ᠡᠪᠡᠰᠦᠨ ᠰᠦᠭᠮᠸᠯӨвсөн сүгмелÖvsön sügmyel
ᠡᠪᠡᠰᠦᠨ ᠰᠦᠭᠮᠸᠯ
ᠲᠤᠰ ᠡᠮ ᠪᠣᠯ ᠭᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠡᠪᠡᠰᠦᠨ ᠰᠦᠭᠮᠸᠯ ᠦ᠋ᠨ ᠪᠣᠯᠪᠠᠰᠤᠷᠠᠮᠠᠯ ᠵᠢᠮᠢᠰ ᠮᠥᠨ᠃
[ ᠤᠤᠯ ᠤᠷᠭᠤᠮᠠᠯ] ᠣᠯᠠᠨ ᠨᠠᠰᠤᠲᠤ ᠪᠤᠲᠠᠯᠠᠨ ᠤᠷᠭᠤᠬᠤ ᠡᠪᠡᠰᠦᠯᠢᠭ ᠤᠷᠭᠤᠮᠠᠯ᠃1~2m ᠥᠨᠳᠥᠷ᠂ ᠦᠨᠳᠦᠰᠦᠯᠢᠭ ᠡᠰᠢ ᠨᠢ ᠲᠤᠷᠤᠭ ᠪᠦᠳᠦᠭᠦᠨ᠃2 ᠮᠥᠷ ᠨᠠᠪᠴᠢ ᠲᠠᠢ᠃ ᠨᠠᠪᠴᠢᠨ ᠢᠯᠲᠠᠰᠤ ᠨᠢ ᠨᠠᠷᠢᠨ ᠵᠤᠤᠪᠠᠩ ᠪᠤᠶᠤ ᠬᠠᠪᠲᠠᠭᠠᠢ ᠲᠡᠪᠡᠨᠡ ᠬᠡᠯᠪᠡᠷᠢ ᠲᠡᠢ᠂45~60cm ᠤᠷᠲᠤ᠂4~10cm ᠥᠷᠭᠡᠨ᠂ ᠱᠣᠪᠣᠭᠣᠷ ᠦᠵᠦᠭᠦᠷ ᠲᠡᠢ᠂ ᠱᠠᠭᠠᠨᠲᠠᠭ ᠤᠭ ᠲᠠᠢ᠂ ᠪᠦᠲᠦᠨ ᠬᠥᠪᠡᠭᠡ ᠲᠡᠢ᠂ ᠢᠷᠮᠡᠭ ᠦᠰᠦ ᠲᠡᠢ᠂ ᠨᠠᠪᠴᠢᠨ ᠠᠷᠤ ᠳᠤᠨᠢ ᠲᠠᠷᠠᠮᠠᠭ ᠦᠰᠦ ᠲᠡᠢ᠃ ᠴᠠᠴᠤᠭ ᠬᠡᠯᠪᠡᠷᠢᠲᠦ ᠪᠠᠭ ᠴᠡᠴᠡᠭ ᠨᠢ ᠡᠰᠢᠨ ᠦ᠌ ᠣᠷᠣᠢ ᠳ᠋ᠤ᠌ ᠳᠡᠯᠭᠡᠷᠡᠨ᠎ᠡ᠃20~30cm ᠤᠷᠲᠤ᠂ ᠲᠡᠩᠭᠡᠯᠢᠭ ᠳᠡᠭᠡᠷ᠎ᠡ ᠨᠢ ᠨᠢᠭ᠋ ᠰᠢᠷᠠᠩᠭᠤᠢ ᠴᠠᠭᠠᠨ ᠪᠦᠳᠦᠭᠦᠨ ᠵᠥᠭᠡᠯᠡᠨ ᠦᠰᠦ ᠲᠡᠢ᠃ ᠴᠡᠴᠡᠭ ᠨᠢ ᠰᠡᠢᠷᠡᠭ᠂ ᠪᠠᠷᠢᠭᠤᠯ ᠳᠡᠭᠡᠷ᠎ᠡ ᠨᠢ ᠵᠥᠭᠡᠯᠡᠨ ᠦᠰᠦ ᠲᠡᠢ᠃ ᠪᠠᠭᠯᠠᠭᠴᠢ ᠢᠯᠲᠠᠰᠤ ᠨᠢ ᠥᠷᠭᠡᠨ ᠵᠤᠤᠪᠠᠩ ᠬᠡᠯᠪᠡᠷᠢ ᠲᠡᠢ᠂3.5cm ᠤᠷᠲᠤ᠂1.5cm ᠥᠷᠭᠡᠨ᠂ ᠣᠬᠣᠷ ᠱᠣᠪᠬᠣ ᠲᠣᠯᠣᠭᠠᠢ ᠪᠦᠬᠦᠢ ᠮᠤᠬᠤᠷ ᠦᠵᠦᠭᠦᠷ ᠲᠡᠢ᠂ ᠤᠭ ᠢ᠋ᠶ᠋ᠠᠷ ᠢ᠋ᠶ᠋ᠠᠨ ᠨᠡᠢᠯᠡᠨ᠎ᠡ᠃ ᠴᠡᠴᠡᠭ ᠦ᠋ᠨ ᠲᠣᠭᠳᠣᠢ ᠨᠢ ᠬᠤᠩᠬ᠎ᠠ ᠬᠡᠯᠪᠡᠷᠢ ᠲᠡᠢ᠂ ᠴᠠᠭᠠᠨ᠂1.5~2cm ᠤᠷᠲᠤ᠂ ᠲᠡᠭᠰᠢ ᠪᠤᠰᠤ3 ᠮᠤᠬᠤᠷ ᠬᠡᠷᠴᠢᠶᠡᠰᠤᠲᠤ ᠦᠵᠦᠭᠦᠷ ᠲᠡᠢ᠂ ᠨᠢᠭᠡ ᠬᠠᠵᠠᠭᠤ ᠶ᠋ᠢᠨ ᠬᠢᠨᠢ ᠭᠦᠨ ᠣᠨᠢ ᠲᠠᠢ᠂ ᠭᠠᠳᠠᠷ ᠨᠢ ᠤᠷᠲᠤ ᠵᠥᠭᠡᠯᠡᠨ ᠦᠰᠦ ᠲᠡᠢ᠂ ᠮᠥᠩᠬᠡ ᠣᠷᠣᠰᠢᠨ᠎ᠠ᠃ ᠴᠡᠴᠡᠭ ᠦ᠋ᠨ ᠳᠡᠯᠪᠢ ᠨᠢ ᠴᠠᠭᠠᠨ᠂3 ᠰᠡᠵᠢᠭᠦᠷ ᠢᠯᠲᠠᠰᠤ ᠲᠠᠢ᠂ ᠤᠷᠲᠤᠯᠵᠢᠨ ᠲᠣᠭᠣᠷᠢᠭ ᠬᠡᠯᠪᠡᠷᠢ ᠲᠡᠢ᠂ ᠲᠣᠭᠣᠷᠢᠭ ᠦᠵᠦᠭᠦᠷ ᠲᠡᠢ᠂ ᠳᠡᠭᠡᠷ᠎ᠡ ᠲᠠᠯ᠎ᠠ ᠶ᠋ᠢᠨ ᠰᠡᠵᠢᠭᠦᠷ ᠢᠯᠲᠠᠰᠤ ᠨᠢ ᠨᠡᠯᠢᠶᠡᠳ ᠲᠣᠮᠣ᠂ ᠪᠠᠷᠤᠭ3.5cm ᠤᠷᠲᠤ᠂1.5cm ᠥᠷᠭᠡᠨ᠂ ᠳᠣᠣᠷ᠎ᠠ ᠲᠠᠯ᠎ᠠ ᠳ᠋ᠠᠬᠢ ᠬᠣᠶᠠᠷ ᠰᠡᠵᠢᠭᠦᠷ ᠢᠯᠲᠠᠰᠤ ᠶ᠋ᠢᠨ ᠳᠤᠮᠳᠠ ᠠ᠋ᠴᠠ ᠳᠣᠣᠷ᠎ᠠ ᠬᠡᠰᠡᠭ ᠨᠢ ᠤᠷᠤᠭᠤᠯ ᠬᠡᠯᠲᠡᠰ ᠦ᠋ᠨ ᠠᠷᠤ ᠳ᠋ᠤ᠌ ᠨᠡᠢᠯᠡᠳᠡᠭ᠃ ᠤᠷᠤᠭᠤᠯ ᠬᠡᠯᠲᠡᠰ ᠨᠢ ᠭᠤᠷᠪᠠᠯᠵᠢᠨ ᠰᠢᠭ᠋ ᠥᠨᠳᠡᠭᠡᠯᠵᠢᠨ᠂ ᠴᠠᠭᠠᠨ ᠥᠩᠭᠡ ᠲᠡᠢ᠂ ᠪᠠᠷᠤᠭ4cm ᠤᠷᠲᠤ᠂3.5cm ᠥᠷᠭᠡᠨ᠂ ᠦᠵᠦᠭᠦᠷ ᠲᠤᠨᠢ2 ᠭᠦᠢᠬᠡᠨ ᠣᠨᠢ ᠲᠠᠢ᠃ ᠬᠥᠪᠡᠭᠡ ᠨᠢ ᠡᠮᠲᠡᠷᠬᠡᠢ᠂ ᠡᠮᠦᠨ᠎ᠡ ᠬᠡᠰᠡᠭ ᠲᠦ᠋ᠨᠢ ᠤᠯᠠᠭᠠᠨ ᠪᠤᠶᠤ ᠤᠯᠠᠪᠤᠷ ᠬᠠᠷ᠎ᠠ ᠵᠤᠷᠪᠤᠰ ᠠᠷᠲᠠᠢ᠂ ᠬᠣᠢᠨ᠎ᠠ ᠬᠡᠰᠡᠭ ᠲᠦ᠋ᠨᠢ ᠭᠦᠢᠬᠡᠨ ᠪᠣᠷᠣᠪᠲᠤᠷ ᠤᠯᠠᠭᠠᠨ ᠲᠣᠯᠪᠣ ᠲᠠᠢ᠃ ᠬᠠᠵᠠᠭᠤ ᠳ᠋ᠠᠬᠢ ᠳᠣᠷᠣᠢᠲᠠᠭᠰᠠᠨ ᠡᠷ᠎ᠡ ᠲᠣᠭᠣᠷᠴᠣᠭ ᠨᠢ ᠬᠠᠪᠲᠠᠭᠠᠢ ᠲᠡᠪᠡᠨᠡ ᠬᠡᠯᠪᠡᠷᠢ ᠲᠡᠢ᠃ ᠡᠷ᠎ᠡ ᠲᠣᠭᠣᠷᠴᠣᠭ ᠨᠢ 2.2~2.5cm ᠤᠷᠲᠤ᠂ ᠲᠣᠭᠣᠰᠣᠪᠴᠢ ᠨᠢ ᠵᠤᠤᠪᠠᠩ ᠬᠡᠯᠪᠡᠷᠢ ᠲᠡᠢ᠂ ᠳᠣᠬᠢᠭᠤᠷ ᠨᠢ ᠬᠠᠪᠲᠠᠭᠠᠢ᠂ ᠪᠠᠷᠤᠭ 1.5cm ᠤᠷᠲᠤ᠃ ᠤᠮᠠᠢ ᠨᠢ ᠥᠨᠳᠡᠭᠡᠯᠵᠢᠨ᠂ ᠳᠣᠣᠷᠠᠳᠤ ᠣᠷᠣᠨ ᠲᠠᠢ᠂ ᠨᠢᠭ ᠰᠢᠷᠠᠩᠭᠤᠢ ᠲᠣᠷᠭᠠᠨ ᠦᠰᠦ ᠲᠡᠢ᠂ ᠳᠡᠭᠡᠷ᠎ᠡ ᠨᠢ2 ᠰᠢᠳᠡᠮ ᠰᠢᠭ᠋ ᠳᠠᠭᠠᠯᠳᠤᠪᠤᠷᠢ ᠡᠳ᠋ ᠲᠡᠢ᠂ ᠴᠡᠴᠡᠭ ᠦ᠋ᠨ ᠪᠠᠭᠠᠨ᠎ᠠ ᠨᠢ ᠨᠠᠷᠢᠨ ᠤᠷᠲᠤ᠂ ᠪᠠᠭᠠᠨ᠎ᠠ ᠶ᠋ᠢᠨ ᠠᠮᠠᠰᠠᠷ ᠨᠢ ᠱᠣᠷᠣᠯᠵᠢᠨ ᠬᠡᠯᠪᠡᠷᠢ ᠲᠡᠢ᠂ ᠵᠢᠭᠠᠬᠠᠨ ᠲᠣᠮᠣᠷᠠᠨ᠎ᠠ᠂ ᠢᠷᠮᠡᠭ ᠦᠰᠦ ᠲᠡᠢ᠃ ᠬᠣᠩᠭᠣᠷᠴᠣᠭᠲᠤ ᠵᠢᠮᠢᠰ ᠨᠢ ᠲᠣᠭᠣᠷᠢᠭ᠂ ᠳ᠋ᠢᠶᠠᠮᠧᠲ᠋ᠷ ᠨᠢ3.5cm ᠣᠷᠴᠢᠮ᠂ ᠬᠠᠭᠠᠷᠠᠬᠤ ᠦᠭᠡᠢ᠂ ᠭᠠᠳᠠᠷ ᠨᠢ ᠠᠷᠵᠠᠭᠠᠷ ᠦᠰᠦ ᠲᠡᠢ᠂ ᠪᠣᠯᠪᠠᠰᠤᠷᠠᠪᠠᠯ ᠰᠢᠷᠠᠩᠭᠤᠢ ᠨᠣᠭᠣᠭᠠᠨ ᠪᠣᠯᠳᠠᠭ᠃4~6 ᠳ᠋ᠤᠭᠠᠷ ᠰᠠᠷ᠎ᠠ ᠳ᠋ᠤ᠌ ᠴᠡᠴᠡᠭᠯᠡᠵᠦ᠂6~8 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠭᠣᠣ ᠭᠠᠩᠭ᠎ᠠ᠂ ᠭᠣᠣᠯ ᠤ᠋ᠨ ᠬᠥᠪᠡᠭᠡ᠂ ᠣᠢ ᠶ᠋ᠢᠨ ᠵᠠᠬ᠎ᠠ ᠳ᠋ᠠᠬᠢ ᠰᠡᠭᠦᠳᠡᠷ ᠴᠢᠭᠢᠭᠯᠢᠭ ᠭᠠᠵᠠᠷ ᠪᠣᠯᠤᠨ ᠥᠯᠥᠩ ᠡᠪᠡᠰᠦᠨ ᠳᠤᠮᠳᠠ ᠤᠷᠭᠤᠨ᠎ᠠ᠃ ᠭᠤᠸᠠᠩᠳᠦᠢ᠍ᠩ᠂ ᠭᠤᠸᠠᠩᠰᠢ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ]7~8 ᠳ᠋ᠤᠭᠠᠷ ᠰᠠᠷ᠎ᠠ ᠳ᠋ᠤ᠌ ᠵᠢᠮᠢᠰ ᠨᠢ ᠪᠣᠯᠪᠠᠰᠤᠷᠠᠬᠤ ᠦᠶ᠎ᠡ ᠳ᠋ᠦ᠍ ᠲᠡᠭᠦᠵᠦ᠂ ᠨᠠᠷᠠᠨ ᠳ᠋ᠤ᠌7~8 ᠬᠤᠪᠢ ᠬᠠᠲᠠᠭᠠᠭᠠᠳ᠂ ᠵᠢᠮᠢᠰ ᠦ᠋ᠨ ᠬᠠᠯᠢᠰᠤ ᠶ᠋ᠢ ᠨᠢ ᠠᠷᠢᠯᠭᠠᠨ ᠳᠠᠬᠢᠨ ᠭᠦᠢᠴᠡᠳ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠤᠱᠤᠭᠤᠨ᠂ ᠭᠠᠰᠢᠭᠤᠨ ᠠᠮᠲᠠ ᠲᠠᠢ᠂ ᠪᠦᠯᠢᠶᠡᠨ ᠴᠢᠨᠠᠷ ᠲᠠᠢ᠂ ᠬᠥᠩᠭᠡᠨ᠂ ᠬᠠᠭᠤᠷᠠᠢ᠂ ᠲᠣᠰᠣᠯᠢᠭ᠂ ᠬᠤᠷᠴᠠ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠪᠥᠭᠡᠷᠡᠨ ᠬᠦᠢᠲᠡᠨ ᠢ᠋ ᠠᠷᠢᠯᠭᠠᠬᠤ᠂ ᠢᠯᠴᠢ ᠶ᠋ᠢ ᠰᠡᠯᠪᠢᠬᠦ᠂ ᠢᠳᠡᠭᠡᠨ ᠢ᠋ ᠰᠢᠩᠭᠡᠭᠡᠬᠦ᠂ ᠳᠤᠷ᠎ᠠ ᠶ᠋ᠢ ᠨᠡᠭᠡᠭᠡᠬᠦ᠂ ᠪᠥᠭᠡᠯᠵᠢᠬᠦ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠭᠤ ᠪᠥᠭᠡᠷᠡᠨ ᠦ᠌ ᠬᠡᠢ᠂ ᠪᠥᠭᠡᠷᠡᠨ ᠦ᠌ ᠠᠷᠬᠠᠭ᠂ ᠬᠡᠢ ᠪᠦᠷᠢᠯᠳᠦᠭᠰᠡᠨ ᠡᠪᠡᠳᠴᠢᠨ᠂ ᠨᠣᠢᠷ ᠬᠤᠯᠵᠢᠬᠤ᠂ ᠰᠢᠩᠭᠡᠭᠡᠯᠲᠡ ᠮᠠᠭᠤᠳᠠᠭᠰᠠᠨ᠂ ᠰᠢᠭᠡᠰᠦ ᠬᠠᠭᠠᠭᠳᠠᠭᠰᠠᠨ᠂ ᠬᠡᠷᠦᠬᠦ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄草豆蔻
ᠠᠩᠭ᠌ᠯᠢ ᠨᠡᠷ᠎ᠡ᠄Alpinia katsumadai Hayata.
ᠦᠰᠦᠭ ᠠᠮᠢᠯᠠᠭᠤᠯᠤᠭᠴᠢ᠄ ᠴᠡᠪᠡᠷᠴᠡᠴᠡᠭ
ᠬᠢᠨᠠᠭᠴᠢ᠄ ᠲᠤᠶᠠᠭ᠎ᠠ
