠂3—15cm ᠥᠷᠭᠡᠨ᠂ ᠣᠬᠣᠷ ᠱᠣᠪᠬᠣ ᠦᠵᠦᠭᠦᠷ ᠲᠡᠢ᠂ ᠮᠤᠬᠤᠷ ᠪᠤᠶᠤ ᠲᠣᠭᠣᠷᠢᠭ ᠤᠭ ᠲᠠᠢ᠂ ᠪᠦᠲᠦᠨ ᠬᠥᠪᠡᠭᠡ ᠲᠡᠢ᠃ ᠬᠣᠶᠠᠷ ᠲᠠᠯ᠎ᠠ ᠳ᠋ᠤᠨᠢ ᠪᠦᠷ ᠦᠰᠦ ᠦᠭᠡᠢ ᠪᠤᠶᠤ ᠨᠢᠯᠬ᠎ᠠ ᠦᠶᠡᠰ ᠠᠷᠤ ᠳ᠋ᠤᠨᠢ ᠶᠠᠯᠢᠮ ᠦᠭᠡᠢ ᠦᠰᠦ ᠲᠡᠢ᠃ ᠨᠠᠪᠴᠢᠨ ᠪᠠᠷᠢᠭᠤᠯ ᠨᠢ ᠲᠤᠷᠤᠭ ᠪᠦᠳᠦᠭᠦᠨ᠂1.5—2cm ᠤᠷᠲᠤ᠂ ᠵᠠᠷᠢᠮ ᠳ᠋ᠠᠭᠠᠨ ᠣᠷᠣᠢ ᠶ᠋ᠢᠨ ᠬᠡᠰᠡᠭ ᠲᠤᠨᠢ2 ᠪᠤᠯᠴᠢᠷᠬᠠᠢ ᠲᠠᠢ᠃ ᠲᠦᠷᠦᠭᠦᠦ ᠬᠡᠯᠪᠡᠷᠢᠲᠦ ᠪᠠᠭ ᠴᠡᠴᠡᠭ ᠨᠢ ᠮᠥᠴᠢᠷ ᠦ᠋ᠨ ᠣᠷᠣᠢ ᠪᠤᠶᠤ ᠨᠠᠪᠴᠢᠨ ᠤ᠋ ᠰᠤᠭᠤ ᠳ᠋ᠤ᠌ ᠳᠡᠯᠭᠡᠷᠡᠨ᠎ᠡ᠃ ᠴᠡᠴᠡᠭ ᠨᠢ ᠬᠣᠣᠰ ᠪᠡᠯᠭᠡ ᠲᠡᠢ᠂ ᠰᠢᠷ᠎ᠠ ᠥᠩᠭᠡ ᠲᠡᠢ᠃ ᠲᠣᠭᠳᠣᠢ ᠨᠢ ᠴᠣᠮᠣ ᠬᠡᠯᠪᠡᠷᠢ ᠲᠡᠢ᠂3mm ᠣᠷᠴᠢᠮ ᠤᠷᠲᠤ᠂ ᠦᠵᠦᠭᠦᠷ ᠲᠤᠨᠢ5 ᠣᠨᠢ ᠲᠠᠢ᠃ ᠰᠡᠵᠢᠭᠦᠷ ᠢᠯᠲᠠᠰᠤ ᠨᠢ ᠭᠤᠷᠪᠠᠯᠵᠢᠨ ᠬᠡᠯᠪᠡᠷᠢ ᠲᠡᠢ᠂ ᠬᠤᠷᠴᠠ ᠱᠣᠪᠬᠣ ᠦᠵᠦᠭᠦᠷ ᠲᠡᠢ᠂ ᠳᠣᠲᠣᠷ᠎ᠠ ᠲᠠᠯ᠎ᠠ ᠳ᠋ᠤᠨᠢ ᠦᠰᠦ ᠲᠡᠢ᠃ ᠴᠡᠴᠡᠭ ᠦ᠋ᠨ ᠬᠡᠯᠲᠡᠰ ᠦᠭᠡᠢ᠃ ᠡᠷ᠎ᠡ ᠲᠣᠭᠣᠷᠴᠣᠭ ᠨᠢ10᠂ ᠲᠣᠭᠳᠣᠢ ᠶ᠋ᠢᠨ ᠬᠣᠭᠣᠯᠠᠢ ᠳᠡᠭᠡᠷ᠎ᠡ ᠤᠷᠭᠤᠨ᠎ᠠ᠃ ᠲᠣᠭᠣᠰᠣᠪᠴᠢ ᠨᠢ ᠰᠢᠷ᠎ᠠ ᠥᠩᠭᠡ ᠲᠡᠢ᠂ ᠵᠢᠷᠦᠬᠡᠨ ᠬᠡᠯᠪᠡᠷᠢ ᠲᠡᠢ᠃ ᠤᠮᠠᠢ ᠨᠢ ᠳᠣᠣᠷᠠᠲᠤ ᠣᠷᠣᠨ ᠲᠠᠢ᠂1 ᠲᠠᠰᠤᠭ ᠲᠠᠢ᠂2 ᠦᠷ᠎ᠡ ᠨᠠᠬᠢᠶ᠎ᠠ ᠲᠠᠢ᠂ ᠴᠡᠴᠡᠭ ᠦ᠋ᠨ ᠪᠠᠭᠠᠨ᠎ᠠ ᠨᠢ ᠭᠠᠳᠠᠭᠰᠢ ᠴᠤᠬᠤᠢᠨ ᠭᠠᠷᠳᠠᠭ᠃ ᠶᠠᠰᠤᠲᠤ ᠵᠢᠮᠢᠰ ᠨᠢ ᠲᠣᠩᠭᠣᠷᠤᠤ ᠥᠨᠳᠡᠭᠡᠯᠵᠢᠨ ᠪᠤᠶᠤ ᠵᠤᠤᠪᠠᠩ ᠬᠡᠯᠪᠡᠷᠢ ᠲᠡᠢ᠂2.5—4.5cm ᠤᠷᠲᠤ᠂ ᠨᠢᠯᠬ᠎ᠠ ᠦᠶ᠎ᠡ ᠳ᠋ᠡᠭᠡᠨ ᠨᠣᠭᠣᠭᠠᠨ᠂ ᠪᠣᠯᠪᠠᠰᠤᠷᠠᠪᠠᠯ ᠰᠢᠷᠠᠪᠲᠤᠷ ᠬᠦᠷᠡᠩ ᠪᠣᠯᠳᠠᠭ᠂ ᠭᠠᠳᠠᠷ ᠨᠢ ᠮᠥᠯᠢᠬᠡᠷ᠂ ᠬᠠᠲᠠᠪᠠᠯ5 ᠢᠷᠮᠡᠭ ᠲᠡᠢ᠃1 ᠮᠥᠬᠥᠯᠢᠭ ᠦᠷ᠎ᠡ ᠲᠡᠢ᠂6—8 ᠳ᠋ᠤᠭᠠᠷ ᠰᠠᠷ᠎ᠠ ᠳ᠋ᠤ᠌ ᠴᠡᠴᠡᠭᠯᠡᠵᠦ᠂8—10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
2᠂ ᠨᠣᠣᠯᠣᠭᠤᠷᠲᠤ ᠠᠷᠤᠷ᠎ᠠ ᠲᠤᠰ ᠬᠤᠪᠢᠷᠠᠮᠠᠯ ᠳᠦᠷᠰᠦ ᠶ᠋ᠢᠨ ᠨᠢᠯᠬ᠎ᠠ ᠮᠥᠴᠢᠷ ᠳᠡᠭᠡᠷ᠎ᠡ ᠨᠢ ᠨᠡᠢᠳᠡᠮ ᠵᠡᠰ ᠦ᠋ᠨ ᠥᠩᠭᠡ ᠲᠡᠢ ᠨᠣᠣᠯᠣᠭᠤᠷ ᠦᠰᠦ ᠲᠡᠢ᠂ ᠥᠲᠡᠯᠪᠡᠯ ᠨᠠᠪᠴᠢᠨ ᠠᠷᠤ ᠶ᠋ᠢᠨ ᠦᠰᠦ ᠨᠢ ᠪᠠᠷᠤᠭ ᠪᠦᠷ ᠵᠤᠯᠭᠠᠷᠠᠳᠠᠭ᠃ ᠪᠠᠭᠯᠠᠭᠴᠢ ᠢᠯᠲᠠᠰᠤ ᠨᠢ ᠴᠡᠴᠡᠭ ᠡᠴᠡ ᠪᠡᠨ ᠤᠷᠲᠤ᠃ ᠲᠣᠭᠳᠣᠢ ᠶ᠋ᠢᠨ ᠠᠷᠤ ᠳ᠋ᠤᠨᠢ ᠦᠰᠦ ᠦᠭᠡᠢ᠃ ᠵᠢᠮᠢᠰ ᠨᠢ ᠥᠨᠳᠡᠭᠡᠯᠵᠢᠨ᠂ ᠤᠷᠲᠤ ᠨᠢ2.5cm ᠬᠦᠷᠬᠦ ᠦᠭᠡᠢ᠃
[ ᠤᠷᠭᠤᠬᠤ ᠣᠷᠴᠢᠨ ᠬᠢᠭᠡᠳ ᠲᠠᠷᠬᠠᠴᠠ] ᠠᠷᠤᠷ᠎ᠠ ᠶ᠋ᠢ ᠣᠯᠠᠩᠬᠢ ᠳ᠋ᠠᠭᠠᠨ ᠵᠠᠮ ᠤ᠋ᠨ ᠬᠠᠵᠠᠭᠤ᠂ ᠠᠢᠯ ᠲᠣᠰᠬᠣᠨ ᠤ᠋ ᠣᠢᠷᠠᠯᠴᠠᠭ᠎ᠠ ᠠᠷᠠᠴᠢᠯᠠᠨ ᠲᠠᠷᠢᠳᠠᠭ᠃ ᠤᠤᠯ ᠳ᠋ᠠᠭᠠᠨ ᠡᠨᠡᠳᠬᠡᠭ᠂ ᠪᠢᠷᠮᠠ ᠳ᠋ᠤ᠌ ᠤᠷᠭᠤᠳᠠᠭ᠃ ᠮᠠᠨ ᠤ᠋ ᠤᠯᠤᠰ ᠤ᠋ᠨ ᠭᠤᠸᠡᠡᠭᠲᠦᠢ᠍ᠡᠭ᠂ ᠭᠤᠸᠠᠩᠰᠢ᠂ ᠶᠦᠨᠨᠠᠨ᠂ ᠲᠥᠪᠡᠳ ᠲᠦ᠍ ᠲᠠᠷᠬᠠᠴᠠ ᠲᠠᠢ᠃ ᠨᠣᠣᠯᠣᠭᠤᠷᠲᠤ ᠠᠷᠤᠷ᠎ᠠ ᠪᠣᠯ ᠳᠠᠯᠠᠢ ᠶ᠋ᠢᠨ ᠲᠦᠪᠰᠢᠨ ᠡᠴᠡ ᠳᠡᠭᠡᠭᠰᠢ800—1100m ᠥᠨᠳᠥᠷ ᠡᠭᠡᠪᠦᠷ ᠬᠠᠵᠠᠭᠤ ᠶ᠋ᠢᠨ ᠣᠢ ᠶ᠋ᠢᠨ ᠬᠥᠪᠡᠭᠡ ᠪᠡᠷ ᠤᠷᠭᠤᠨ᠎ᠠ᠃ ᠶᠦᠨᠨᠠᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠨᠠᠮᠤᠷ᠂ ᠡᠪᠦᠯ ᠪᠣᠯᠪᠠᠰᠤᠷᠠᠭᠰᠠᠨ ᠵᠢᠮᠢᠰ ᠢ᠋ ᠨᠢ ᠲᠡᠭᠦᠵᠦ ᠪᠤᠴᠠᠯᠤᠮ᠎ᠠ ᠤᠰᠤᠨ ᠳ᠋ᠤ᠌ ᠲᠠᠩᠨᠠᠵᠦ ᠭᠠᠷᠭᠠᠭᠠᠳ᠂ ᠨᠠᠷᠠᠨ ᠳ᠋ᠤ᠌ ᠬᠠᠲᠠᠭᠠᠬᠤ ᠪᠤᠶᠤ ᠬᠠᠭᠰᠠᠭᠠᠨ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠡᠬᠡᠭᠦᠨ ᠠᠮᠲᠠ ᠲᠠᠢ᠃ ᠲᠡᠭᠰᠢ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠰᠢᠷ᠎ᠠ ᠶ᠋ᠢ ᠳᠠᠷᠤᠬᠤ᠂ ᠰᠢᠷᠬ᠎ᠠ ᠶ᠋ᠢ ᠠᠨᠠᠭᠠᠬᠤ᠂ ᠰᠢᠨ᠎ᠡ ᠮᠢᠬ᠎ᠠ ᠲᠥᠷᠥᠭᠦᠯᠬᠦ᠂ ᠢᠳᠡᠭᠡᠨ ᠢ᠋ ᠰᠢᠩᠭᠡᠭᠡᠬᠦ᠂ ᠬᠣᠣᠷ ᠲᠠᠢᠯᠬᠤ ᠴᠢᠳᠠᠯ ᠲᠠᠢ᠃ ᠭᠣᠣᠯᠳᠠᠭᠤ ᠬᠡᠢ᠂ ᠰᠢᠷ᠎ᠠ᠂ ᠪᠠᠳᠬᠠᠨ ᠳᠦᠷᠢ ᠤᠷᠪᠠᠭᠰᠠᠨ᠂ ᠬᠤᠷᠠᠮᠠᠯ ᠡᠪᠡᠳᠴᠢᠨ᠂ ᠬᠣᠣᠷ ᠡᠪᠡᠳᠴᠢᠨ ᠵᠡᠷᠭᠡ ᠣᠯᠠᠨ ᠵᠦᠢᠯ ᠦ᠋ᠨ ᠡᠪᠡᠳᠴᠢᠨ ᠢ᠋ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄ 1诃子 2绒毛诃子
ᠠᠩᠭ᠌ᠯᠢ ᠨᠡᠷ᠎ᠡ᠄1 Terminalia chebula Retz.2 Terminalia chebula Retz. var. tomentella Kurt
ᠦᠰᠦᠭ ᠠᠮᠢᠯᠠᠭᠤᠯᠤᠭᠴᠢ᠄ ᠪᠣᠷᠣᠨᠤᠳ᠂ ᠴᠢᠮᠡᠭ
ᠬᠢᠨᠠᠭᠴᠢ᠄ ᠤᠷᠠᠨᠴᠢᠮᠡᠭ᠂ ᠲᠤᠶᠠᠭ᠎ᠠ