ᠮᠣᠩᠭᠣᠯ ᠊ᠤᠨ ᠨᠢᠭᠤᠴᠠ ᠲᠣᠪᠴᠢᠶᠠᠨ ᠊ᠤ᠌ ᠮᠦᠽᠧᠢ ᠳ᠋ᠤ᠌ Монголын нууц товчооны музейд
ᠮᠣᠩᠭᠣᠯ ᠤ᠋ᠨ ᠨᠢᠭᠤᠴᠠ ᠲᠣᠪᠴᠢᠶᠠᠨ ᠤ᠋ ᠮᠦᠽᠧᠢ ᠳ᠋ᠦ᠍
ᠳᠠᠶᠠᠭᠠᠷ ᠠᠮᠤᠷ ᠰᠠᠢᠨ? ᠥᠨᠥᠳᠥᠷ ᠶᠡᠬᠡ ᠵᠣᠣ ᠠᠢᠮᠠᠭ ᠤ᠋ᠨ ᠮᠣᠩᠭᠣᠯ ᠦᠨᠳᠦᠰᠦᠲᠡᠨ ᠦ᠌ ᠳᠤᠮᠳᠠᠳᠤ ᠰᠤᠷᠭᠠᠭᠤᠯᠢ ᠶ᠋ᠢᠨ ᠳᠡᠭᠡᠳᠦ ᠲᠠᠪᠢᠨ ᠳᠥᠷᠪᠡᠳᠦᠭᠡᠷ ᠪᠦᠯᠦᠭ ᠦ᠋ᠨ ᠰᠤᠷᠤᠯᠭ᠎ᠠ ᠲᠡᠭᠦᠰᠦᠭᠰᠡᠨ《ᠭᠤᠴᠢᠨ ᠵᠢᠯ ᠦ᠋ᠨ ᠣᠢ》 ᠶ᠋ᠢᠨ ᠬᠠᠮᠲᠤ ᠰᠤᠷᠤᠯᠭᠠᠲᠠᠨ ᠤ᠋ ᠨᠠᠢᠷ ᠤ᠋ᠨ ᠵᠠᠪᠰᠢᠶᠠᠨ ᠢ᠋ᠶ᠋ᠠᠷ ᠥᠨᠥᠳᠥᠷ ᠣᠲᠣᠭ ᠤ᠋ᠨ ᠬᠣᠢᠲᠤ ᠬᠤᠰᠢᠭᠤᠨ ᠳ᠋ᠤ᠌ ᠪᠠᠢᠬᠤ ᠳᠤᠮᠳᠠᠳᠤ ᠤᠯᠤᠰ ᠤ᠋ᠨ《ᠮᠣᠩᠭᠣᠯ ᠤ᠋ᠨ ᠨᠢᠭᠤᠴᠠ ᠲᠣᠪᠴᠢᠶᠠᠨ ᠤ᠋ ᠮᠦᠽᠧᠢ》 ᠳ᠋ᠦ᠍ ᠬᠦᠷᠴᠦ ᠢᠷᠡᠯ᠎ᠡ᠃
《ᠮᠣᠩᠭᠣᠯ ᠬᠠᠭᠤᠴᠢᠨ ᠪᠢᠴᠢᠭ ᠢ᠋ ᠴᠤᠭᠯᠠᠭᠤᠯᠬᠤ᠂ ᠡᠮᠬᠢᠳᠬᠡᠬᠦ᠂ ᠬᠠᠮᠠᠭᠠᠯᠠᠬᠤ ᠶ᠋ᠢ ᠴᠢᠩᠭᠠᠳᠬᠠᠵᠤ᠂ ᠡᠭᠦᠨ ᠳ᠋ᠦ᠍ ᠠᠭᠤᠯᠤᠭᠳᠠᠵᠤ ᠪᠠᠢᠭ᠎ᠠ ᠦᠨᠳᠦᠰᠦᠲᠡᠨ ᠦ᠌ ᠪᠦᠯᠬᠦᠮᠳᠡᠯ ᠳᠡᠪᠰᠢᠯᠲᠡ ᠶ᠋ᠢᠨ ᠦᠵᠡᠯ ᠰᠠᠨᠠᠭᠠᠨ ᠤ᠋ ᠠᠭᠤᠯᠤᠭᠳᠠᠬᠤᠨ ᠢ᠋ ᠠᠭᠤᠳᠠᠯᠤᠨ ᠪᠠᠳᠠᠷᠠᠭᠤᠯᠵᠤ᠂ ᠦᠨᠳᠦᠰᠦᠲᠡᠨ ᠨᠤᠭᠦᠳ ᠦ᠋ᠨ ᠠᠷᠠᠳ ᠲᠦᠮᠡᠨ ᠦ᠌ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶ᠋ᠢ ᠵᠣᠷᠢᠬᠵᠢᠭᠤᠯᠬᠤ ᠬᠡᠷᠡᠭᠲᠡᠢ》 ᠭᠡᠵᠦ ᠮᠠᠨ ᠤ᠋ ᠲᠡᠷᠢᠭᠦᠯᠡᠭᠴᠢ ᠡᠴᠡ ᠤᠷᠢᠶᠠᠯᠠᠭᠰᠠᠨ ᠪᠠᠢᠨ᠎ᠠ᠃
ᠳᠤᠮᠳᠠᠳᠤ ᠤᠯᠤᠰ ᠤ᠋ᠨ ᠮᠣᠩᠭᠣᠯ ᠤ᠋ᠨ ᠨᠢᠭᠤᠴᠠ ᠲᠣᠪᠴᠢᠶᠠᠨ ᠤ᠋ ᠮᠦᠽᠧᠢ᠂《ᠮᠣᠩᠭᠣᠯ ᠤ᠋ᠨ ᠨᠢᠭᠤᠴᠠ ᠲᠣᠪᠴᠢᠶᠠᠨ》 ᠤ᠋ ᠮᠥᠩᠭᠥᠨ ᠳᠡᠭᠡᠷᠡᠬᠢ ᠰᠡᠢᠯᠦᠮᠡᠯ᠂《ᠮᠣᠩᠭᠣᠯ ᠤ᠋ᠨ ᠨᠢᠭᠤᠴᠠ ᠲᠣᠪᠴᠢᠶᠠᠨ》 ᠤ᠋ ᠦᠬᠡᠷ ᠦ᠋ᠨ ᠠᠷᠠᠰᠤᠨ ᠳᠡᠭᠡᠷᠡᠬᠢ ᠰᠡᠢᠯᠦᠮᠡᠯ᠂《ᠮᠣᠩᠭᠣᠯ ᠤ᠋ᠨ ᠨᠢᠭᠤᠴᠠ ᠲᠣᠪᠴᠢᠶᠠᠨ》 ᠤ᠋ ᠱᠠᠭᠠᠵᠠᠩ ᠳᠡᠭᠡᠷᠡᠬᠢ ᠰᠡᠢᠯᠦᠮᠡᠯ᠂ ᠮᠣᠩᠭᠣᠯ ᠤ᠋ᠨ ᠨᠢᠭᠤᠴᠠ ᠲᠣᠪᠴᠢᠶᠠᠨ᠂《ᠬᠠᠩᠭᠢᠨ ᠬᠤᠰᠢᠭᠤᠨ ᠤ᠋ ᠵᠠᠰᠠᠭ ᠶᠠᠮᠤᠨ ᠤ᠋ ᠳᠠᠩᠰᠠ》 ᠭᠡᠵᠦ᠂ ᠬᠦᠢ ᠡ! ᠡᠨᠡ᠂ ᠡᠨᠡ ᠪᠠᠢᠭᠰᠠᠨ᠂ ᠡᠨᠳᠡ ᠪᠠᠢᠭᠰᠠᠨ ᠬᠡᠳᠦᠨ ᠬᠠᠢᠷᠴᠠᠭ ᠪᠠᠢᠨ᠎ᠠ ᠬᠥᠶᠢ᠂ ᠡᠨᠡ ᠳᠠᠩᠰᠠ ᠪᠣᠯ ᠣᠳᠣ ᠬᠠᠩᠭᠢᠨ ᠤ᠋ ᠪᠣᠯ ᠬᠠᠮᠤᠭ ᠤ᠋ᠨ ᠪᠦᠷᠢᠨ ᠪᠦᠲᠦᠨ ᠪᠠᠢᠳᠠᠭ ᠭᠡᠨ᠎ᠡ᠃
ᠵᠠᠩᠭᠠᠷ᠂《ᠵᠠᠩᠭᠠᠷ》 ᠭᠡᠰᠡᠨ ᠨᠣᠮ ᠳᠡᠭᠡᠷᠡᠬᠢ ᠬᠠᠮᠤᠭ ᠤ᠋ᠨ ᠰᠠᠢᠬᠠᠨ ᠬᠡᠯᠡᠯᠭᠡ᠄《ᠡᠪᠦᠯ ᠦᠭᠡᠢ ᠵᠤᠨ ᠢ᠋ᠶ᠋ᠠᠷ ᠢ᠋ᠶ᠋ᠠᠨ᠂ ᠡᠪᠡᠳᠴᠢᠨ ᠦᠭᠡᠢ ᠡᠷᠡᠭᠦᠯ ᠢ᠋ᠶ᠋ᠡᠷ ᠢ᠋ᠶ᠋ᠡᠨ᠂ ᠪᠣᠷ ᠪᠣᠷ ᠪᠣᠷᠣᠭᠠᠨ ᠲᠠᠢ᠂ ᠰᠡᠷ ᠰᠡᠷ ᠰᠠᠯᠬᠢᠨ ᠲᠠᠢ᠃》 ᠢᠩᠭᠢᠭᠡᠳ《ᠵᠠᠩᠭᠠᠷ》 ᠨᠢ ᠪᠣᠯ ᠡᠢᠮᠦ ᠰᠠᠢᠬᠠᠨ ᠬᠡᠯᠡ ᠬᠡᠯᠡᠯᠭᠡ ᠦᠵᠡᠯ ᠰᠠᠨᠠᠭ᠎ᠠ ᠪᠠᠷ᠂ ᠰᠢ ᠵᠢᠨ ᠫᠢᠩ ᠶᠡᠷᠦᠩᠬᠡᠢ ᠱᠦᠵᠢ ᠬᠣᠶᠠᠷ ᠮᠢᠩᠭ᠎ᠠ ᠠᠷᠪᠠᠨ ᠨᠠᠢ᠍ᠮᠠᠨ ᠣᠨ ᠤ᠋ ᠭᠤᠷᠪᠠᠨ ᠰᠠᠷ᠎ᠠ ᠶ᠋ᠢᠨ ᠬᠣᠷᠢᠨ ᠤ᠋ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠨᠢᠭᠡᠳᠦᠭᠡᠷ ᠤᠳᠠᠭᠠᠨ ᠤ᠋ ᠬᠤᠷᠠᠯ ᠳᠡᠭᠡᠷ᠎ᠡ᠄《ᠭᠡᠰᠡᠷ᠂ ᠵᠠᠩᠭᠠᠷ᠂ ᠮᠠᠨᠤᠰ ᠪᠣᠯ ᠮᠠᠨ ᠤ᠋ ᠤᠯᠤᠰ ᠤ᠋ᠨ ᠭᠤᠷᠪᠠᠨ ᠶᠡᠬᠡ ᠪᠠᠭᠠᠲᠤᠷᠯᠢᠭ ᠲᠤᠤᠯᠢᠰ ᠪᠠᠢᠵᠤ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠬᠠᠮᠠᠭᠠᠯᠠᠨ ᠤᠯᠠᠮᠵᠢᠯᠠᠵᠤ᠂ ᠳᠤᠮᠳᠠᠳᠤ ᠤᠯᠤᠰ ᠤ᠋ᠨ ᠰᠢᠯᠢᠳᠡᠭ ᠰᠣᠶᠣᠯ ᠢ᠋ ᠪᠠᠳᠠᠷᠠᠭᠤᠯᠤᠨ ᠤᠯᠠᠮᠵᠢᠯᠠᠬᠤ ᠬᠡᠷᠡᠭᠲᠡᠢ!》 ᠭᠡᠪᠡ᠃ ᠡᠢᠮᠦ ᠪᠢᠴᠢᠭᠡᠰᠦ ᠭᠠᠷᠤᠭᠰᠠᠨ ᠪᠠᠢᠨ᠎ᠠ᠃
ᠵᠠ᠂ ᠢᠩᠭᠢᠭᠡᠳ ᠮᠠᠨ ᠤ᠋ ᠬᠠᠮᠲᠤ ᠰᠤᠷᠤᠯᠭᠠᠲᠠᠨ ᠤ᠋ ᠨᠠᠢᠷ ᠢᠩᠭᠢᠵᠦ ᠰᠠᠢᠬᠠᠨ ᠤᠳᠬ᠎ᠠ ᠠᠭᠤᠯᠭ᠎ᠠ ᠲᠠᠢ ᠶᠠᠪᠤᠭᠳᠠᠵᠤ ᠪᠠᠢᠨ᠎ᠠ᠃
ᠠ᠋! ᠲᠡᠦᠬᠡᠨ ᠳᠡᠭᠡᠷ᠎ᠡ ᠮᠠᠨ ᠤ᠋ ᠮᠡᠷᠭᠡᠨ ᠪᠠᠭᠰᠢ ᠢᠨᠵᠠᠨᠨᠠᠰᠢ ᠬᠡᠯᠡᠵᠡᠢ᠄《ᠲᠡᠦᠬᠡ ᠪᠡᠨ ᠮᠡᠳᠡᠬᠦ ᠦᠭᠡᠢ ᠪᠣᠯ ᠭᠠᠬᠠᠢ》 ᠭᠡᠳᠡᠭ᠃ ᠪᠢ ᠣᠳᠣ ᠪᠣᠯᠲᠠᠯ᠎ᠠ《ᠮᠣᠩᠭᠣᠯ ᠤ᠋ᠨ ᠨᠢᠭᠤᠴᠠ ᠲᠣᠪᠴᠢᠶᠠᠨ》 ᠢ᠋ ᠨᠢᠭᠡ ᠤᠳᠠᠭ᠎ᠠ ᠴᠤ᠌ ᠤᠩᠰᠢᠵᠤ ᠥᠩᠭᠡᠷᠡᠭᠡᠵᠦ ᠥᠩᠭᠡᠷᠡᠭᠰᠡᠨ ᠦᠭᠡᠢ᠃ ᠥᠨᠥᠳᠥᠷ ᠪᠣᠯᠲᠠᠯ᠎ᠠ ᠢᠩᠭᠢᠭᠡᠳ ᠣᠳᠣ᠂ ᠥᠨᠥᠳᠥᠷ ᠡᠢᠮᠦ ᠰᠠᠢᠬᠠᠨ《ᠰᠣᠶᠣᠯ ᠤ᠋ᠨ ᠣᠷᠳᠣᠨ》 ᠳ᠋ᠤ᠌ ᠢᠷᠡᠭᠡᠳ ᠪᠣᠯ ᠰᠦᠷᠡᠬᠡᠢ ᠶᠡᠬᠡ ᠢᠴᠢᠳᠡᠰᠦ ᠬᠦᠷᠴᠦ᠂ ᠥᠪᠡᠷ ᠢ᠋ᠶ᠋ᠡᠨ ᠡᠢᠮᠦ《ᠭᠠᠬᠠᠢ ᠳ᠋ᠤ᠌ ᠬᠦᠷᠬᠦ ᠦᠭᠡᠢ ᠠᠮᠢᠳᠤᠷᠠᠵᠤ ᠪᠠᠢᠨ᠎ᠠ》 ᠭᠡᠵᠦ ᠮᠡᠳᠡᠯ᠎ᠡ᠂ ᠣᠢᠯᠠᠭᠠᠯ᠎ᠠ᠃
ᠬᠣᠵᠢᠮ ᠣᠳᠣ ᠥᠪᠡᠷ ᠦ᠋ᠨ ᠢ᠋ᠶ᠋ᠡᠨ《ᠲᠡᠦᠬᠡ ᠰᠣᠶᠣᠯ》 ᠢ᠋ᠶ᠋ᠠᠨ ᠨᠡᠩ ᠣᠯᠠᠨ ᠰᠤᠷᠤᠯᠴᠠᠵᠤ ᠮᠡᠳᠡᠵᠦ᠂ ᠴᠠᠭ ᠢᠮᠠᠭᠲᠠ ᠰᠤᠷᠤᠯᠴᠠᠵᠤ ᠶᠠᠪᠤᠬᠤ ᠨᠢ ᠣᠳᠣ ᠪᠢᠳᠡᠨ ᠦ᠌ ᠬᠠᠮᠤᠭ ᠤ᠋ᠨ ᠶᠡᠬᠡ ᠤᠳᠬ᠎ᠠ ᠠᠭᠤᠯᠭ᠎ᠠ ᠲᠠᠢ ᠠᠵᠢᠯ ᠪᠠᠢᠨ᠎ᠠ᠃
ᠵᠠ᠂ ᠲᠠ ᠨᠠᠷ ᠲᠤ᠌ ᠪᠠᠨ ᠬᠠᠮᠤᠭ ᠤ᠋ᠨ ᠶᠡᠬᠡ ᠠᠵᠠ ᠵᠢᠷᠭᠠᠯ ᠳᠡᠪᠰᠢᠭᠦᠯᠦᠶ᠎ᠡ!
ᠦᠰᠦᠭ ᠠᠮᠢᠯᠠᠭᠤᠯᠤᠭᠴᠢ᠄ ᠮᠥᠩᠬᠡ ᠭᠠᠯ
ᠦᠰᠦᠭ ᠬᠠᠲᠠᠭᠴᠢ᠄ ᠮᠥᠩᠬᠡ ᠭᠠᠯ
ᠬᠢᠨᠠᠭᠴᠢ᠄ ᠢᠷᠡᠭᠡᠳᠦᠢ᠂ ᠣᠳᠬᠠᠨᠰᠣ᠎ᠠ