ᠪᠠᠢ ᠪᠥᠬᠡ<ᠨᠢᠭᠡ>- ᠣᠨᠣᠯ ᠦᠢᠯᠡᠳᠦᠯᠭᠡ ᠶ᠋ᠢᠨ ᠠᠪᠤᠷᠭᠤ᠂ᠤᠤᠭᠠᠨ ᠫᠷᠣᠹᠧᠰᠰᠣᠷ — 1949 ~1978 ᠣᠨ ᠤ ᠬᠣᠭᠣᠷᠣᠨᠳᠤ ᠲᠥᠷᠥᠭᠰᠡᠨ ᠤᠷᠠᠯᠠᠠᠴᠢᠳ 1949 ~1978 оны хооронд төрсөн урлаачид - онол үйлдлэгийн аварга— ууган профессор Бай Бөх
ᠮᠣᠩᠭᠣᠯ ᠤᠷᠠᠨ ᠪᠢᠴᠢᠯᠭᠡ ᠶᠢᠨ ᠤᠤᠭᠠᠨ ᠫᠷᠣᠹᠧᠰᠰᠣᠷ – ᠪᠠᠢ ᠪᠥᠬᠡ

ᠪᠠᠢ ᠪᠥᠬᠡ ᠂ 1952 ᠣᠨ ᠳ᠋ᠤ᠌ ᠵᠢᠷᠢᠮ ᠠᠢᠮᠠᠭ ᠤ᠋ᠨ ᠬᠣᠷᠴᠢᠨ ᠵᠡᠭᠦᠨ ᠭᠠᠷᠤᠨ ᠬᠣᠢᠲᠤ ᠬᠤᠰᠢᠭᠤᠨ ᠳ᠋ᠤ᠌ ᠵᠠᠶᠠᠭ᠎ᠠ ᠠᠪᠤᠨ ᠮᠡᠨᠳᠦᠯᠡᠵᠡᠢ᠃ 1977 ᠣᠨ ᠳ᠋ᠤ᠌ ᠥᠪᠥᠷ ᠮᠣᠩᠭᠣᠯ ᠤ᠋ᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠮᠣᠩᠭᠣᠯ ᠬᠡᠯᠡ ᠤᠳᠬ᠎ᠠ ᠵᠣᠬᠢᠶᠠᠯ ᠤ᠋ᠨ ᠰᠠᠯᠪᠤᠷᠢ ᠳ᠋ᠤ᠌ ᠰᠢᠯᠭᠠᠨ ᠣᠷᠣᠵᠤ᠂1981ᠣᠨ ᠳ᠋ᠤ᠌ ᠶᠡᠬᠡ ᠰᠤᠷᠭᠠᠭᠤᠯᠢ ᠪᠠᠨ ᠲᠡᠭᠦᠰᠴᠦ᠂ ᠰᠤᠷᠭᠠᠭᠤᠯᠢ ᠳ᠋ᠤ᠌ ᠪᠠᠨ ᠦᠯᠡᠳᠡᠵᠦ ᠰᠤᠷᠤᠭᠴᠢ ᠶ᠋ᠢᠨ ᠠᠵᠢᠯ ᠬᠢᠬᠦ ᠶ᠋ᠢᠨ ᠳᠠᠭᠠᠤ ᠤᠷᠠᠨ ᠪᠢᠴᠢᠯᠭᠡ ᠶ᠋ᠢᠨ ᠬᠢᠴᠢᠶᠡᠯ ᠢ᠋ ᠳᠠᠭᠠᠭᠠᠴᠢᠯᠠᠨ ᠣᠷᠣᠵᠠᠢ᠃ ᠪᠠᠢ ᠪᠥᠬᠡ ᠡᠨᠡ ᠦᠶ᠎ᠡ ᠡᠴᠡ ᠮᠣᠩᠭᠣᠯ ᠤᠷᠠᠨ ᠪᠢᠴᠢᠯᠭᠡ ᠲᠡᠢ ᠬᠤᠪᠢ ᠪᠠᠷᠢᠯᠳᠤᠯᠭ᠎ᠠ ᠲᠠᠢ ᠪᠣᠯᠵᠤ᠂ ᠥᠪᠡᠷ ᠦ᠋ᠨ ᠪᠡᠶ᠎ᠡ ᠳ᠋ᠡᠭᠡᠨ《ᠣᠶᠤᠲᠠᠨ ᠤ᠋ ᠠᠵᠢᠯ ᠢ᠋ᠶ᠋ᠠᠨ ᠰᠠᠢᠨ ᠬᠢᠵᠦ᠂ ᠤᠷᠠᠨ ᠪᠢᠴᠢᠯᠭᠡ ᠪᠡᠨ ᠰᠠᠢᠬᠠᠨ ᠪᠢᠴᠢᠨ᠎ᠡ》ᠭᠡᠰᠡᠨ ᠬᠣᠶᠠᠷ ᠱᠠᠭᠠᠷᠳᠠᠯᠭ᠎ᠠ ᠶ᠋ᠢ ᠲᠠᠯᠪᠢᠭᠠᠳ᠂ ᠳᠥᠴᠢ ᠭᠠᠷᠤᠢ ᠵᠢᠯ ᠦ᠋ᠨ ᠲᠤᠷᠰᠢ ᠡᠨᠡᠬᠦ ᠬᠣᠶᠠᠷ ᠱᠠᠭᠠᠷᠳᠠᠯᠭ᠎ᠠ ᠶᠣᠰᠣᠭᠠᠷ ᠢ᠋ᠶ᠋ᠠᠨ ᠠᠵᠢᠯᠯᠠᠭᠰᠠᠭᠠᠷ ᠢᠷᠡᠭᠰᠡᠨ ᠶᠦᠮ᠃
ᠪᠠᠢ ᠪᠥᠬᠡ᠂ ᠥᠪᠥᠷ ᠮᠣᠩᠭᠣᠯ ᠤ᠋ᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠮᠣᠩᠭᠣᠯ ᠬᠡᠯᠡ ᠤᠳᠬ᠎ᠠ ᠵᠣᠬᠢᠶᠠᠯ ᠤ᠋ᠨ ᠰᠠᠯᠪᠤᠷᠢ ᠶ᠋ᠢᠨ ᠨᠠᠮ ᠤ᠋ᠨ ᠶᠡᠷᠦᠩᠬᠡᠢ ᠡᠭᠦᠷ ᠦ᠋ᠨ ᠱᠦᠵᠢ᠂ ᠥᠪᠥᠷ ᠮᠣᠩᠭᠣᠯ ᠤ᠋ᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠵᠠᠬᠢᠷᠤᠯ ᠤ᠋ᠨ ᠠᠯᠪᠠᠨ ᠭᠡᠷ ᠦ᠋ᠨ ᠡᠷᠬᠢᠯᠡᠭᠴᠢ᠂ ᠬᠥᠬᠡᠬᠣᠲᠠ ᠦᠨᠳᠦᠰᠦᠲᠡᠨ ᠦ᠌ ᠳᠡᠭᠡᠳᠦ ᠰᠤᠷᠭᠠᠭᠤᠯᠢ ᠶ᠋ᠢᠨ ᠵᠠᠬᠢᠷᠤᠯ᠂ ᠰᠤᠷᠭᠠᠭᠤᠯᠢ ᠶ᠋ᠢᠨ ᠨᠠᠮ ᠤ᠋ᠨ ᠬᠣᠷᠢᠶ᠎ᠠ ᠶ᠋ᠢᠨ ᠱᠦᠵᠢ ᠵᠡᠷᠭᠡ ᠵᠠᠰᠠᠭ ᠵᠠᠬᠢᠷᠭᠠᠨ ᠤ᠋ ᠲᠤᠰᠢᠶᠠᠯ ᠢ᠋ ᠡᠭᠦᠷᠭᠡᠯᠡᠵᠦ ᠲᠢᠩᠬᠢᠮ ᠦ᠋ᠨ ᠳᠡᠰ ᠦ᠋ᠨ ᠳᠠᠷᠤᠭᠠᠴᠢ ᠪᠠᠢᠭᠰᠠᠨ ᠪᠣᠯᠪᠠᠴᠤ ᠤᠷᠠᠨ ᠪᠢᠴᠢᠯᠭᠡ ᠶ᠋ᠢᠨ ᠵᠢᠭᠠᠨ ᠰᠤᠷᠭᠠᠯᠲᠠ ᠬᠢᠭᠡᠳ ᠡᠷᠳᠡᠮ ᠰᠢᠨᠵᠢᠯᠡᠭᠡᠨ ᠦ᠌ ᠠᠵᠢᠯ ᠢ᠋ᠶ᠋ᠠᠨ ᠠᠯᠭᠠᠰᠠᠯ ᠦᠭᠡᠢ ᠪᠠᠷᠢᠮᠲᠠᠯᠠᠨ ᠬᠢᠵᠦ ᠢᠷᠡᠭᠰᠡᠨ ᠨᠢ ᠦᠨᠡᠬᠡᠷ ᠪᠢᠰᠢᠷᠡᠭᠦᠰᠢᠲᠡᠢ᠃《ᠲᠢᠩᠬᠢᠮ ᠦ᠋ᠨ ᠳᠡᠰ ᠦ᠋ᠨ ᠳᠠᠷᠤᠭ᠎ᠠ ᠨᠠᠷ ᠤ᠋ᠨ ᠳᠣᠲᠣᠷ᠎ᠠ ᠰᠣᠶᠣᠯ ᠪᠣᠯᠪᠠᠰᠤᠷᠠᠯ ᠬᠠᠮᠤᠭ ᠥᠨᠳᠥᠷ ᠨᠢᠭᠡ ᠨᠢ ᠪᠠᠢ ᠪᠥᠬᠡ》ᠭᠡᠵᠦ ᠥᠪᠥᠷ ᠮᠣᠩᠭᠣᠯ ᠤ᠋ᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠳ᠋ᠣᠺᠲ᠋ᠣᠷ᠂ ᠫᠷᠣᠹᠧᠰᠰᠣᠷ ᠬᠡᠯᠡᠨ ᠦ᠌ ᠡᠷᠳᠡᠮᠲᠡᠨ ᠭᠠᠷᠤᠳᠢ ᠪᠠᠭᠰᠢ ᠦᠨᠡᠯᠡᠵᠦ ᠪᠠᠢᠭᠰᠠᠨ᠃ ᠪᠠᠢ ᠪᠥᠬᠡ᠂ ᠠᠵᠢᠯ ᠤ᠋ᠨ ᠠᠮᠠᠷᠠᠯᠲᠠ ᠠᠪᠬᠤ ᠠ᠋ᠴᠠ ᠡᠮᠦᠨ᠎ᠡ ᠲᠠᠪᠤᠨ ᠵᠢᠯ ᠦ᠋ᠨ ᠬᠤᠭᠤᠴᠠᠭᠠᠨ ᠳ᠋ᠤ᠌ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠰᠠᠭ ᠤ᠋ᠨ ᠣᠷᠳᠣᠨ ᠤ᠋ ᠵᠥᠪᠳᠡᠭᠴᠢ ᠵᠡᠷᠭᠡ ᠲᠤᠰᠢᠶᠠᠯ ᠢ᠋ ᠬᠠᠷᠢᠭᠤᠴᠠᠵᠤ ᠥᠩᠭᠡᠷᠡᠵᠡᠢ᠃ 2017 ᠣᠨ ᠳ᠋ᠤ᠌ ᠠᠵᠢᠯ ᠠ᠋ᠴᠠ ᠪᠠᠨ ᠳᠠᠷᠬᠠᠯᠠᠭᠳᠠᠭᠰᠠᠨ ᠪᠣᠯᠪᠠᠴᠤ ᠤᠷᠠᠨ ᠪᠢᠴᠢᠯᠭᠡ ᠶ᠋ᠢᠨ ᠦᠢᠯᠡᠰ ᠲᠦ᠍ ᠭᠣᠶᠠᠴᠢ ᠦᠭᠡᠢ ᠵᠣᠷᠢᠭ ᠢ᠋ᠶ᠋ᠠᠷ ᠠᠵᠢᠯᠯᠠᠭᠰᠠᠭᠠᠷ ᠪᠠᠢᠨ᠎ᠠ᠃
ᠪᠠᠢ ᠪᠥᠬᠡ ᠤᠷᠲᠤ ᠬᠤᠭᠤᠴᠠᠭ᠎ᠠ ᠪᠠᠷ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠵᠢᠭᠠᠨ᠂ ᠮᠣᠩᠭᠣᠯ ᠤᠷᠠᠨ ᠪᠢᠴᠢᠯᠭᠡ ᠶ᠋ᠢᠨ ᠰᠤᠳᠤᠯᠭᠠᠨ ᠬᠢᠵᠦ᠂ ᠮᠣᠩᠭᠣᠯ ᠤᠷᠠᠨ ᠪᠢᠴᠢᠯᠭᠡ ᠪᠡᠨ ᠰᠢᠨᠡᠳᠬᠡᠨ ᠲᠡᠭᠦᠯᠳᠡᠷᠵᠢᠭᠦᠯᠦᠭᠡᠳ᠂ ᠮᠣᠩᠭᠣᠯ ᠤᠷᠠᠨ ᠪᠢᠴᠢᠯᠭᠡ ᠪᠡᠨ ᠳᠡᠯᠭᠡᠷᠡᠭᠦᠯᠦᠨ ᠲᠦᠭᠡᠮᠡᠯᠵᠢᠭᠦᠯᠵᠦ᠂ ᠮᠣᠩᠭᠣᠯ ᠤᠷᠠᠨ ᠪᠢᠴᠢᠯᠭᠡ ᠪᠡᠨ ᠬᠠᠮᠠᠭᠠᠯᠠᠨ ᠬᠥᠭᠵᠢᠭᠦᠯᠦᠭᠰᠡᠭᠡᠷ ᠢᠷᠡᠭᠰᠡᠨ ᠠᠯᠳᠠᠷᠲᠤ ᠮᠣᠩᠭᠣᠯ ᠤᠷᠠᠨ ᠪᠢᠴᠢᠯᠭᠡᠲᠡᠨ᠂ ᠣᠨᠣᠯᠲᠠᠨ ᠮᠥᠷᠲᠡᠭᠡᠨ ᠰᠤᠷᠭᠠᠨ ᠬᠥᠮᠦᠵᠢᠯᠲᠠᠨ ᠮᠥᠨ ᠶᠦᠮ᠃
ᠪᠠᠢ ᠪᠥᠬᠡ ᠶ᠋ᠢᠨ ᠮᠣᠩᠭᠣᠯ ᠤᠷᠠᠨ ᠪᠢᠴᠢᠯᠭᠡ ᠶ᠋ᠢᠨ ᠲᠥᠯᠥᠭᠡᠨ᠎ᠡ ᠵᠢᠳᠬᠦᠯ ᠴᠢᠷᠮᠠᠢᠯᠭ᠎ᠠ ᠶ᠋ᠢ ᠲᠠᠨᠢᠯᠴᠠᠭᠤᠯᠪᠠᠯ ᠳᠣᠣᠷᠠᠬᠢ ᠮᠡᠲᠦ᠄
ᠨᠢᠭᠡ᠂ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠢ᠋ ᠥᠷᠭᠡᠨ ᠬᠡᠪᠴᠢᠶ᠎ᠡ ᠪᠡᠷ ᠣᠷᠣᠭᠰᠠᠨ ᠨᠢ
ᠪᠠᠢ ᠪᠥᠬᠡ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠢ᠋ ᠣᠷᠣᠭᠰᠠᠨ ᠲᠦᠷᠦᠭᠦᠦ ᠴᠠᠭ ᠲᠤ᠌ ᠪᠠᠨ ᠥᠪᠡᠷ ᠦ᠋ᠨ ᠪᠡᠶ᠎ᠡ ᠪᠡᠨ ᠲᠠᠨᠢᠯᠴᠠᠭᠤᠯᠬᠤ ᠶ᠋ᠢ ᠶᠠᠭᠠᠷᠠᠭᠰᠠᠨ ᠪᠢᠰᠢ᠂ ᠬᠠᠷᠢᠨ ᠬᠢᠴᠢᠶᠡᠯ ᠦ᠋ᠨ ᠭᠡᠷ ᠲᠦ᠍ ᠣᠷᠣᠩᠭᠤᠲᠠ ᠪᠠᠨ《ᠪᠢ ᠪᠣᠯ ᠪᠢᠷ ᠦᠰᠦᠨ ᠪᠢᠷ᠃ ᠪᠢ ᠪᠣᠯ ᠪᠡᠬᠡ ᠠᠩᠬᠢᠯᠤᠮ᠎ᠠ ᠪᠡᠬᠡ᠃ ᠪᠢ ᠪᠣᠯ ᠴᠠᠭᠠᠰᠤ ᠲᠣᠷᠭᠠᠨ ᠴᠠᠭᠠᠰᠤ᠃ ᠪᠢ ᠪᠣᠯ ᠵᠢᠭᠤᠷᠠᠭᠤᠯ ᠬᠠᠰ ᠵᠢᠭᠤᠷᠠᠭᠤᠯ᠂ ᠪᠢ ᠪᠣᠯ ᠪᠥᠬᠡ ᠪᠠᠢ ᠪᠥᠬᠡ》ᠭᠡᠵᠦ ᠠᠩᠭᠢ ᠶ᠋ᠢᠨ ᠭᠡᠷ ᠦ᠋ᠨ ᠬᠠᠷ᠎ᠠ ᠰᠠᠮᠪᠠᠷ᠎ᠠ ᠳᠡᠭᠡᠷ᠎ᠡ ᠴᠠᠭᠠᠨ ᠥᠩᠭᠡ ᠶ᠋ᠢᠨ ᠣ ᠶ᠋ᠢᠨ ᠪᠢᠷ ᠢ᠋ᠶ᠋ᠡᠷ ᠤᠷᠠᠯᠠᠨ ᠪᠢᠴᠢᠭᠰᠡᠨ ᠳ᠋ᠦ᠍ ᠬᠠᠷ᠎ᠠ ᠴᠠᠭᠠᠨ ᠤ᠋ ᠬᠠᠷᠰᠢᠯᠳᠤᠯ ᠠ᠋ᠴᠠ ᠬᠠᠴᠢᠨ ᠪᠢᠴᠢᠯᠭᠡ ᠶ᠋ᠢᠨ ᠤᠷᠠᠯᠢᠭ ᠢᠯᠡᠷᠡᠭᠰᠡᠨ ᠴᠢᠨᠢ ᠬᠠᠮᠤᠭ ᠣᠯᠠᠨ ᠣᠶᠤᠲᠠᠳ ᠨᠢ ᠬᠠᠮᠢᠭᠠᠰᠢ ᠪᠠᠨ ᠬᠠᠷᠠᠬᠤ ᠪᠠᠨ ᠣᠯᠬᠤ ᠦᠭᠡᠢ᠂ ᠶᠠᠭᠤ ᠬᠡᠯᠡᠬᠦ ᠪᠡᠨ ᠮᠡᠳᠡᠬᠦ ᠦᠭᠡᠢ ᠨᠢᠳᠦ ᠨᠢ ᠮᠡᠯᠡᠷᠡᠨ ᠰᠠᠭᠤᠵᠤ ᠪᠠᠢᠭᠰᠠᠨ ᠠ᠋ᠴᠠ ᠪᠠᠨ ᠭᠡᠨᠡᠳᠲᠡ ᠳᠣᠭᠳᠣᠯᠤᠨ ᠪᠣᠰᠴᠠᠭᠠᠵᠤ᠂ ᠨᠢᠵᠢᠭᠢᠨᠡᠲᠡᠯ᠎ᠡ ᠠᠯᠠᠭ᠎ᠠ ᠲᠠᠰᠢᠯᠳᠤᠨ ᠪᠠᠶᠠᠷ ᠬᠦᠷᠭᠡᠪᠡ᠃ ᠪᠠᠢ ᠪᠥᠬᠡ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠢ᠋ ᠣᠷᠣᠭᠰᠠᠨ ᠡᠬᠢᠨ ᠦ᠌ ᠲᠡᠷᠡ ᠡᠳᠦᠷ ᠡᠴᠡ ᠰᠠᠯᠪᠤᠷᠢ ᠶ᠋ᠢᠨ ᠰᠤᠷᠤᠭᠴᠢᠳ ᠨᠢ ᠲᠡᠭᠦᠨ ᠢ᠋ ᠬᠦᠨᠳᠦᠳᠬᠡᠨ ᠪᠢᠰᠢᠷᠡᠬᠦ ᠬᠠᠷᠠᠴᠠ ᠪᠠᠷ ᠦᠵᠡᠬᠦ ᠪᠣᠯᠵᠠᠢ᠃ ᠪᠠᠢ ᠪᠥᠬᠡ ᠮᠣᠩᠭᠣᠯ ᠣᠶᠤᠲᠠᠨ ᠤ᠋ ᠠᠵᠢᠯ ᠪᠣᠯᠤᠨ ᠮᠣᠩᠭᠣᠯ ᠤᠷᠠᠨ ᠪᠢᠴᠢᠯᠭᠡ ᠶ᠋ᠢᠨ ᠦᠢᠯᠡᠰ ᠢ᠋ᠶ᠋ᠡᠨ ᠢᠩᠭᠢᠵᠦ ᠰᠠᠢᠬᠠᠨ ᠡᠬᠢᠯᠡᠭᠦᠯᠦᠭᠰᠡᠨ ᠶᠦᠮ᠃
1. ᠶᠡᠬᠡ ᠳᠡᠭᠡᠳᠦ ᠰᠤᠷᠭᠠᠭᠤᠯᠢ ᠶ᠋ᠢᠨ ᠣᠶᠤᠲᠠᠳ ᠲᠤ᠌ ᠬᠢᠴᠢᠶᠡᠯ ᠣᠷᠣᠭᠰᠠᠨ ᠨᠢ
1981 ᠣᠨ ᠠ᠋ᠴᠠ ᠡᠬᠢᠯᠡᠨ ᠥᠪᠥᠷ ᠮᠣᠩᠭᠣᠯ ᠤ᠋ᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠮᠣᠩᠭᠣᠯ ᠣᠶᠤᠲᠠᠳ ᠲᠤ᠌ ᠭᠤᠷᠪᠠᠨ ᠪᠢᠷ ᠦ᠋ᠨ ᠤᠷᠠᠨ ᠪᠢᠴᠢᠯᠭᠡ (ᠦᠰᠦᠨ ᠪᠢᠷ᠂ ᠪᠣᠯᠣᠳ ᠪᠢᠷ᠂ ᠣ ᠶ᠋ᠢᠨ ᠪᠢᠷ ᠦ᠋ᠨ ᠪᠢᠴᠢᠯᠭᠡ ) ᠶ᠋ᠢᠨ ᠬᠢᠴᠢᠶᠡᠯ ᠢ᠋ ᠵᠢᠭᠠᠵᠠᠢ᠃ ᠬᠥᠬᠡᠬᠣᠲᠠ ᠦᠨᠳᠦᠰᠦᠲᠡᠨ ᠦ᠌ ᠳᠡᠭᠡᠳᠦ ᠰᠤᠷᠭᠠᠭᠤᠯᠢ ᠳ᠋ᠤ᠌ ᠠᠵᠢᠯ ᠰᠢᠯᠵᠢᠭᠰᠡᠨ ᠦ᠌ ᠰᠡᠭᠦᠯᠡᠷ ᠨᠢᠭᠡ ᠲᠠᠯ᠎ᠠ ᠪᠠᠷ ᠢ᠋ᠶ᠋ᠠᠨ ᠰᠤᠷᠭᠠᠭᠤᠯᠢ ᠶ᠋ᠢᠨ ᠨᠠᠮ ᠵᠠᠰᠠᠭ ᠤ᠋ᠨ ᠠᠵᠢᠯ ᠳ᠋ᠤ᠌ ᠪᠠᠨ ᠶᠠᠭᠠᠷᠠᠵᠤ᠂ ᠨᠥᠭᠦᠭᠡ ᠲᠠᠯ᠎ᠠ ᠪᠠᠷ ᠢ᠋ᠶ᠋ᠠᠨ ᠮᠣᠩᠭᠣᠯ ᠣᠶᠤᠲᠠᠳ ᠲᠤ᠌ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠢ᠋ ᠵᠢᠭᠠᠬᠤ ᠪᠠᠨ ᠶᠡᠷᠦ ᠵᠣᠭᠰᠣᠭᠰᠠᠨ ᠦᠭᠡᠢ ᠪᠢᠯᠡ᠃ ᠥᠪᠥᠷ ᠮᠣᠩᠭᠣᠯ ᠤ᠋ᠨ ᠠᠬᠠᠮᠠᠳ ᠺᠠᠲᠷᠴᠤᠳ ᠤ᠋ᠨ ᠶᠡᠬᠡ ᠰᠤᠷᠭᠠᠭᠤᠯᠢ ᠪᠣᠯᠤᠨ ᠬᠠᠮᠢᠶ᠎ᠠ ᠪᠦᠬᠦᠢ ᠶᠡᠬᠡ ᠳᠡᠭᠡᠳᠦ ᠳᠤᠮᠳᠠᠳᠤ ᠪᠠᠭ᠎ᠠ ᠰᠤᠷᠭᠠᠭᠤᠯᠢ ᠨᠤᠭᠤᠳ ᠢ᠋ᠶ᠋ᠠᠷ ᠮᠣᠩᠭᠣᠯ ᠤᠷᠠᠨ ᠪᠢᠴᠢᠯᠭᠡ ᠶ᠋ᠢᠨ ᠲᠡᠦᠬᠡ᠂ ᠣᠨᠣᠯ᠂ ᠬᠥᠭᠵᠢᠯ ᠬᠤᠪᠢᠷᠠᠯ ᠤ᠋ᠨ ᠪᠠᠢᠳᠠᠯ ᠪᠣᠯᠤᠨ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠢ᠋ ᠣᠷᠣᠵᠤ ᠪᠠᠢᠭᠰᠠᠨ᠃
2. ᠭᠠᠳᠠᠭᠠᠳᠤ ᠶ᠋ᠢᠨ ᠬᠥᠮᠦᠰ ᠲᠦ᠍ ᠮᠣᠩᠭᠣᠯ ᠤᠷᠠᠨ ᠪᠢᠴᠢᠯᠭᠡ ᠶ᠋ᠢ ᠵᠢᠭᠠᠭᠰᠠᠨ ᠪᠠᠢᠳᠠᠯ
ᠹᠷᠠᠨᠼᠢ᠂ ᠴᠧᠺ᠂ ᠮᠣᠩᠭᠣᠯ᠂ ᠶᠠᠫᠣᠨ᠂ ᠠᠦ᠋ᠰᠲ᠋ᠷᠠᠯᠢᠶ᠎ᠠ ᠵᠡᠷᠭᠡ ᠤᠯᠤᠰ ᠤ᠋ᠨ ᠣᠶᠤᠲᠠᠨ᠂ ᠠᠰᠫᠢᠷᠠᠨᠲ ᠪᠣᠯᠤᠨ ᠮᠣᠩᠭᠣᠯ ᠤᠷᠠᠨ ᠪᠢᠴᠢᠯᠭᠡ ᠳ᠋ᠦ᠍ ᠳᠤᠷ᠎ᠠ ᠪᠠᠬ᠎ᠠ ᠲᠠᠢ ᠬᠥᠮᠦᠰ ᠲᠦ᠍ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠢ᠋ ᠵᠢᠭᠠᠵᠠᠢ᠃
3. ᠵᠠᠬᠢᠳᠠᠯ ᠢ᠋ᠶ᠋ᠠᠷ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠢ᠋ ᠵᠢᠭᠠᠭᠰᠠᠨ ᠨᠢ
ᠬᠠᠷᠠᠮᠦ᠋ᠷᠡᠨ᠂ ᠬᠢᠷᠢᠨ᠂ ᠯᠢᠶᠣᠤᠨᠢᠩ᠂ ᠰᠢᠨᠵᠢᠶᠠᠩ᠂ ᠭᠠᠨᠰᠦ᠂ ᠬᠥᠬᠡᠨᠠᠭᠤᠷ᠂ ᠥᠪᠥᠷ ᠮᠣᠩᠭᠣᠯ᠂ ᠾᠧᠪᠧᠢ ᠵᠡᠷᠭᠡ ᠨᠠᠢ᠍ᠮᠠᠨ ᠮᠣᠵᠢ ᠣᠷᠣᠨ ᠤ᠋ ᠮᠠᠰᠢ ᠣᠯᠠᠨ ᠠᠢᠮᠠᠭ᠂ ᠬᠣᠲᠠ᠂ ᠬᠣᠰᠢᠭᠤ᠂ ᠰᠢᠶᠠᠨ ᠤ᠋ ᠦᠨᠳᠦᠰᠦᠨ ᠱᠠᠲᠤᠨ ᠤ᠋ ᠮᠣᠩᠭᠣᠯ ᠤᠷᠠᠨ ᠪᠢᠴᠢᠯᠭᠡ ᠳ᠋ᠦ᠍ ᠳᠤᠷ᠎ᠠ ᠪᠠᠬ᠎ᠠ ᠲᠠᠢ ᠪᠠᠭᠰᠢ᠂ ᠺᠠᠲᠷ᠂ ᠰᠤᠷᠤᠭᠴᠢ᠂ ᠮᠠᠯᠴᠢᠨ᠂ ᠲᠠᠷᠢᠶᠠᠴᠢᠨ ᠳ᠋ᠤ᠌ ᠵᠠᠬᠢᠳᠠᠯ ᠢ᠋ᠶ᠋ᠠᠷ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠢ᠋ ᠵᠢᠭᠠᠵᠤ ᠪᠠᠢᠨ᠎ᠠ᠃
4. ᠰᠢᠨ᠎ᠡ ᠵᠠᠭᠤᠴᠢᠯᠠᠭᠤᠷ ᠢ᠋ ᠠᠰᠢᠭᠯᠠᠵᠤ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠢ᠋ ᠵᠢᠭᠠᠭᠰᠠᠨ ᠨᠢ
ᠨᠡᠢᠭᠡᠮ ᠬᠥᠭᠵᠢᠵᠦ ᠵᠢᠭᠠᠨ ᠰᠤᠷᠭᠠᠬᠤ ᠠᠷᠭ᠎ᠠ ᠵᠠᠮ ᠣᠯᠠᠰᠢᠷᠠᠵᠤ ᠵᠢᠭᠠᠨ ᠰᠤᠷᠭᠠᠬᠤ ᠠᠷᠭ᠎ᠠ ᠠᠪᠴᠠᠯ ᠪᠠᠶᠠᠯᠢᠭᠵᠢᠭᠰᠠᠨ ᠥᠨᠥᠳᠥᠷ ᠦ᠋ᠨ ᠴᠠᠭ ᠤ᠋ᠨ ᠪᠠᠢᠳᠠᠯ ᠠ᠋ᠴᠠ ᠪᠠᠢ ᠪᠥᠬᠡ ᠥᠴᠦᠬᠡᠨ ᠴᠦ᠍ ᠬᠣᠵᠢᠭᠳᠠᠭᠠ ᠦᠭᠡᠢ᠂ ᠬᠠᠷᠢᠨ ᠴᠠᠭ ᠦᠶ᠎ᠡ ᠶ᠋ᠢᠨ ᠠᠯᠬᠤᠭ᠎ᠠ ᠶ᠋ᠢ ᠳᠠᠭᠠᠨ ᠤᠷᠤᠭᠰᠢᠯᠠᠵᠤ ᠸᠢᠴᠲ ᠪᠤᠶᠤ ᠰᠦᠯᠵᠢᠶ᠎ᠡ ᠶ᠋ᠢ ᠠᠰᠢᠭᠯᠠᠵᠤ ᠳᠤᠮᠳᠠᠳᠤ ᠤᠯᠤᠰ᠂ ᠴᠢᠨᠠᠭᠰᠢᠯᠠᠪᠠᠯ ᠳᠡᠯᠡᠬᠡᠢ ᠶ᠋ᠢᠨ ᠤᠷᠠᠨ ᠪᠢᠴᠢᠯᠭᠡ ᠶ᠋ᠢᠨ ᠪᠠᠬᠠᠲᠠᠳ ᠲᠤ᠌ ᠤᠷᠠᠨ ᠪᠢᠴᠢᠯᠭᠡ ᠪᠡᠨ ᠰᠢᠨ᠎ᠡ ᠵᠠᠭᠤᠴᠢᠯᠠᠭᠤᠷ ᠢ᠋ ᠠᠰᠢᠭᠯᠠᠵᠤ ᠤᠯᠠᠮᠵᠢᠯᠠᠵᠤ ᠪᠠᠢᠨ᠎ᠠ᠃
5. ᠵᠢᠭᠠᠬᠤ ᠪᠢᠴᠢᠭ ᠨᠠᠢᠷᠠᠭᠤᠯᠤᠨ ᠬᠡᠪᠯᠡᠪᠡ
ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠢ᠋ᠶ᠋ᠡᠨ ᠨᠡᠩ ᠰᠠᠢᠨ ᠵᠢᠭᠠᠬᠤ ᠶ᠋ᠢᠨ ᠲᠥᠯᠥᠭᠡ ᠤᠷᠢᠳ ᠬᠣᠵᠢᠳ《ᠮᠣᠩᠭᠣᠯ ᠤᠷᠠᠨ ᠪᠢᠴᠢᠯᠭᠡ ᠶ᠋ᠢᠨ ᠤᠳᠤᠷᠢᠳᠤᠮᠵᠢ》᠂《ᠮᠣᠩᠭᠣᠯ ᠤᠷᠠᠨ ᠪᠢᠴᠢᠯᠭᠡ ᠶ᠋ᠢᠨ ᠤᠬᠠᠭᠠᠨ》᠂《ᠮᠣᠩᠭᠣᠯ ᠤᠷᠠᠨ ᠪᠢᠴᠢᠯᠭᠡ ᠶ᠋ᠢᠨ ᠣᠨᠣᠯ ᠦᠢᠯᠡᠳᠦᠯᠭᠡ》᠂《ᠮᠣᠩᠭᠣᠯ ᠤᠷᠠᠨ ᠪᠢᠴᠢᠯᠭᠡ ᠶ᠋ᠢᠨ ᠬᠥᠭᠵᠢᠯ ᠦ᠋ᠨ ᠲᠡᠦᠬᠡ 》ᠵᠡᠷᠭᠡ ᠪᠦᠬᠦ ᠤᠯᠤᠰ ᠤ᠋ᠨ ᠶᠡᠬᠡ ᠳᠡᠭᠡᠳᠦ ᠰᠤᠷᠭᠠᠭᠤᠯᠢ ᠳ᠋ᠤ᠌ ᠬᠡᠷᠡᠭᠯᠡᠬᠦ ᠮᠣᠩᠭᠣᠯ ᠤᠷᠠᠨ ᠪᠢᠴᠢᠯᠭᠡ ᠶ᠋ᠢᠨ ᠵᠢᠭᠠᠬᠤ ᠪᠢᠴᠢᠭ ᠢ᠋ ᠨᠠᠢᠷᠠᠭᠤᠯᠤᠨ ᠬᠡᠪᠯᠡᠪᠡ᠃ ᠡᠭᠦᠨ ᠡᠴᠡ ᠭᠠᠳᠠᠨ᠎ᠠ᠂ ᠪᠠᠶᠠᠨᠬᠦᠤ᠂ ᠲᠦᠪᠰᠢᠨ᠂ ᠪᠠ · ᠣᠷᠭᠢᠯ᠂ ᠪᠤᠤ ᠶ᠋ᠢᠨ ᠱᠠᠨ ᠵᠡᠷᠭᠡ ᠨᠥᠬᠥᠳ ᠢ᠋ ᠵᠣᠬᠢᠶᠠᠨ ᠪᠠᠢᠭᠤᠯᠵᠤ᠂ ᠪᠦᠬᠦ ᠥᠪᠡᠷᠲᠡᠭᠡᠨ ᠵᠠᠰᠠᠬᠤ ᠣᠷᠣᠨ ᠤ᠋ ᠮᠣᠩᠭᠣᠯ ᠳᠤᠮᠳᠠᠳᠤ ᠪᠠᠭ᠎ᠠ ᠰᠤᠷᠭᠠᠭᠤᠯᠢ ᠳ᠋ᠤ᠌ ᠨᠡᠢᠳᠡᠮ ᠬᠡᠷᠡᠭᠯᠡᠬᠦ ᠰᠤᠷᠬᠤ ᠪᠢᠴᠢᠭ《ᠮᠣᠩᠭᠣᠯ ᠤᠷᠠᠨ ᠪᠢᠴᠢᠯᠭᠡ》 ᠶ᠋ᠢ ᠨᠠᠢᠷᠠᠭᠤᠯᠤᠨ ᠪᠢᠴᠢᠪᠡ᠃
6. ᠱᠠᠪᠢ ᠰᠤᠷᠤᠭᠴᠢᠳ ᠢ᠋ ᠬᠥᠮᠦᠵᠢᠭᠦᠯᠪᠡ
ᠪᠠᠢ ᠪᠥᠬᠡ ᠤᠷᠲᠤ ᠬᠤᠭᠤᠴᠠᠭᠠᠨ ᠤ᠋ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠬᠥᠮᠦᠵᠢᠯ ᠢ᠋ᠶ᠋ᠡᠷ ᠢ᠋ᠶ᠋ᠡᠨ ᠳᠠᠮᠵᠢᠨ ᠦᠢ ᠣᠯᠠᠨ ᠮᠣᠩᠭᠣᠯ ᠤᠷᠠᠨ ᠪᠢᠴᠢᠯᠭᠡ ᠳ᠋ᠦ᠍ ᠳᠤᠷ᠎ᠠ ᠪᠠᠬ᠎ᠠ ᠲᠠᠢ ᠬᠥᠮᠦᠰ ᠪᠣᠯᠤᠨ ᠮᠣᠩᠭᠣᠯ ᠤᠷᠠᠨ ᠪᠢᠴᠢᠯᠭᠡᠲᠡᠳ ᠢ᠋ ᠬᠥᠮᠦᠵᠢᠭᠦᠯᠦᠨ ᠭᠠᠷᠭᠠᠭᠰᠠᠨ ᠶᠤᠮ᠃ ᠲᠡᠳᠡᠨᠦᠰ ᠦ᠋ᠨ ᠳᠣᠲᠣᠷ᠎ᠠ ᠠᠯᠳᠠᠷᠲᠤ ᠤᠷᠠᠨ ᠪᠢᠴᠢᠯᠭᠡᠲᠡᠨ᠂ ᠬᠥᠯᠥᠨ ᠪᠤᠢᠷ ᠳᠡᠭᠡᠳᠦ ᠰᠤᠷᠭᠠᠭᠤᠯᠢ ᠶ᠋ᠢᠨ ᠬᠠᠢᠱᠠᠨ ᠫᠷᠣᠹᠧᠰᠰᠣᠷ᠂ ᠠᠯᠳᠠᠷᠲᠤ ᠡᠮᠡᠭᠲᠡᠢ ᠮᠣᠩᠭᠣᠯ ᠤᠷᠠᠨ ᠪᠢᠴᠢᠯᠭᠡᠲᠡᠨ᠂ ᠬᠥᠬᠡᠬᠣᠲᠠ ᠦᠨᠳᠦᠰᠦᠲᠡᠨ ᠦ᠌ ᠳᠡᠭᠡᠳᠦ ᠰᠤᠷᠭᠠᠭᠤᠯᠢ ᠶ᠋ᠢᠨ ᠭᠡᠢᠷᠡᠨᠡ ᠫᠷᠣᠹᠧᠰᠰᠣᠷ ᠬᠣᠶᠠᠷ ᠪᠣᠯ ᠪᠠᠢ ᠪᠥᠬᠡ ᠶ᠋ᠢᠨ ᠮᠣᠩᠭᠣᠯ ᠤᠷᠠᠨ ᠪᠢᠴᠢᠯᠭᠡ ᠶ᠋ᠢᠨ ᠰᠢᠯᠢᠳᠡᠭ ᠰᠤᠷᠤᠭᠴᠢᠳ ᠤ᠋ᠨ ᠬᠢᠨᠢ ᠲᠥᠯᠥᠭᠡᠯᠡᠭᠴᠢ ᠨᠢ ᠪᠣᠯᠤᠨ᠎ᠠ᠃
7. ᠮᠣᠩᠭᠣᠯ ᠤᠷᠠᠨ ᠪᠢᠴᠢᠯᠭᠡ ᠶ᠋ᠢᠨ ᠤᠤᠭᠠᠨ ᠫᠷᠣᠹᠧᠰᠰᠣᠷ
ᠪᠠᠢ ᠪᠥᠬᠡ ᠪᠣᠯ ᠪᠦᠬᠦ ᠣᠷᠣᠨ ᠤ᠋ ᠶᠡᠬᠡ ᠳᠡᠭᠡᠳᠦ ᠰᠤᠷᠭᠠᠭᠤᠯᠢ ᠳ᠋ᠤ᠌ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠢ᠋ ᠲᠦᠭᠡᠮᠡᠯᠵᠢᠭᠦᠯᠬᠦ ᠠᠵᠢᠯ ᠢ᠋ ᠡᠬᠢᠯᠡᠭᠦᠯᠵᠦ᠂ᠪᠦᠬᠦ ᠤᠯᠤᠰ ᠤ᠋ᠨ ᠶᠡᠬᠡ ᠳᠡᠭᠡᠳᠦ ᠰᠤᠷᠭᠠᠭᠤᠯᠢ ᠶ᠋ᠢᠨ ᠮᠣᠩᠭᠣᠯ ᠤᠷᠠᠨ ᠪᠢᠴᠢᠯᠭᠡ ᠶ᠋ᠢᠨ ᠵᠢᠭᠠᠬᠤ ᠪᠢᠴᠢᠭ ᠢ᠋ ᠨᠠᠢᠷᠠᠭᠤᠯᠤᠨ ᠬᠡᠪᠯᠡᠭᠦᠯᠵᠦ᠂ ᠪᠦᠬᠦ ᠳᠡᠯᠡᠬᠡᠢ ᠶ᠋ᠢᠨ ᠬᠡᠪᠴᠢᠶᠡᠨ᠎ᠡ ᠮᠣᠩᠭᠣᠯ ᠤᠷᠠᠨ ᠪᠢᠴᠢᠯᠭᠡ ᠶ᠋ᠢᠨ ᠫᠷᠣᠹᠧᠰᠰᠣᠷ ᠵᠡᠷᠭᠡ ᠭᠡᠮ (ᠵᠡᠷᠭᠡᠮᠵᠢ) ᠶ᠋ᠢ ᠣᠯᠤᠭᠰᠠᠨ ᠠᠩᠬᠠᠳᠠᠭᠴᠢ ᠬᠥᠮᠦᠨ ᠶᠦᠮ᠃
8. ᠣᠯᠠᠨ ᠲᠦᠮᠡᠨ ᠦ᠌ ᠦᠨᠡᠯᠡᠯᠲᠡ
ᠮᠣᠩᠭᠣᠯ ᠤᠷᠠᠨ ᠪᠢᠴᠢᠯᠭᠡ ᠶ᠋ᠢᠨ ᠳᠠᠷᠬᠠᠨ᠂ ᠥᠪᠥᠷ ᠮᠣᠩᠭᠣᠯ ᠤ᠋ᠨ ᠰᠤᠷᠭᠠᠨ ᠬᠥᠮᠦᠵᠢᠯ ᠦ᠋ᠨ ᠬᠡᠪᠯᠡᠯ ᠦ᠋ᠨ ᠬᠣᠷᠢᠶᠠᠨ ᠤ᠋ ᠪᠤᠤᠱᠠᠨ᠄ 《ᠪᠠᠢ ᠪᠥᠬᠡ ᠪᠣᠯ ᠮᠣᠩᠭᠣᠯ ᠤᠷᠠᠨ ᠪᠢᠴᠢᠯᠭᠡ ᠶ᠋ᠢᠨ ᠣᠨᠣᠯ ᠤ᠋ᠨ ᠲᠠᠯ᠎ᠠ ᠪᠠᠷ ᠶᠠᠷᠢᠵᠤ ᠴᠢᠳᠠᠳᠠᠭ᠂ ᠦᠢᠯᠡᠳᠦᠯᠭᠡ ᠶ᠋ᠢᠨ ᠲᠠᠯ᠎ᠠ ᠪᠠᠷ ᠪᠢᠴᠢᠵᠦ ᠴᠢᠳᠠᠳᠠᠭ᠂ ᠬᠢᠴᠢᠶᠡᠯ ᠬᠥᠮᠦᠵᠢᠯ ᠦ᠋ᠨ ᠲᠠᠯ᠎ᠠ ᠪᠠᠷ ᠵᠢᠭᠠᠵᠤ ᠴᠢᠳᠠᠳᠠᠭ ᠮᠠᠨ ᠤ᠋ ᠪᠦᠬᠦ ᠮᠣᠩᠭᠣᠯ ᠤᠷᠠᠨ ᠪᠢᠴᠢᠯᠭᠡᠲᠡᠳ ᠦ᠋ᠨ ᠣᠨᠣᠯ ᠦᠢᠯᠡᠳᠦᠯᠭᠡ ᠶ᠋ᠢᠨ ᠡᠪᠦᠭᠡ ᠨᠢ ᠮᠥᠨ》ᠭᠡᠵᠡᠢ᠃ ᠲᠥᠪ ᠪᠢᠴᠢᠯᠭᠡ᠂ ᠭᠦᠶᠦᠯᠭᠡᠨ ᠪᠢᠴᠢᠯᠭᠡ (ᠲᠠᠲᠠᠯᠭᠠᠨ ᠪᠢᠴᠢᠯᠭᠡ)᠂ ᠳᠣᠪᠲᠣᠯᠭᠠᠨ ᠪᠢᠴᠢᠯᠭᠡ (ᠲᠦᠷᠭᠡᠨ ᠪᠢᠴᠢᠯᠭᠡ) ᠶ᠋ᠢᠨ ᠠᠪᠤᠷᠭᠤ ᠪᠠᠶᠠᠨᠬᠦᠤ᠄《ᠪᠠᠢ ᠪᠥᠬᠡ ᠪᠣᠯ ᠣᠨᠣᠯ ᠦᠢᠯᠡᠳᠦᠯᠭᠡ ᠳ᠋ᠡᠭᠡᠨ ᠭᠠᠷᠮᠠᠭᠠᠢ ᠣᠪᠣᠭ᠎ᠠ ᠠᠷᠪᠢᠨ ᠪᠦᠲᠦᠭᠡᠯ ᠲᠡᠢ᠂ ᠤᠷᠠᠨ ᠪᠢᠴᠢᠯᠭᠡ ᠳ᠋ᠡᠭᠡᠨ ᠴᠢᠳᠠᠮᠠᠭᠠᠢ ᠣᠨᠴᠠᠭᠠᠢ ᠰᠣᠨᠢᠨ ᠪᠢᠴᠢᠯᠭᠡ ᠲᠡᠢ》ᠭᠡᠵᠡᠢ᠃ ᠫᠷᠣᠹᠧᠰᠰᠣᠷ ᠬᠠᠢᠱᠠᠨ᠄《ᠪᠠᠢ ᠪᠥᠬᠡ ᠪᠣᠯ ᠮᠣᠩᠭᠣᠯ ᠤᠷᠠᠨ ᠪᠢᠴᠢᠯᠭᠡ ᠶ᠋ᠢᠨ ᠤᠬᠠᠭᠠᠨᠲᠠᠨ᠂ ᠣᠨᠣᠯᠳᠠᠨ᠂ ᠰᠤᠳᠤᠯᠭᠠᠲᠠᠨ᠂ ᠰᠤᠷᠭᠠᠨ ᠬᠥᠮᠦᠵᠢᠯᠲᠡᠨ᠂ ᠰᠤᠷᠭᠠᠨ ᠬᠥᠮᠦᠵᠢᠯ ᠦ᠋ᠨ ᠵᠢᠳᠬᠦᠯᠲᠡᠨ᠂ ᠠᠯᠳᠠᠷᠲᠤ ᠤᠷᠠᠨ ᠪᠢᠴᠢᠯᠭᠡᠲᠡᠨ ᠮᠥᠨ᠂ ᠮᠣᠩᠭᠣᠯ ᠤᠷᠠᠨ ᠪᠢᠴᠢᠯᠭᠡ ᠶ᠋ᠢᠨ ᠳᠣᠪᠲᠣᠯᠭᠠᠨ ᠪᠢᠴᠢᠯᠭᠡ ᠶ᠋ᠢᠨ ᠰᠢᠨ᠎ᠡ ᠴᠠᠭ ᠢ᠋ ᠨᠡᠭᠡᠭᠡᠭᠰᠡᠨ ᠬᠥᠮᠦᠨ ᠮᠥᠨ 》ᠭᠡᠵᠡᠢ᠃
ᠬᠣᠶᠠᠷ᠂ ᠮᠣᠩᠭᠣᠯ ᠤᠷᠠᠨ ᠪᠢᠴᠢᠯᠭᠡ ᠶ᠋ᠢᠨ ᠣᠨᠣᠯ ᠤ᠋ᠨ ᠰᠤᠳᠤᠯᠭᠠᠨ ᠢ᠋ ᠭᠦᠨᠵᠡᠭᠡᠢᠷᠡᠭᠦᠯᠦᠭᠰᠡᠨ ᠨᠢ
ᠪᠠᠢ ᠪᠥᠬᠡ ᠪᠣᠯ ᠤᠷᠲᠤ ᠤᠳᠠᠭᠠᠨ ᠬᠤᠭᠤᠴᠠᠭ᠎ᠠ ᠪᠠᠷ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠬᠥᠮᠦᠵᠢᠯ ᠪᠣᠯᠤᠨ ᠮᠣᠩᠭᠣᠯ ᠤᠷᠠᠨ ᠪᠢᠴᠢᠯᠭᠡ ᠶ᠋ᠢᠨ ᠡᠷᠳᠡᠮ ᠰᠢᠨᠵᠢᠯᠡᠭᠡᠨ ᠦ᠌ ᠠᠵᠢᠯ ᠢ᠋ ᠤᠶᠠᠯᠳᠤᠭᠤᠯᠵᠤ ᠢᠷᠡᠭᠰᠡᠨ ᠠᠯᠳᠠᠷᠲᠤ ᠫᠷᠣᠹᠧᠰᠰᠣᠷ ᠮᠥᠷᠲᠡᠭᠡᠨ ᠰᠤᠳᠤᠯᠭᠠᠲᠠᠨ ᠮᠥᠨ ᠪᠢᠯᠡ᠃
1. ᠭᠤᠴᠢ ᠭᠠᠷᠤᠢ ᠥᠭᠦᠯᠡᠯ ᠨᠡᠢᠲᠡᠯᠡᠪᠡ
ᠤᠷᠢᠳ ᠬᠣᠵᠢᠳ《ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠢ᠋ ᠬᠡᠷᠬᠢᠨ ᠵᠢᠭᠠᠬᠤ ᠲᠤᠬᠠᠢ ᠥᠭᠦᠯᠡᠬᠦ ᠨᠢ》᠂《ᠮᠣᠩᠭᠣᠯ ᠤᠷᠠᠨ ᠪᠢᠴᠢᠯᠭᠡ ᠶ᠋ᠢᠨ ᠡᠭᠦᠰᠦᠯ ᠬᠥᠭᠵᠢᠯ》᠂《ᠮᠣᠩᠭᠣᠯ ᠤᠷᠠᠨ ᠪᠢᠴᠢᠯᠭᠡ ᠶ᠋ᠢᠨ ᠬᠡᠯᠪᠡᠷᠢ ᠵᠣᠬᠢᠮᠵᠢ ᠶ᠋ᠢᠨ ᠲᠤᠬᠠᠢ》᠂《ᠮᠣᠩᠭᠣᠯ ᠤᠷᠠᠨ ᠪᠢᠴᠢᠯᠭᠡ ᠶ᠋ᠢᠨ ᠲᠠᠲᠠᠯᠭᠠᠨ ᠪᠢᠴᠢᠯᠭᠡ ᠶ᠋ᠢᠨ ᠲᠤᠬᠠᠢ》᠂《 ᠮᠣᠩᠭᠣᠯ ᠤᠷᠠᠨ ᠪᠢᠴᠢᠯᠭᠡ ᠶ᠋ᠢᠨ ᠳᠠᠭᠤᠷᠢᠶᠠᠨ ᠪᠢᠴᠢᠬᠦ ᠪᠠ ᠡᠭᠦᠳᠦᠨ ᠪᠦᠲᠦᠭᠡᠬᠦ ᠶ᠋ᠢᠨ ᠲᠤᠬᠠᠢ》᠂《ᠬᠤᠪᠢᠷᠠᠯᠲᠠ ᠪᠣᠯ ᠮᠣᠩᠭᠣᠯ ᠤᠷᠠᠨ ᠪᠢᠴᠢᠯᠭᠡ ᠶ᠋ᠢᠨ ᠠᠮᠢᠨ ᠰᠦᠨᠡᠰᠦ ᠮᠥᠨ》᠂《ᠶᠠᠫᠣᠨ ᠤ᠋ ᠤᠷᠠᠨ ᠪᠢᠴᠢᠯᠭᠡ ᠶ᠋ᠢᠨ ᠲᠤᠬᠠᠢ ᠠᠩᠬᠠᠨ ᠤ᠋ ᠰᠢᠨᠵᠢᠯᠡᠭᠡᠨ》᠂《ᠠᠳᠠᠯᠢ ᠪᠤᠰᠤ ᠦᠰᠦᠭ ᠪᠢᠴᠢᠭ ᠦ᠋ᠨ ᠤᠷᠠᠨ ᠪᠢᠴᠢᠯᠭᠡ ᠶ᠋ᠢᠨ ᠬᠠᠷᠢᠴᠠᠭᠤᠯᠤᠯ》᠂《ᠲᠡᠭᠷᠢ ᠳᠡᠭᠡᠷᠡᠬᠢ ᠮᠣᠩᠭᠣᠯ ᠤᠷᠠᠨ ᠪᠢᠴᠢᠯᠭᠡ》᠂《ᠮᠣᠩᠭᠣᠯ ᠤᠷᠠᠨ ᠪᠢᠴᠢᠯᠭᠡ ᠪᠣᠯ ᠤᠷᠠᠯᠢᠭ ᠤ᠋ᠨ ᠳᠣᠲᠣᠷᠠᠬᠢ ᠤᠷᠠᠯᠢᠭ ᠮᠥᠨ》᠂《 ᠮᠣᠩᠭᠣᠯ ᠤᠷᠠᠨ ᠪᠢᠴᠢᠯᠭᠡ ᠶ᠋ᠢᠨ ᠦᠨ᠎ᠡ ᠥᠷᠲᠡᠭ》ᠵᠡᠷᠭᠡ ᠭᠤᠴᠢ ᠭᠠᠷᠤᠢ ᠡᠷᠳᠡᠮ ᠰᠢᠨᠵᠢᠯᠡᠭᠡᠨ ᠦ᠌ ᠥᠭᠦᠯᠡᠯ ᠨᠡᠢᠲᠡᠯᠡᠵᠡᠢ᠃
2. ᠠᠷᠪᠠᠨ ᠬᠡᠳᠦᠨ ᠨᠣᠮ ᠳᠡᠪᠲᠡᠷ ᠬᠡᠪᠯᠡᠭᠦᠯᠵᠡᠢ
《ᠪᠠᠢ ᠪᠥᠬᠡ ᠶ᠋ᠢᠨ ᠮᠣᠩᠭᠣᠯ ᠤᠷᠠᠨ ᠪᠢᠴᠢᠯᠭᠡ》᠂《ᠮᠣᠩᠭᠣᠯ ᠤᠷᠠᠨ ᠪᠢᠴᠢᠯᠭᠡ ᠶ᠋ᠢᠨ ᠤᠬᠠᠭᠠᠨ》᠂《ᠮᠣᠩᠭᠣᠯ ᠤᠷᠠᠨ ᠪᠢᠴᠢᠯᠭᠡ ᠶ᠋ᠢᠨ ᠤᠳᠤᠷᠢᠳᠤᠮᠵᠢ》᠂《ᠮᠣᠩᠭᠣᠯ ᠤᠷᠠᠨ ᠪᠢᠴᠢᠯᠭᠡ ᠶ᠋ᠢᠨ ᠬᠥᠭᠵᠢᠯ ᠦ᠋ᠨ ᠲᠡᠦᠬᠡ》᠂《ᠮᠣᠩᠭᠣᠯ ᠤᠷᠠᠨ ᠪᠢᠴᠢᠯᠭᠡ ᠶ᠋ᠢᠨ ᠬᠠᠪᠤᠲᠤ ᠦᠭᠡᠰ》᠂《ᠮᠣᠩᠭᠣᠯ ᠤᠷᠠᠨ ᠪᠢᠴᠢᠯᠭᠡ ᠶ᠋ᠢᠨ ᠶᠢᠰᠦᠨ ᠠᠪᠤᠷᠭᠤ》᠂《ᠮᠣᠩᠭᠣᠯ ᠤᠷᠠᠨ ᠪᠢᠴᠢᠯᠭᠡ ᠶ᠋ᠢᠨ ᠣᠨᠣᠯ ᠦᠢᠯᠡᠳᠦᠯᠭᠡ》᠂《ᠮᠣᠩᠭᠣᠯ ᠤᠷᠠᠨ ᠪᠢᠴᠢᠯᠭᠡ ᠶ᠋ᠢᠨ ᠭᠠᠪᠢᠶᠠᠲᠠᠨ》᠂《ᠮᠣᠩᠭᠣᠯ ᠤᠷᠠᠨ ᠪᠢᠴᠢᠯᠭᠡ ᠶ᠋ᠢᠨ ᠮᠢᠩᠭᠠᠨ ᠵᠢᠯ》᠂《ᠪᠢᠴᠢᠯᠭᠡ ᠶ᠋ᠢᠨ ᠥᠨᠳᠥᠷᠯᠢᠭ》᠂《ᠤᠷᠠᠨ ᠪᠢᠴᠢᠯᠭᠡ ᠶ᠋ᠢᠨ ᠵᠠᠭᠤᠨ ᠠᠰᠠᠭᠤᠯᠲᠠ ᠵᠠᠭᠤᠨ ᠬᠠᠷᠢᠭᠤᠯᠲᠠ》᠂《ᠪᠠᠢ ᠪᠥᠬᠡ ᠶ᠋ᠢᠨ ᠮᠣᠩᠭᠣᠯ ᠤᠷᠠᠨ ᠪᠢᠴᠢᠯᠭᠡ ᠶ᠋ᠢᠨ ᠬᠥᠨᠳᠡᠯᠡᠨ ᠢ᠋ᠶ᠋ᠡᠷ ᠪᠢᠴᠢᠬᠦ ᠤᠷᠠᠯᠢᠭ》ᠵᠡᠷᠭᠡ ᠠᠷᠪᠠᠨ ᠬᠡᠳᠦᠨ ᠳᠡᠪᠲᠡᠷ ᠮᠣᠩᠭᠣᠯ ᠤᠷᠠᠨ ᠪᠢᠴᠢᠯᠭᠡ ᠶ᠋ᠢᠨ ᠲᠤᠰᠬᠠᠢ ᠨᠣᠮ ᠢ᠋ ᠬᠡᠪᠯᠡᠭᠦᠯᠪᠡ᠃
3. ᠰᠤᠳᠤᠯᠭᠠᠨ ᠤ᠋ ᠡᠩᠨᠡᠭᠡ ᠲᠡᠢ ᠪᠣᠯᠵᠠᠢ
ᠪᠠᠢ ᠪᠥᠬᠡ ᠭᠤᠴᠢ ᠭᠠᠷᠤᠢ ᠥᠭᠦᠯᠡᠯ ᠨᠡᠢᠲᠡᠯᠡᠵᠦ ᠂ ᠠᠷᠪᠠᠭᠠᠳ ᠨᠣᠮ ᠳᠡᠪᠲᠡᠷ ᠬᠡᠪᠯᠡᠵᠦ᠂ ᠮᠣᠩᠭᠣᠯ ᠤᠷᠠᠨ ᠪᠢᠴᠢᠯᠭᠡ ᠶ᠋ᠢᠨ ᠣᠨᠣᠯ ᠤ᠋ᠨ ᠰᠤᠳᠤᠯᠭᠠᠨ ᠢ᠋ ᠭᠦᠨᠵᠡᠭᠡᠢᠷᠡᠭᠦᠯᠦᠭᠰᠡᠨ ᠮᠥᠷᠲᠡᠭᠡᠨ ᠨᠡᠩ ᠣᠯᠠᠨ ᠮᠣᠩᠭᠣᠯ ᠤᠷᠠᠨ ᠪᠢᠴᠢᠯᠭᠡᠲᠡᠳ ᠢ᠋ ᠳᠠᠢᠴᠢᠯᠠᠨ ᠤᠷᠢᠶᠠᠯᠠᠵᠤ᠂ ᠮᠣᠩᠭᠣᠯ ᠤᠷᠠᠨ ᠪᠢᠴᠢᠯᠭᠡ ᠶ᠋ᠢᠨ ᠣᠨᠣᠯ ᠤ᠋ᠨ ᠰᠤᠳᠤᠯᠭᠠᠨ ᠢ᠋ ᠨᠡᠩ ᠥᠨᠳᠥᠷ ᠲᠦᠪᠰᠢᠨ ᠳ᠋ᠦ᠍ ᠬᠦᠷᠭᠡᠬᠦ ᠪᠡᠷ ᠴᠢᠷᠮᠠᠢᠵᠤ ᠢᠷᠡᠭᠰᠡᠨ ᠪᠠᠢᠨ᠎ᠠ᠃ ᠲᠡᠷᠡ ᠥᠪᠡᠷ ᠲᠡᠭᠡᠨ ᠰᠤᠳᠤᠯᠭᠠᠨ ᠤ᠋ ᠠᠵᠢᠯ ᠳ᠋ᠤ᠌ ᠪᠠᠨ ᠰᠢᠮᠳᠠᠬᠤ ᠪᠠᠷ ᠪᠠᠷᠠᠬᠤ ᠦᠭᠡᠢ ᠪᠠᠶᠠᠨᠬᠦᠤ᠂ ᠬᠠᠢᠱᠠᠨ(ᠬᠥᠯᠥᠨ ᠪᠤᠢᠷ) ᠂ ᠨᠠᠷᠠᠨᠬᠤᠸᠠᠷ᠂ ᠲᠦᠪᠰᠢᠨ᠂ ᠮᠡᠷᠭᠡᠨᠪᠠᠲᠤ᠂ ᠲᠦᠭᠦᠷᠡᠩᠰᠠᠩ᠂ ᠠᠯᠲᠠᠨᠰᠠᠩ᠂ ᠪᠤᠤ ᠶ᠋ᠢᠨ ᠱᠠᠨ᠂ ᠭᠡᠢᠷᠡᠨᠡ᠂ ᠪᠠ·ᠣᠷᠭᠢᠯ᠂ ᠮᠤᠩᠭᠤᠯᠬᠦᠤ᠂ ᠴᠣᠯᠮᠣᠨ᠂ ᠪᠤᠤᠱᠠᠨ᠂ ᠢᠷᠦᠭᠡᠯᠲᠦ᠂ ᠰᠤᠷᠲᠠᠯᠲᠤ᠂ ᠬᠠᠰᠴᠢᠯᠠᠭᠤ᠂ ᠯᠤᠷᠤᠢᠨᠢᠮᠠ᠂ ᠪᠤᠤ ᠪᠤᠤ ᠱᠠᠨ ᠵᠡᠷᠭᠡ ᠨᠢᠭᠡ ᠪᠦᠯᠦᠭ ᠮᠣᠩᠭᠣᠯ ᠤᠷᠠᠨ ᠪᠢᠴᠢᠯᠭᠡᠲᠡᠳ ᠢ᠋ᠶ᠋ᠡᠷ ᠪᠦᠷᠢᠯᠳᠦᠭᠰᠡᠨ ᠰᠤᠳᠤᠯᠭᠠᠨ ᠤ᠋ ᠡᠩᠨᠡᠭᠡ ᠲᠡᠢ ᠪᠣᠯᠵᠠᠢ᠃
4. ᠡᠷᠳᠡᠮᠲᠡᠳ ᠦ᠋ᠨ ᠦᠨᠡᠯᠡᠯᠲᠡ
ᠪᠦᠬᠦ ᠤᠯᠤᠰ ᠤ᠋ᠨ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠨ᠂ ᠥᠪᠥᠷ ᠮᠣᠩᠭᠣᠯ ᠤ᠋ᠨ ᠶᠡᠬᠡ ᠰᠤᠷᠭᠠᠭᠤᠯᠢ ᠶ᠋ᠢᠨ ᠫᠷᠣᠹᠧᠰᠰᠣᠷ ᠪᠠᠶᠠᠷᠮᠡᠨᠳᠤ 《ᠪᠠᠢ ᠪᠥᠬᠡ ᠪᠣᠯ ᠮᠣᠩᠭᠣᠯ ᠤᠷᠠᠨ ᠪᠢᠴᠢᠯᠭᠡᠲᠡᠨ᠂ ᠮᠣᠩᠭᠣᠯ ᠤᠷᠠᠨ ᠪᠢᠴᠢᠯᠭᠡ ᠶ᠋ᠢᠨ ᠰᠤᠳᠤᠯᠭᠠᠲᠠᠨ᠂ ᠲᠡᠷᠡ ᠪᠣᠯ ᠮᠣᠩᠭᠣᠯ ᠤ᠋ᠨ ᠰᠤᠳᠤᠯᠤᠯ ᠤ᠋ᠨ ᠬᠦᠷᠢᠶ᠎ᠡ ᠬᠡᠪᠴᠢᠶᠡᠨ ᠳ᠋ᠦ᠍ ᠰᠢᠨ᠎ᠡ ᠨᠢᠭᠡᠨ ᠰᠠᠯᠠᠭ᠎ᠠ ᠶ᠋ᠢ ᠨᠡᠭᠡᠭᠡᠭᠰᠡᠨ ᠬᠥᠮᠦᠨ》ᠭᠡᠵᠡᠢ᠃ ᠥᠪᠥᠷ ᠮᠣᠩᠭᠣᠯ ᠤ᠋ᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠬᠠᠷᠠᠬᠦᠦ ᠫᠷᠣᠹᠧᠰᠰᠣᠷ《ᠪᠠᠢ ᠪᠥᠬᠡ ᠪᠣᠯ ᠤᠷᠠᠨ ᠪᠢᠴᠢᠯᠭᠡᠲᠡᠨ ᠮᠥᠷᠲᠡᠭᠡᠨ ᠮᠣᠩᠭᠣᠯ ᠤᠷᠠᠨ ᠪᠢᠴᠢᠯᠭᠡ ᠶ᠋ᠢᠨ ᠣᠨᠣᠯ ᠤ᠋ᠨ ᠰᠤᠳᠤᠯᠭᠠᠲᠠᠨ᠂ ᠮᠣᠩᠭᠣᠯ ᠤᠷᠠᠨ ᠪᠢᠴᠢᠯᠭᠡ ᠶ᠋ᠢᠨ ᠣᠨᠣᠯ ᠤ᠋ᠨ ᠰᠤᠳᠤᠯᠭᠠᠨ ᠢ᠋ ᠰᠢᠨ᠎ᠡ ᠱᠠᠲᠤᠨ ᠳ᠋ᠤ᠌ ᠬᠦᠷᠭᠡᠭᠰᠡᠨ ᠬᠥᠮᠦᠨ》ᠭᠡᠵᠡᠢ᠃
ᠭᠤᠷᠪᠠ᠂ ᠮᠣᠩᠭᠣᠯ ᠤᠷᠠᠨ ᠪᠢᠴᠢᠯᠭᠡ ᠶ᠋ᠢ ᠰᠢᠨᠡᠳᠬᠡᠨ ᠲᠡᠭᠦᠯᠳᠡᠷᠵᠢᠭᠦᠯᠦᠭᠰᠡᠨ ᠨᠢ
ᠪᠠᠢ ᠪᠥᠬᠡ ᠤᠷᠲᠤ ᠬᠤᠭᠤᠴᠠᠭ᠎ᠠ ᠤᠷᠠᠨ ᠪᠢᠴᠢᠯᠭᠡ ᠶ᠋ᠢᠨ ᠬᠢᠴᠢᠶᠡᠯ ᠬᠥᠮᠦᠵᠢᠯ ᠪᠣᠯᠤᠨ ᠡᠷᠳᠡᠮ ᠰᠢᠨᠵᠢᠯᠡᠭᠡ ᠬᠢᠭᠰᠡᠨ ᠲᠤᠷᠰᠢᠯᠭ᠎ᠠ ᠲᠠᠢ ᠠ᠋ᠴᠠ ᠪᠣᠯᠵᠤ ᠤᠷᠠᠨ ᠪᠢᠴᠢᠯᠭᠡ ᠶ᠋ᠢᠨ ᠣᠨᠣᠯ ᠣᠬᠭᠠᠨ ᠤ᠋ ᠬᠢᠷᠢ ᠲᠦᠪᠰᠢᠨ ᠨᠢ ᠥᠨᠳᠥᠷᠵᠢᠨ ᠳᠡᠭᠡᠭᠰᠢᠯᠡᠵᠦ᠂ ᠮᠣᠩᠭᠣᠯ ᠤᠷᠠᠨ ᠪᠢᠴᠢᠯᠭᠡ ᠶ᠋ᠢ ᠥᠩᠭᠡᠷᠡᠭᠰᠡᠨ ᠦ᠌ ᠲᠥᠪ ᠪᠢᠴᠢᠯᠭᠡ ᠶ᠋ᠢᠨ ᠰᠠᠭᠤᠷᠢᠨ ᠳᠡᠭᠡᠷ᠎ᠡ ᠦᠷᠭᠦᠯᠵᠢᠯᠡᠨ ᠰᠢᠨᠡᠳᠬᠡᠨ ᠥᠷᠭᠡᠳᠬᠡᠬᠦ ᠵᠠᠮ ᠢ᠋ ᠰᠦᠪᠡᠭᠴᠢᠯᠡᠵᠦ ᠥᠪᠡᠷ ᠦ᠋ᠨ ᠢ᠋ᠶ᠋ᠡᠨ ᠭᠡᠬᠦ ᠰᠢᠨ᠎ᠡ ᠨᠢᠭᠡᠨ ᠲᠢᠭ ᠬᠡᠯᠪᠡᠷᠢ ᠶ᠋ᠢ ᠪᠣᠰᠬᠠᠨ᠎ᠠ ᠭᠡᠮᠡᠨ ᠤᠳᠠᠭᠠᠨ ᠬᠤᠭᠤᠴᠠᠭ᠎ᠠ ᠰᠢᠮᠳᠠᠨ ᠰᠤᠳᠤᠯᠵᠤ ᠢᠷᠡᠵᠡᠢ᠃
1. ᠥᠩᠭᠡᠷᠡᠭᠰᠡᠨ ᠦ᠌ ᠪᠢᠴᠢᠯᠭᠡ ᠬᠡᠯᠪᠡᠷᠢ ᠪᠡᠷ ᠰᠠᠭᠤᠷᠢ ᠪᠣᠯᠭᠠᠵᠠᠢ
ᠠᠳᠠᠯᠢᠪᠢᠰᠢ᠂ ᠬᠠᠸᠠᠩᠵᠠᠪ᠂ ᠴᠸᠨ ᠴᠢᠩ ᠴᠦᠨ᠂ ᠠᠮᠢᠨ᠂ ᠠᠢᠯ᠂ ᠪᠠᠢ ᠶᠦᠨ ᠱᠠᠨ᠂ ᠨᠠᠢᠷᠠᠯᠲᠤ᠂ ᠡᠷᠳᠡᠨᠢᠪᠦ᠋ᠬᠡ᠂ ᠪᠤᠤᠱᠠᠨ᠂ ᠸᠠᠩᠴᠤᠭ ᠵᠡᠷᠭᠡ ᠠᠬᠠᠮᠠᠳ ᠨᠢᠭᠡ ᠦᠶ᠎ᠡ ᠶ᠋ᠢᠨ ᠬᠥᠮᠦᠰ ᠦ᠋ᠨ ᠭᠣᠶᠣ ᠰᠠᠢᠬᠠᠨ ᠲᠥᠪ ᠪᠢᠴᠢᠯᠭᠡ ᠶ᠋ᠢ ᠨᠢᠭᠡ ᠨᠢᠭᠡ ᠰᠢᠳᠦ ᠠᠷᠠᠭ᠎ᠠ᠂ ᠭᠡᠳᠡᠰᠦ ᠬᠥᠩᠬᠥᠷ᠂ ᠳᠤᠰᠤᠯ ᠴᠡᠭ᠂ ᠲᠣᠯᠣᠭᠠᠢ ᠰᠡᠭᠦᠯ᠂ ᠭᠡᠵᠢᠭᠡ ᠡᠪᠡᠷ ᠵᠡᠷᠭᠡ ᠵᠢᠷᠤᠯᠭ᠎ᠠ ᠪᠣᠯᠭᠠᠨ ᠢ᠋ ᠨᠠᠷᠢᠨ ᠰᠤᠳᠤᠯᠵᠤ᠂ ᠳᠠᠭᠤᠷᠢᠶᠠᠨ ᠪᠢᠴᠢᠵᠦ ᠪᠠᠢᠭᠰᠠᠨ ᠰᠠᠭᠤᠷᠢᠨ ᠳᠡᠭᠡᠷ᠎ᠡ 《ᠪᠠᠢ ᠪᠥᠬᠡ ᠶ᠋ᠢᠨ ᠳᠡᠭᠦᠯᠢᠮᠡ ᠰᠠᠢᠬᠠᠨ ᠪᠢᠴᠢᠯᠭᠡ 》 ᠶ᠋ᠢ ᠡᠭᠦᠳᠦᠨ ᠪᠦᠲᠦᠭᠡᠵᠦ᠂ ᠮᠣᠩᠭᠣᠯ ᠤᠷᠠᠨ ᠪᠢᠴᠢᠯᠭᠡ ᠶ᠋ᠢᠨ ᠬᠥᠭᠵᠢᠯᠲᠡ ᠳ᠋ᠦ᠍ ᠰᠢᠨ᠎ᠡ ᠨᠢᠭᠡᠨ ᠪᠢᠴᠢᠯᠭᠡ ᠶ᠋ᠢᠨ ᠬᠡᠯᠪᠡᠷᠢ ᠶ᠋ᠢ ᠪᠣᠢ ᠪᠣᠯᠭᠠᠵᠤ᠂ ᠮᠠᠰᠢ ᠣᠯᠠᠨ ᠬᠥᠮᠦᠰ ᠦ᠋ᠨ ᠪᠠᠬᠠᠷᠬᠠᠯ ᠪᠢᠰᠢᠷᠡᠯ ᠢ᠋ ᠣᠯᠵᠤ᠂ ᠳᠠᠭᠤᠷᠢᠶᠠᠨ ᠰᠤᠷᠤᠯᠴᠠᠬᠤ ᠵᠠᠮ ᠢ᠋ᠶ᠋ᠠᠷ ᠬᠥᠲᠥᠯᠦᠨ ᠳᠠᠭᠠᠭᠤᠯᠤᠭᠰᠠᠨ ᠶᠤᠮ᠃
2. ᠰᠢᠨ᠎ᠡ ᠪᠢᠴᠢᠯᠭᠡ ᠶ᠋ᠢ ᠡᠭᠦᠳᠦᠨ ᠪᠦᠲᠦᠭᠡᠵᠡᠢ
ᠪᠠᠢ ᠪᠥᠬᠡ ᠤᠷᠲᠤ ᠬᠤᠭᠤᠴᠠᠭᠠᠨ ᠤ᠋ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠬᠥᠮᠦᠵᠢᠯ ᠪᠣᠯᠤᠨ ᠡᠷᠳᠡᠮ ᠰᠢᠨᠵᠢᠯᠡᠭᠡᠨ ᠬᠢᠬᠦ ᠶᠠᠪᠤᠴᠠ ᠳ᠋ᠤ᠌ ᠪᠠᠨ ᠥᠪᠡᠷ ᠲᠡᠭᠡᠨ ᠰᠢᠨ᠎ᠡ ᠨᠢᠭᠡᠨ ᠪᠢᠴᠢᠯᠭᠡ ᠶ᠋ᠢ ᠡᠭᠦᠳᠦᠨ ᠪᠦᠲᠦᠭᠡᠭᠰᠡᠨ ᠮᠥᠷᠲᠡᠭᠡᠨ ᠥᠷᠭᠡᠨ ᠣᠯᠠᠨ ᠢᠳᠡᠷ ᠵᠠᠯᠠᠭᠤ ᠨᠠᠰᠤᠨ ᠤ᠋ ᠮᠣᠩᠭᠣᠯ ᠤᠷᠠᠨ ᠪᠢᠴᠢᠯᠭᠡᠲᠡᠳ ᠢ᠋ ᠰᠡᠩᠬᠡᠷᠡᠭᠦᠯᠦᠨ ᠬᠥᠮᠦᠵᠢᠭᠦᠯᠵᠦ《ᠵᠠᠪᠠᠯ ᠰᠢᠨ᠎ᠡ ᠶ᠋ᠢ ᠡᠭᠦᠳᠴᠦ᠂ ᠰᠣᠨᠢᠨ ᠬᠠᠴᠢᠨ ᠪᠢᠴᠢᠯᠭᠡ ᠶ᠋ᠢ ᠬᠥᠭᠡᠭᠡᠴᠡᠯᠳᠦᠬᠦ ᠬᠡᠷᠡᠭᠲᠡᠢ᠂ ᠵᠠᠪᠠᠯ ᠥᠪᠡᠷ ᠦ᠋ᠨ ᠬᠡᠪ ᠨᠠᠮᠪᠠ ᠲᠠᠢ ᠪᠢᠴᠢᠯᠭᠡ ᠬᠡᠯᠪᠡᠷᠢ ᠲᠡᠢ ᠪᠣᠯᠬᠤ ᠬᠡᠷᠡᠭᠲᠡᠢ᠂ ᠢᠩᠭᠢᠮᠡᠨᠵᠢᠨ ᠰᠠᠶᠢ ᠮᠠᠨ ᠤ᠋ ᠮᠣᠩᠭᠣᠯ ᠤᠷᠠᠨ ᠪᠢᠴᠢᠯᠭᠡ ᠴᠡᠴᠡᠭᠯᠡᠨ ᠳᠡᠯᠭᠡᠷᠡᠵᠦ ᠬᠥᠭᠵᠢᠨ ᠪᠠᠳᠠᠷᠠᠵᠤ ᠴᠢᠳᠠᠬᠤ ᠶᠤᠮ ᠭᠡᠳᠡᠭ᠃
3. ᠪᠤᠰᠤᠳ ᠢ᠋ ᠳᠠᠢᠴᠢᠯᠠᠨ ᠵᠢᠯᠣᠭᠣᠳᠪᠠ
ᠲᠡᠭᠦᠨ ᠦ᠌ ᠰᠡᠩᠬᠡᠷᠡᠭᠦᠯᠦᠯ ᠪᠣᠯᠤᠨ ᠵᠢᠭᠠᠨ ᠵᠢᠯᠣᠭᠣᠳᠤᠯᠭ᠎ᠠ ᠶ᠋ᠢᠨ ᠳᠣᠣᠷ᠎ᠠ ᠳᠡᠭᠵᠢᠯᠲᠦ᠂ ᠰᠡᠴᠡᠨᠳᠤᠶᠠᠭ᠎ᠠ᠂ ᠮᠥᠩᠭᠦᠨᠴᠡᠴᠡᠭ᠂ ᠲᠦᠪᠰᠢᠨ ᠵᠡᠷᠭᠡ ᠨᠡᠩ ᠣᠯᠠᠨ ᠵᠠᠯᠠᠭᠤ ᠤᠷᠠᠨ ᠪᠢᠴᠢᠯᠭᠡᠲᠡᠳ ᠪᠦᠷ ᠥᠪᠡᠷ ᠥᠪᠡᠷ ᠦ᠋ᠨ ᠬᠡᠪ ᠨᠠᠮᠪᠠ ᠲᠠᠢ ᠪᠢᠴᠢᠯᠭᠡ ᠪᠡᠨ ᠦᠷᠭᠦᠯᠵᠢᠯᠡᠨ ᠪᠠᠷᠢᠮᠲᠠᠯᠠᠨ ᠪᠢᠴᠢᠵᠦ᠂ ᠬᠤᠪᠢ ᠬᠤᠪᠢ ᠶ᠋ᠢᠨ ᠣᠨᠴᠠᠯᠢᠭ ᠲᠠᠢ ᠰᠢᠨ᠎ᠡ ᠰᠠᠢᠬᠠᠨ ᠪᠢᠴᠢᠯᠭᠡ ᠬᠡᠯᠪᠡᠷᠢ ᠲᠡᠢ ᠪᠣᠯᠤᠨ ᠬᠥᠮᠦᠵᠢᠭᠳᠡᠵᠦ ᠪᠠᠢᠨ᠎ᠠ᠃
ᠳᠥᠷᠪᠡ᠂ ᠮᠣᠩᠭᠣᠯ ᠤᠷᠠᠨ ᠪᠢᠴᠢᠯᠭᠡ ᠶ᠋ᠢ ᠲᠦᠭᠡᠮᠡᠯᠵᠢᠭᠦᠯᠦᠨ ᠳᠡᠯᠭᠡᠷᠡᠭᠦᠯᠦᠭᠰᠡᠨ ᠨᠢ
ᠪᠠᠢ ᠪᠥᠬᠡ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠬᠥᠮᠦᠵᠢᠯ᠂ ᠡᠷᠳᠡᠮ ᠰᠢᠨᠵᠢᠯᠡᠭᠡᠨ᠂ ᠦᠵᠡᠰᠬᠦᠯᠡᠩ ᠪᠣᠯᠤᠨ ᠣᠯᠠᠨ ᠵᠦᠢᠯ ᠦ᠋ᠨ ᠬᠥᠳᠡᠯᠭᠡᠭᠡᠨ ᠢ᠋ᠶ᠋ᠡᠷ ᠢ᠋ᠶ᠋ᠡᠨ ᠮᠣᠩᠭᠣᠯ ᠤᠷᠠᠨ ᠪᠢᠴᠢᠯᠭᠡ ᠶ᠋ᠢ ᠲᠦᠭᠡᠮᠡᠯᠵᠢᠭᠦᠯᠦᠨ ᠳᠡᠯᠭᠡᠷᠡᠭᠦᠯᠪᠡ᠃
1. ᠬᠢᠴᠢᠶᠡᠯ ᠬᠥᠮᠦᠵᠢᠯ ᠢ᠋ᠶ᠋ᠡᠷ ᠢ᠋ᠶ᠋ᠡᠨ ᠲᠦᠭᠡᠮᠡᠯᠵᠢᠭᠦᠯᠦᠨ ᠳᠡᠯᠭᠡᠷᠡᠭᠦᠯᠪᠡ
ᠬᠠᠮᠤᠭ ᠲᠦᠷᠦᠭᠦᠦ ᠪᠦᠬᠦ ᠤᠯᠤᠰ ᠤ᠋ᠨ ᠶᠡᠬᠡ ᠳᠡᠭᠡᠳᠦ ᠰᠤᠷᠭᠠᠭᠤᠯᠢ ᠳ᠋ᠤ᠌ ᠬᠡᠷᠡᠭᠯᠡᠬᠦ ᠮᠣᠩᠭᠣᠯ ᠤᠷᠠᠨ ᠪᠢᠴᠢᠯᠭᠡ ᠶ᠋ᠢᠨ ᠵᠢᠭᠠᠬᠤ ᠪᠢᠴᠢᠭ ᠢ᠋ ᠨᠠᠢᠷᠠᠭᠤᠯᠵᠤ᠂ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠢ᠋ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠬᠥᠮᠦᠰ ᠲᠦ᠍ ᠬᠠᠮᠤᠭ ᠤ᠋ᠨ ᠲᠦᠷᠦᠭᠦᠨ ᠳ᠋ᠦ᠍ ᠬᠠᠮᠤᠭ ᠤ᠋ᠨ ᠤᠷᠲᠤ ᠬᠤᠭᠤᠴᠠᠭ᠎ᠠ ᠪᠠᠷ ᠬᠠᠮᠤᠭ ᠤ᠋ᠨ ᠥᠷᠭᠡᠨ ᠬᠡᠪᠴᠢᠶ᠎ᠡ ᠪᠡᠷ ᠵᠢᠭᠠᠨ ᠰᠤᠷᠭᠠᠵᠤ᠂ ᠦᠢ ᠣᠯᠠᠨ ᠬᠥᠮᠦᠰ ᠲᠦ᠍ ᠮᠣᠩᠭᠣᠯ ᠤᠷᠠᠨ ᠪᠢᠴᠢᠯᠭᠡ ᠪᠡᠨ ᠤᠬᠠᠭᠤᠯᠤᠨ ᠳᠡᠯᠭᠡᠷᠡᠭᠦᠯᠦᠭᠰᠡᠨ ᠪᠠᠢᠨ᠎ᠠ᠃
2. ᠡᠷᠳᠡᠮ ᠰᠢᠨᠵᠢᠯᠡᠭᠡᠨ ᠢ᠋ᠶ᠋ᠡᠷ ᠢ᠋ᠶ᠋ᠡᠨ ᠲᠦᠭᠡᠮᠡᠯᠵᠢᠭᠦᠯᠦᠨ ᠳᠡᠯᠭᠡᠷᠡᠭᠦᠯᠪᠡ
(1) ᠭᠤᠴᠢ ᠭᠠᠷᠤᠢ ᠥᠭᠦᠯᠡᠯ ᠵᠣᠬᠢᠶᠠᠯ ᠨᠡᠢᠲᠡᠯᠡᠵᠦ᠂ ᠬᠥᠬᠡᠬᠣᠲᠠ᠂ ᠪᠡᠭᠡᠵᠢᠩ᠂ ᠤᠯᠠᠭᠠᠨᠪᠠᠭᠠᠲᠤᠷ᠂ ᠣᠷᠣᠰ᠂ ᠶᠠᠫᠣᠨ ᠵᠡᠷᠭᠡ ᠭᠠᠵᠠᠷ ᠣᠷᠣᠨ ᠤ᠋ ᠣᠯᠠᠨ ᠤᠯᠤᠰ ᠤ᠋ᠨ ᠮᠣᠩᠭᠣᠯᠴᠢ ᠡᠷᠳᠡᠮᠲᠡᠳ ᠦ᠋ᠨ ᠡᠷᠳᠡᠮ ᠰᠢᠨᠵᠢᠯᠡᠭᠡᠨ ᠦ᠌ ᠬᠤᠷᠠᠯ ᠳᠡᠭᠡᠷ᠎ᠡ ᠮᠣᠩᠭᠣᠯ ᠤᠷᠠᠨ ᠪᠢᠴᠢᠯᠭᠡ ᠶ᠋ᠢᠨ ᠥᠭᠦᠯᠡᠯ ᠢ᠋ᠶ᠋ᠡᠨ ᠤᠩᠰᠢᠨ᠂ ᠥᠪᠡᠷ ᠦ᠋ᠨ ᠦᠵᠡᠯᠲᠡ ᠲᠠᠨᠢᠯᠲᠠ ᠪᠠᠨ ᠳᠤᠷᠠᠳᠴᠤ᠂ᠮᠣᠩᠭᠣᠯ ᠤᠷᠠᠨ ᠪᠢᠴᠢᠯᠭᠡ ᠪᠡᠨ ᠤᠬᠠᠭᠤᠯᠪᠠ᠃
(2) ᠠᠷᠪᠠᠭᠠᠳ ᠨᠣᠮ ᠳᠡᠪᠲᠡᠷ ᠬᠡᠪᠯᠡᠭᠦᠯᠵᠦ᠂ᠥᠩᠭᠡᠷᠡᠭᠰᠡᠨ ᠦ᠌ ᠬᠣᠭᠣᠰᠣᠨ ᠢ᠋ ᠨᠥᠬᠥᠪᠥᠷᠢᠯᠡᠨ᠂ ᠤᠯᠤᠰ ᠤ᠋ᠨ ᠳᠣᠲᠣᠷ᠎ᠠ ᠭᠠᠳᠠᠨᠠᠬᠢ ᠮᠣᠩᠭᠣᠯᠴᠢ ᠡᠷᠳᠡᠮᠲᠡᠳ ᠦ᠋ᠨ ᠮᠠᠭᠲᠠᠭᠠᠯ ᠰᠠᠢᠰᠢᠶᠠᠯ ᠢ᠋ ᠣᠯᠤᠭᠰᠠᠨ ᠪᠠᠢᠨ᠎ᠠ᠃ ᠮᠣᠩᠭᠣᠯ᠂ ᠹᠷᠠᠨᠼᠢ᠂ ᠴᠧᠺ ᠵᠡᠷᠭᠡ ᠤᠯᠤᠰ ᠤ᠋ᠨ ᠵᠠᠷᠢᠮ ᠠᠰᠫᠢᠷᠠᠨᠲ ᠪᠠᠢ ᠪᠥᠬᠡ ᠶ᠋ᠢᠨ ᠨᠣᠮ ᠳᠡᠪᠲᠡᠷ ᠢ᠋ ᠵᠢᠭᠡᠯᠡᠨ ᠯᠠᠪᠯᠠᠵᠤ᠂ ᠥᠪᠡᠷ ᠦ᠋ᠨ ᠤᠯᠤᠰ ᠲᠠᠭᠠᠨ ᠮᠣᠩᠭᠣᠯ ᠤᠷᠠᠨ ᠪᠢᠴᠢᠯᠭᠡ ᠪᠡᠷ ᠠᠰᠫᠢᠷᠠᠨᠲ ᠤ᠋ᠨ ᠴᠣᠯᠠ ᠬᠠᠮᠠᠭᠠᠯᠠᠭᠰᠠᠨ ᠬᠥᠮᠦᠰ ᠴᠦ᠍ ᠪᠠᠢᠨ᠎ᠠ᠃
3. ᠨᠡᠢᠭᠡᠮᠯᠢᠭ ᠦ᠋ᠨ ᠬᠥᠳᠡᠯᠭᠡᠭᠡᠨ ᠢ᠋ᠶ᠋ᠡᠷ ᠢ᠋ᠶ᠋ᠡᠨ ᠲᠦᠭᠡᠮᠡᠯᠵᠢᠭᠦᠯᠦᠨ ᠳᠡᠯᠭᠡᠷᠡᠭᠦᠯᠵᠦ ᠶᠠᠪᠤᠵᠠᠢ
(1) ᠪᠠᠢ ᠪᠥᠬᠡ 2004 ᠣᠨ ᠳ᠋ᠤ᠌ ᠪᠠ · ᠣᠷᠭᠢᠯ᠂ ᠪᠠᠶᠠᠨᠬᠦᠤ᠂ ᠭᠡᠢᠷᠡᠨᠡ᠂ ᠸᠠᠴᠢᠷ᠂ ᠪᠤᠯᠠᠭ᠂ ᠪᠤᠤᠱᠠᠨ ᠵᠡᠷᠭᠡ ᠮᠣᠩᠭᠣᠯ ᠤᠷᠠᠨ ᠪᠢᠴᠢᠯᠭᠡᠲᠡᠳ ᠲᠡᠢ ᠪᠡᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠢ᠋ ᠡᠭᠦᠰᠬᠡᠨ ᠪᠠᠢᠭᠤᠯᠵᠤ᠂ ᠵᠢᠯ ᠪᠦᠷᠢ ᠪᠦᠬᠦ ᠣᠷᠣᠨ᠂ ᠪᠦᠬᠦ ᠤᠯᠤᠰ ᠶᠤᠮ ᠤᠤ ᠪᠦᠬᠦ ᠳᠡᠯᠡᠬᠡᠢ ᠶ᠋ᠢᠨ ᠬᠡᠪᠴᠢᠶᠡᠨ ᠦ᠌ ᠮᠣᠩᠭᠣᠯ ᠤᠷᠠᠨ ᠪᠢᠴᠢᠯᠭᠡ ᠶ᠋ᠢᠨ ᠬᠥᠳᠡᠯᠭᠡᠭᠡᠨ ᠥᠷᠨᠢᠭᠦᠯᠳᠡᠭ᠃
(2) ᠬᠠᠮᠢᠶ᠎ᠠ ᠪᠦᠬᠦᠢ ᠠᠢᠮᠠᠭ᠂ ᠬᠣᠲᠠ᠂ ᠬᠣᠰᠢᠭᠤ᠂ ᠰᠢᠶᠠᠨ ᠤ᠋ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠢ᠋ ᠴᠦ᠍ ᠤᠷᠢᠳ ᠬᠣᠵᠢᠳ ᠵᠢᠯᠣᠭᠣᠳᠤᠨ ᠪᠠᠢᠭᠤᠯᠵᠤ᠂ ᠣᠯᠠᠨ ᠵᠦᠢᠯ ᠦ᠋ᠨ ᠬᠥᠳᠡᠯᠭᠡᠭᠡᠨ ᠥᠷᠨᠢᠭᠦᠯᠦᠭᠰᠡᠨ ᠪᠠᠢᠨ᠎ᠠ᠃ ᠣᠳᠣᠬᠠᠨ ᠳ᠋ᠤ᠌ ᠲᠦᠩᠯᠢᠶᠣᠣ ᠬᠣᠲᠠ ᠶ᠋ᠢᠨ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ᠂ ᠲᠦᠩᠯᠢᠶᠣᠣ ᠬᠣᠲᠠ ᠶ᠋ᠢᠨ ᠬᠣᠢᠲᠤ ᠬᠤᠰᠢᠭᠤᠨ ᠤ᠋ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ᠂ ᠤᠯᠠᠭᠠᠨᠬᠠᠳᠠ ᠶ᠋ᠢᠨ ᠪᠠᠭᠠᠷᠢᠨ ᠪᠠᠷᠠᠭᠤᠨ ᠬᠤᠰᠢᠭᠤᠨ ᠤ᠋ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ᠂ ᠣᠷᠳᠣᠰ ᠬᠣᠲᠠ ᠶ᠋ᠢᠨ ᠣᠲᠣᠭ ᠬᠤᠰᠢᠭᠤᠨ ᠤ᠋ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ᠂ ᠪᠠᠶᠠᠨᠨᠠᠭᠤᠷ ᠬᠣᠲᠠ ᠶ᠋ᠢᠨ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠵᠡᠷᠭᠡ ᠬᠣᠷᠢ ᠭᠠᠷᠤᠢ ᠨᠡᠢᠭᠡᠮᠯᠢᠭ ᠤᠷᠢᠳ ᠬᠣᠵᠢᠳ ᠪᠠᠢᠭᠤᠯᠤᠭᠳᠠᠵᠤ᠂ᠣᠷᠣᠨ᠂ ᠬᠣᠲᠠ᠂ ᠠᠢᠮᠠᠭ᠂ ᠬᠣᠰᠢᠭᠤ ᠰᠢᠶᠠᠨ ᠤ᠋ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠭᠡᠰᠢᠭᠦᠳ ᠡᠳᠦᠷ ᠢᠷᠡᠬᠦᠶ᠎ᠡ ᠣᠯᠠᠰᠢᠷᠠᠵᠤ᠂ ᠮᠣᠩᠭᠣᠯ ᠤᠷᠠᠨ ᠪᠢᠴᠢᠯᠭᠡ ᠶ᠋ᠢᠨ ᠶᠠᠷᠢᠯᠴᠠᠨ ᠰᠤᠳᠤᠯᠬᠤ ᠬᠤᠷᠠᠯ᠂ ᠮᠣᠩᠭᠣᠯ ᠤᠷᠠᠨ ᠪᠢᠴᠢᠯᠭᠡ ᠶ᠋ᠢᠨ ᠦᠵᠡᠰᠬᠦᠯᠡᠩ᠂ ᠮᠣᠩᠭᠣᠯ ᠤᠷᠠᠨ ᠪᠢᠴᠢᠯᠭᠡᠲᠡᠳ ᠦ᠋ᠨ ᠪᠢᠷ ᠦ᠋ᠨ ᠴᠢᠭᠤᠯᠭᠠᠨ᠂ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠬᠥᠮᠦᠵᠢᠯ ᠵᠡᠷᠭᠡ ᠣᠯᠠᠨ ᠵᠦᠢᠯ ᠦ᠋ᠨ ᠬᠥᠳᠡᠯᠭᠡᠭᠡᠨ ᠢ᠋ ᠦᠷᠭᠦᠯᠵᠢᠯᠡᠨ ᠥᠷᠨᠢᠭᠦᠯᠵᠦ ᠪᠠᠢᠨ᠎ᠠ᠃
(3) 2009 ᠣᠨ ᠤ᠋ 12 ᠰᠠᠷ᠎ᠠ ᠳ᠋ᠤ᠌ ᠨᠡᠢᠭᠡᠮᠯᠢᠭ ᠦ᠋ᠨ ᠪᠤᠰᠤᠳ ᠳᠠᠷᠤᠭ᠎ᠠ ᠨᠠᠷ ᠲᠠᠢ ᠪᠠᠨ ᠬᠥᠬᠡᠬᠣᠲᠠ ᠳ᠋ᠤ᠌ ᠮᠣᠩᠭᠣᠯ ᠤᠷᠠᠨ ᠪᠢᠴᠢᠯᠭᠡ ᠶ᠋ᠢᠨ《ᠵᠠᠭᠤᠨ ᠬᠥᠮᠦᠨ ᠦ᠌ ᠪᠢᠷ ᠦ᠋ᠨ ᠴᠢᠭᠤᠯᠭᠠᠨ》 ᠢ᠋ ᠵᠣᠬᠢᠶᠠᠨ ᠪᠠᠢᠭᠤᠯᠪᠠ᠃
(4) 2014 ᠣᠨ ᠤ᠋ 2 ᠰᠠᠷ᠎ᠠ ᠳ᠋ᠤ᠌ ᠨᠡᠢᠭᠡᠮᠯᠢᠭ ᠦ᠋ᠨ ᠪᠤᠰᠤᠳ ᠳᠠᠷᠤᠭ᠎ᠠ ᠨᠠᠷ ᠢ᠋ ᠬᠠᠪᠰᠤᠷᠤᠨ ᠬᠥᠬᠡᠬᠣᠲᠠ ᠳ᠋ᠤ᠌ ᠨᠠᠢ᠍ᠮᠠᠨ ᠮᠣᠵᠢ ᠣᠷᠣᠨ ᠤ᠋ ᠮᠣᠩᠭᠣᠯ ᠤᠷᠠᠨ ᠪᠢᠴᠢᠯᠭᠡ ᠶ᠋ᠢᠨ ᠲᠧᠯᠸᠢᠰ ᠤᠷᠤᠯᠳᠤᠭᠠᠨ ᠢ᠋ ᠵᠣᠬᠢᠶᠠᠨ ᠪᠠᠢᠭᠤᠯᠪᠠ᠃
4. ᠤᠷᠠᠨ ᠪᠦᠲᠦᠭᠡᠯ ᠢ᠋ᠶ᠋ᠡᠷ ᠢ᠋ᠶ᠋ᠡᠨ ᠲᠦᠭᠡᠮᠡᠯᠵᠢᠭᠦᠯᠦᠨ ᠳᠡᠯᠭᠡᠷᠡᠭᠦᠯᠪᠡ
(1) ᠪᠠᠢ ᠪᠥᠬᠡ ᠶ᠋ᠢᠨ ᠭᠣᠶᠣ ᠰᠠᠢᠬᠠᠨ ᠤᠷᠠᠨ ᠪᠦᠲᠦᠭᠡᠯ ᠨᠢ ᠤᠷᠠᠨ ᠵᠢᠷᠤᠭ ᠲᠠᠢ ᠠᠳᠠᠯᠢ ᠪᠠᠷ ᠬᠥᠮᠦᠰ ᠦ᠋ᠨ ᠠᠮᠢᠳᠤᠷᠠᠯ ᠳ᠋ᠤ᠌ ᠪᠠᠢᠪᠠᠰᠤ ᠵᠣᠬᠢᠬᠤ ᠨᠢᠭᠡ ᠵᠦᠢᠯ ᠦ᠋ᠨ ᠦᠵᠡᠨ ᠰᠣᠨᠢᠷᠬᠠᠬᠤ ᠤᠷᠠᠯᠢᠭ ᠤ᠋ᠨ ᠵᠦᠢᠯ ᠪᠣᠯᠵᠤ ᠬᠠᠳᠠᠭᠠᠯᠠᠨ ᠬᠤᠷᠢᠶᠠᠬᠤ ᠪᠤᠶᠤ ᠭᠡᠷ ᠥᠷᠥᠭᠡ ᠶ᠋ᠢᠨ ᠵᠠᠰᠠᠯ ᠴᠢᠮᠡᠭᠯᠡᠯ ᠪᠣᠯᠭᠠᠬᠤ ᠪᠠᠰᠠ ᠨᠣᠮ ᠳᠡᠪᠲᠡᠷ ᠦ᠋ᠨ ᠬᠠᠪᠢᠰᠤ᠂ ᠲᠧᠯᠸᠢᠰ ᠦ᠋ᠨ ᠴᠡᠭᠡᠨ ᠬᠥᠰᠢᠭᠡᠨ ᠳᠡᠭᠡᠷᠡᠬᠢ ᠦᠰᠦᠭ᠂ ᠵᠤᠭᠠᠴᠠᠯ ᠤ᠋ᠨ ᠳᠤᠷᠠᠰᠬᠠᠯᠲᠤ ᠪᠣᠳᠠᠰ᠂ ᠵᠠᠰᠠᠯ ᠴᠢᠮᠡᠭᠯᠡᠯ ᠦ᠋ᠨ ᠡᠳ᠋ ᠪᠦᠲᠦᠭᠡᠭᠳᠡᠬᠦᠨ ᠳᠡᠭᠡᠷ᠎ᠡ ᠥᠷᠭᠡᠨ ᠬᠡᠪᠴᠢᠶ᠎ᠡ ᠪᠡᠷ ᠨᠠᠨᠳᠢᠩᠨᠠᠨ ᠬᠡᠷᠡᠭᠯᠡᠭᠳᠡᠵᠦ ᠪᠠᠢᠨ᠎ᠠ᠃
(2) ᠤᠯᠤᠰ ᠤ᠋ᠨ ᠳᠣᠲᠣᠷ᠎ᠠ ᠭᠠᠳᠠᠨ᠎ᠠ ᠠᠳᠠᠯᠢ ᠪᠤᠰᠤ ᠬᠡᠮᠵᠢᠶ᠎ᠡ ᠪᠡᠷ ᠬᠤᠪᠢ ᠬᠥᠮᠦᠨ ᠪᠣᠯᠤᠨ ᠬᠠᠮᠲᠤ ᠨᠡᠢᠲᠡ ᠳ᠋ᠦ᠍ ᠨᠠᠨᠳᠢᠩᠨᠠᠨ ᠬᠠᠳᠠᠭᠠᠯᠠᠭᠳᠠᠵᠤ᠂ ᠠᠮᠧᠷᠢᠺᠠ᠂ᠣᠷᠣᠰ᠂ ᠶᠠᠫᠣᠨ᠂ ᠺᠠᠨᠠᠳᠠ᠂ ᠭᠧᠷᠮᠠᠨ᠂ ᠹᠷᠠᠨᠼᠢ᠂ ᠠᠩᠭ᠌ᠯᠢ᠂ ᠠᠦ᠋ᠰᠲ᠋ᠷᠠᠯᠢᠶ᠎ᠠ᠂ ᠮᠣᠩᠭᠣᠯ᠂ ᠴᠧᠺ᠂ ᠰᠣᠯᠣᠩᠭᠣᠰ ᠵᠡᠷᠭᠡ ᠠᠷᠪᠠ ᠭᠠᠷᠤᠢ ᠤᠯᠤᠰ ᠣᠷᠣᠨ ᠢ᠋ᠶ᠋ᠠᠷ ᠪᠡᠯᠡᠭ ᠰᠡᠯᠲᠡ ᠪᠣᠯᠭᠠᠨ ᠬᠦᠷᠭᠡᠭᠳᠡᠵᠦ ᠪᠠᠢᠨ᠎ᠠ᠃
(3) 2013 ᠣᠨ ᠤ᠋ 11 ᠰᠠᠷ᠎ᠠ ᠳ᠋ᠤ᠌《ᠥᠪᠥᠷ ᠮᠣᠩᠭᠣᠯ ᠤ᠋ᠨ ᠡᠳ᠋ ᠪᠣᠳᠠᠰ ᠤ᠋ᠨ ᠰᠣᠯᠢᠯᠴᠠᠭᠠᠨ ᠤ᠋ ᠨᠡᠢᠭᠡᠮᠯᠢᠭ》 ᠡᠴᠡ ᠪᠠᠢ ᠪᠥᠬᠡ ᠫᠷᠣᠹᠧᠰᠰᠣᠷ ᠤ᠋ᠨ ᠮᠣᠩᠭᠣᠯ ᠤᠷᠠᠨ ᠪᠢᠴᠢᠯᠭᠡ ᠪᠡᠷ 5 ᠲᠦᠮᠡ ᠢᠯᠡᠭᠦᠦ ᠲᠥᠭᠥᠷᠢᠭ ᠦ᠋ᠨ ᠡᠳ᠋ ᠪᠣᠳᠠᠰ (ᠬᠡᠦᠬᠡᠳ ᠦ᠋ᠨ ᠰᠢᠨ᠎ᠡ ᠬᠤᠪᠴᠠᠰᠤ ᠬᠤᠨᠠᠷ) ᠰᠣᠯᠢᠵᠤ᠂ ᠬᠥᠬᠡᠬᠣᠲᠠ ᠶ᠋ᠢᠨ ᠤᠯᠠᠭᠠᠨ ᠵᠠᠭᠠᠯᠮᠠᠢᠲᠠᠨ ᠤ᠋ ᠬᠤᠷᠠᠯ ᠳ᠋ᠤ᠌ ᠪᠡᠯᠡᠭᠯᠡᠪᠡ᠃
(4) ᠪᠠᠢ ᠪᠥᠬᠡ ᠶ᠋ᠢᠨ ᠤᠷᠠᠨ ᠪᠦᠲᠦᠭᠡᠯ ᠨᠢ ᠬᠡᠷᠡᠭᠯᠡᠭᠡᠨ ᠦ᠌ ᠦᠨ᠎ᠡ ᠥᠷᠲᠡᠭ ᠡᠴᠡ ᠪᠡᠨ ᠰᠣᠨᠢᠷᠬᠠᠯ ᠤ᠋ᠨ ᠦᠨ᠎ᠡ ᠥᠷᠲᠡᠭ ᠲᠡᠢ ᠪᠣᠯᠵᠤ ᠢᠷᠡᠭᠰᠡᠨ ᠪᠣᠯᠬᠣᠷ ᠤᠯᠤᠰ ᠤ᠋ᠨ ᠳᠣᠲᠣᠷ᠎ᠠ ᠭᠠᠳᠠᠨᠠᠬᠢ ᠬᠥᠮᠦᠰ ᠵᠣᠭᠣᠰ ᠮᠥᠩᠭᠥ ᠪᠡᠷ ᠬᠤᠳᠠᠯᠳᠤᠨ ᠠᠪᠬᠤ ᠬᠡᠮᠵᠢᠶᠡᠨ ᠳ᠋ᠦ᠍ ᠬᠦᠷᠴᠡᠢ᠃
5. ᠦᠵᠡᠰᠬᠦᠯᠡᠩ ᠢ᠋ᠶ᠋ᠡᠷ ᠢ᠋ᠶ᠋ᠡᠨ ᠲᠦᠭᠡᠮᠡᠯᠵᠢᠭᠦᠯᠦᠨ ᠳᠡᠯᠭᠡᠷᠡᠭᠦᠯᠪᠡ
ᠪᠠᠢ ᠪᠥᠬᠡ ᠣᠯᠠᠨ ᠤᠳᠠᠭ᠎ᠠ ᠣᠷᠣᠨ ᠤ᠋ ᠳᠣᠲᠣᠷ᠎ᠠ ᠭᠠᠳᠠᠨ᠎ᠠ ᠬᠤᠪᠢ ᠬᠥᠮᠦᠨ ᠪᠣᠯᠤᠨ ᠬᠠᠮᠲᠤ ᠨᠡᠢᠲᠡ ᠶ᠋ᠢᠨ ᠮᠣᠩᠭᠣᠯ ᠤᠷᠠᠨ ᠪᠢᠴᠢᠯᠭᠡ ᠶ᠋ᠢᠨ ᠦᠵᠡᠰᠬᠦᠯᠡᠩ ᠭᠠᠷᠭᠠᠵᠤ᠂ ᠮᠣᠩᠭᠣᠯ ᠤᠷᠠᠨ ᠪᠢᠴᠢᠯᠭᠡ ᠪᠡᠨ ᠭᠠᠢᠬᠠᠭᠤᠯᠵᠤ ᠶᠠᠪᠤᠵᠠᠢ᠃ ᠬᠣᠲᠠ᠂ ᠠᠢᠮᠠᠭ᠂ ᠬᠣᠰᠢᠭᠤ ᠰᠢᠶᠠᠨ᠂ ᠰᠤᠷᠭᠠᠭᠤᠯᠢ᠂ ᠪᠠᠢᠭᠤᠯᠭ᠎ᠠ ᠵᠡᠷᠭᠡ ᠦᠨᠳᠦᠰᠦᠨ ᠱᠠᠲᠤᠨ ᠳ᠋ᠤ᠌ ᠮᠣᠩᠭᠣᠯ ᠤᠷᠠᠨ ᠪᠢᠴᠢᠯᠭᠡ ᠶ᠋ᠢᠨ ᠦᠵᠡᠰᠬᠦᠯᠡᠩ ᠭᠠᠷᠭᠠᠬᠤ ᠪᠦᠷᠢ ᠬᠡᠳᠦᠢ ᠬᠣᠯᠠ᠂ ᠬᠡᠳᠦᠢ ᠬᠦᠴᠢᠷ ᠪᠡᠷᠬᠡᠰᠢᠶᠡᠯ ᠲᠡᠢ ᠪᠠᠢᠭᠰᠠᠨ ᠴᠤ᠌ ᠠᠯᠵᠢᠶᠠᠯ ᠵᠦᠳᠡᠷᠡᠯ ᠢ᠋ ᠬᠠᠮᠢᠶᠠᠷᠬᠤ ᠦᠭᠡᠢ ᠪᠡᠷ ᠥᠪᠡᠷ ᠦ᠋ᠨ ᠪᠡᠶ᠎ᠡ ᠪᠡᠷ ᠢ᠋ᠶ᠋ᠡᠨ ᠣᠴᠢᠵᠤ᠂ ᠵᠢᠭᠠᠨ ᠵᠢᠯᠣᠭᠣᠳᠴᠤ᠂ ᠦᠵᠡᠰᠬᠦᠯᠡᠩ ᠦ᠋ᠨ ᠴᠢᠨᠠᠷ ᠴᠢᠨᠰᠠᠭ᠎ᠠ ᠶ᠋ᠢ ᠨᠢ ᠳᠡᠭᠡᠭᠰᠢᠯᠡᠭᠦᠯᠵᠦ᠂ ᠦᠵᠡᠰᠬᠦᠯᠡᠩ ᠭᠠᠷᠭᠠᠬᠤ ᠬᠥᠮᠦᠰ ᠦ᠋ᠨ ᠮᠣᠩᠭᠣᠯ ᠤᠷᠠᠨ ᠪᠢᠴᠢᠯᠭᠡ ᠳ᠋ᠡᠭᠡᠨ ᠰᠢᠮᠳᠠᠬᠤ ᠤᠷᠮ᠎ᠠ ᠵᠣᠷᠢᠭ ᠢ᠋ ᠨᠢ ᠬᠥᠪᠴᠢᠯᠡᠵᠦ ᠨᠡᠩ ᠣᠯᠠᠨ ᠦᠵᠡᠭᠴᠢᠳ ᠲᠦ᠍ ᠮᠣᠩᠭᠣᠯ ᠤᠷᠠᠨ ᠪᠢᠴᠢᠯᠭᠡ ᠶ᠋ᠢᠨ ᠤᠳᠬ᠎ᠠ ᠤᠶᠠᠩᠭ᠎ᠠ ᠶ᠋ᠢ ᠶᠠᠷᠢᠵᠤ᠂ ᠮᠣᠩᠭᠣᠯ ᠤᠷᠠᠨ ᠪᠢᠴᠢᠯᠭᠡ ᠶ᠋ᠢ ᠰᠣᠨᠢᠷᠬᠠᠬᠤ ᠳᠤᠷ᠎ᠠ ᠪᠠᠬ᠎ᠠ ᠲᠠᠢ ᠪᠣᠯᠭᠠᠳᠠᠭ᠃ ᠣᠨᠴᠠᠭᠠᠢᠯᠠᠨ2010 ᠣᠨ ᠳ᠋ᠤ᠌ ᠱᠠᠩᠬᠠᠢ ᠳ᠋ᠤ᠌ ᠪᠣᠯᠤᠭᠰᠠᠨ ᠳᠡᠯᠡᠬᠡᠢ ᠶ᠋ᠢᠨ ᠦᠵᠡᠰᠬᠦᠯᠡᠩ ᠳ᠋ᠦ᠍ ᠪᠠᠶᠠᠨᠬᠦᠤ᠂ ᠭᠡᠢᠷᠡᠨᠡ᠂ ᠳᠡᠭᠵᠢᠯᠲᠦ᠂ ᠪᠤᠤ ᠶ᠋ᠢᠨ ᠱᠠᠨ ᠵᠡᠷᠭᠡ ᠮᠣᠩᠭᠣᠯ ᠤᠷᠠᠨ ᠪᠢᠴᠢᠯᠭᠡᠲᠡᠳ ᠲᠡᠢ ᠪᠡᠨ ᠬᠠᠮᠲᠤ ᠮᠣᠩᠭᠣᠯ ᠤᠷᠠᠨ ᠪᠢᠴᠢᠯᠭᠡ ᠪᠡᠨ ᠳᠡᠯᠭᠡᠨ ᠦᠵᠡᠭᠦᠯᠵᠦ᠂ ᠷᠠᠳᠢᠤ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠤᠬᠠᠭᠤᠯᠵᠤ ᠪᠣᠯᠬᠤ ᠵᠠᠭᠤᠴᠢ ᠪᠦᠬᠦᠨ ᠢ᠋ ᠠᠰᠢᠭᠯᠠᠵᠤ᠂ ᠮᠠᠨ ᠤ᠋ ᠪᠣᠰᠤᠭ᠎ᠠ ᠰᠠᠢᠬᠠᠨ ᠮᠣᠩᠭᠣᠯ ᠤᠷᠠᠨ ᠪᠢᠴᠢᠯᠭᠡ ᠪᠡᠨ ᠪᠦᠬᠦ ᠳᠡᠯᠡᠬᠡᠢ ᠳ᠋ᠦ᠍ ᠤᠬᠠᠭᠤᠯᠤᠨ ᠭᠠᠢᠬᠠᠭᠤᠯᠤᠭᠰᠠᠨ ᠪᠠᠢᠨ᠎ᠠ᠃ ᠡᠨᠡ ᠤᠳᠠᠭᠠᠨ ᠤ᠋ ᠦᠵᠡᠰᠬᠦᠯᠡᠩ ᠦ᠋ᠨ ᠳᠠᠷᠠᠭ᠎ᠠ ᠤᠯᠤᠰ ᠤ᠋ᠨ ᠳᠣᠲᠣᠷ᠎ᠠ ᠭᠠᠳᠠᠨᠠᠬᠢ ᠮᠠᠰᠢ ᠣᠯᠠᠨ ᠬᠥᠮᠦᠰ ᠪᠠᠢ ᠪᠥᠬᠡ ᠪᠣᠯᠤᠨ ᠮᠣᠩᠭᠣᠯ ᠤᠷᠠᠨ ᠪᠢᠴᠢᠯᠭᠡ ᠶ᠋ᠢᠨ ᠬᠠᠮᠢᠶ᠎ᠠ ᠲᠠᠢ ᠶᠠᠷᠢᠯᠴᠠᠭᠠᠨ ᠪᠣᠯᠵᠤ᠂ ᠪᠠᠷᠠᠭᠤᠨ ᠬᠣᠢᠲᠤ ᠶ᠋ᠢᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠣᠶᠤᠲᠠᠨ ᠽᠠᠢ ᠮᠠᠨ 《ᠪᠠᠢ ᠪᠥᠬᠡ ᠪᠣᠯ ᠮᠣᠩᠭᠣᠯ ᠤᠷᠠᠨ ᠪᠢᠴᠢᠯᠭᠡ ᠶ᠋ᠢ ᠪᠦᠬᠦ ᠳᠡᠯᠡᠬᠡᠢ ᠳ᠋ᠦ᠍ ᠬᠠᠮᠤᠭ ᠤ᠋ᠨ ᠥᠷᠭᠡᠨ ᠬᠡᠪᠴᠢᠶ᠎ᠡ ᠪᠡᠷ ᠬᠠᠮᠤᠭ ᠲᠦᠷᠦᠭᠦᠦ ᠤᠬᠠᠭᠤᠯᠤᠨ ᠲᠠᠨᠢᠭᠤᠯᠵᠤ᠂ ᠲᠦᠭᠡᠮᠡᠯᠵᠢᠭᠦᠯᠦᠨ ᠳᠡᠯᠭᠡᠷᠡᠭᠦᠯᠦᠭᠰᠡᠨ ᠨᠢᠭᠡᠳᠦᠭᠡᠷ ᠬᠥᠮᠦᠨ》 (ᠵᠥᠪᠬᠡᠨ ᠲᠤᠰ ᠰᠤᠷᠤᠭᠴᠢ ᠶ᠋ᠢᠨ ᠦᠵᠡᠯᠲᠡ ᠭᠡᠬᠦ ᠶ᠋ᠢ ᠲᠣᠳᠣᠷᠬᠠᠢᠯᠠᠶ᠎ᠠ — ᠨᠠᠢᠷᠠᠭᠤᠯᠤᠭᠴᠢ)ᠭᠡᠵᠦ ᠪᠦᠬᠦ ᠤᠯᠤᠰ ᠤ᠋ᠨ ᠶᠡᠬᠡ ᠳᠡᠭᠡᠳᠦ ᠰᠤᠷᠭᠠᠭᠤᠯᠢ ᠶ᠋ᠢᠨ ᠣᠶᠤᠲᠠᠨ ᠤ᠋ ᠰᠦᠯᠵᠢᠶᠡᠨ ᠳᠡᠭᠡᠷ᠎ᠡ ᠨᠡᠢᠲᠡᠯᠡᠨ᠂ ᠮᠠᠰᠢ ᠣᠯᠠᠨ ᠣᠶᠤᠲᠠᠳ ᠤ᠋ᠨ ᠠᠩᠬᠠᠷᠤᠯ ᠢ᠋ ᠲᠠᠲᠠᠵᠠᠢ᠃

ᠲᠠᠪᠤ᠂ ᠮᠣᠩᠭᠣᠯ ᠤᠷᠠᠨ ᠪᠢᠴᠢᠯᠭᠡ ᠶ᠋ᠢ ᠵᠠᠯᠭᠠᠮᠵᠢᠯᠠᠨ ᠬᠥᠭᠵᠢᠭᠦᠯᠦᠭᠰᠡᠨ ᠪᠠᠢᠨ᠎ᠠ
ᠪᠠᠢ ᠪᠥᠬᠡ ᠬᠢᠴᠢᠶᠡᠯ ᠬᠥᠮᠦᠵᠢᠯ᠂ ᠡᠷᠳᠡᠮ ᠰᠢᠨᠵᠢᠯᠡᠭᠡᠨ ᠦ᠌ ᠰᠤᠳᠤᠯᠤᠯ᠂ ᠪᠢᠴᠢᠯᠭᠡ ᠬᠡᠯᠪᠡᠷᠢ ᠶ᠋ᠢ ᠪᠠᠶᠠᠯᠢᠭᠵᠢᠭᠤᠯᠬᠤ ᠣᠯᠠᠨ ᠲᠦᠮᠡᠨᠴᠢ ᠬᠥᠳᠡᠯᠭᠡᠭᠡᠨ ᠢ᠋ ᠥᠷᠨᠢᠭᠦᠯᠬᠦ ᠵᠡᠷᠭᠡ ᠪᠦᠬᠦ ᠲᠠᠯ᠎ᠠ ᠪᠠᠷ ᠮᠣᠩᠭᠣᠯ ᠤᠷᠠᠨ ᠪᠢᠴᠢᠯᠭᠡ ᠶ᠋ᠢ ᠵᠠᠯᠭᠠᠮᠵᠢᠯᠠᠨ ᠬᠥᠭᠵᠢᠭᠦᠯᠪᠡ᠃
1. ᠬᠢᠴᠢᠶᠡᠯ ᠬᠥᠮᠦᠵᠢᠯ ᠦ᠋ᠨ ᠲᠠᠯ᠎ᠠ ᠪᠠᠷ ᠵᠠᠯᠭᠠᠮᠵᠢᠯᠠᠨ ᠬᠥᠭᠵᠢᠭᠦᠯᠪᠡ᠃
2014 ᠣᠨ ᠤ᠋ 6 ᠰᠠᠷ᠎ᠠ ᠳ᠋ᠤ᠌ ᠬᠥᠯᠥᠨ ᠪᠤᠢᠷ ᠳᠡᠭᠡᠳᠦ ᠰᠤᠷᠭᠠᠭᠤᠯᠢ᠂ ᠪᠠᠢ ᠪᠥᠬᠡ ᠪᠠᠭᠰᠢ ᠶ᠋ᠢ ᠤᠷᠠᠨ ᠪᠢᠴᠢᠯᠭᠡ ᠶ᠋ᠢᠨ ᠲᠤᠰᠬᠠᠢ ᠮᠡᠷᠭᠡᠵᠢᠯᠲᠡᠨ ᠢ᠋ᠶ᠋ᠡᠷ ᠤᠷᠢᠨ ᠠᠪᠴᠢᠷᠠᠵᠤ᠂《ᠮᠣᠩᠭᠣᠯ ᠬᠢᠲᠠᠳ ᠤᠷᠠᠨ ᠪᠢᠴᠢᠯᠭᠡ ᠶ᠋ᠢᠨ ᠦᠨᠳᠦᠰᠦᠨ ᠠᠩᠭᠢ ᠶ᠋ᠢᠨ ᠲᠤᠰᠬᠠᠢ ᠮᠡᠷᠭᠡᠵᠢᠯ》 ᠢ᠋ ᠭᠠᠷᠭᠠᠬᠤ ᠠᠵᠢᠯ ᠳ᠋ᠤ᠌ ᠬᠠᠪᠰᠤᠷᠤᠭᠴᠢ ᠵᠥᠪᠳᠡᠭᠴᠢ ᠪᠣᠯᠭᠠᠨ ᠠᠵᠢᠯᠯᠠᠭᠤᠯᠤᠭᠰᠠᠨ ᠪᠠᠢᠨ᠎ᠠ᠃ ᠲᠡᠭᠦᠨ ᠦ᠌ ᠵᠢᠯᠣᠭᠣᠳᠤᠯᠭ᠎ᠠ ᠬᠢᠭᠡᠳ ᠬᠠᠪᠰᠤᠷᠤᠯᠭ᠎ᠠ ᠪᠠᠷ 2015 ᠣᠨ ᠳ᠋ᠤ᠌ ᠮᠣᠩᠭᠣᠯ ᠤᠷᠠᠨ ᠪᠢᠴᠢᠯᠭᠡ ᠶ᠋ᠢᠨ ᠦᠨᠳᠦᠰᠦᠨ ᠠᠩᠭᠢ ᠶ᠋ᠢᠨ ᠰᠤᠷᠤᠭᠴᠢ ᠡᠯᠰᠡᠬᠦ ᠡᠷᠬᠡ ᠶ᠋ᠢ ᠤᠯᠤᠰ ᠤ᠋ᠨ ᠰᠤᠷᠭᠠᠨ ᠬᠥᠮᠦᠵᠢᠯ ᠦ᠋ᠨ ᠶᠠᠮᠤᠨ ᠠ᠋ᠴᠠ ᠭᠤᠶᠤᠴᠢᠯᠠᠨ ᠣᠯᠵᠤ ᠬᠥᠯᠥᠨ ᠪᠤᠢᠷ ᠳᠡᠭᠡᠳᠦ ᠰᠤᠷᠭᠠᠭᠤᠯᠢ ᠣᠳᠣ ᠨᠢᠭᠡᠨᠲᠡ ᠭᠤᠷᠪᠠᠨ ᠬᠤᠭᠤᠴᠠᠭᠠᠨ ᠤ᠋ ᠤᠷᠠᠨ ᠪᠢᠴᠢᠯᠭᠡ ᠶ᠋ᠢᠨ ᠣᠶᠤᠲᠠᠨ ᠲᠠᠢ ᠪᠣᠯᠵᠠᠢ᠃ ᠪᠠᠢ ᠪᠥᠬᠡ ᠤᠷᠠᠨ ᠪᠢᠴᠢᠯᠭᠡ ᠶ᠋ᠢᠨ ᠲᠤᠰᠬᠠᠢ ᠮᠡᠷᠭᠡᠵᠢᠯ ᠦ᠋ᠨ ᠰᠤᠷᠤᠭᠴᠢᠳ ᠲᠤ᠌《ᠮᠣᠩᠭᠣᠯ ᠤᠷᠠᠨ ᠪᠢᠴᠢᠯᠭᠡ ᠶ᠋ᠢᠨ ᠬᠥᠭᠵᠢᠯ ᠦ᠋ᠨ ᠲᠡᠦᠬᠡ》᠂《ᠮᠣᠩᠭᠣᠯ ᠤᠷᠠᠨ ᠪᠢᠴᠢᠯᠭᠡ ᠶ᠋ᠢᠨ ᠭᠦᠶᠦᠯᠭᠡᠨ ᠪᠢᠴᠢᠯᠭᠡ》᠂ 《ᠤᠷᠠᠨ ᠪᠢᠴᠢᠯᠭᠡ ᠶ᠋ᠢᠨ ᠵᠣᠬᠢᠶᠠᠨ ᠪᠦᠲᠦᠭᠡᠬᠦ》 ᠵᠡᠷᠭᠡ ᠬᠢᠴᠢᠶᠡᠯ ᠦ᠋ᠳ ᠢ᠋ ᠬᠣᠶᠠᠷ ᠵᠢᠯ ᠳᠠᠭᠠᠭᠠᠴᠢᠯᠠᠨ ᠣᠷᠣᠭᠰᠠᠨ ᠪᠠᠢᠨ᠎ᠠ᠃ ᠡᠭᠦᠨ ᠡᠴᠡ ᠭᠠᠳᠠᠨ᠎ᠠ ᠥᠪᠥᠷ ᠮᠣᠩᠭᠣᠯ ᠤ᠋ᠨ ᠪᠠᠭᠰᠢ ᠶ᠋ᠢᠨ ᠶᠡᠬᠡ ᠰᠤᠷᠭᠠᠭᠤᠯᠢ᠂ ᠬᠥᠬᠡᠬᠣᠲᠠ ᠦᠨᠳᠦᠰᠦᠲᠡᠨ ᠦ᠌ ᠳᠡᠭᠡᠳᠦ ᠰᠤᠷᠭᠠᠭᠤᠯᠢ᠂ ᠥᠪᠥᠷ ᠮᠣᠩᠭᠣᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ᠂ ᠥᠪᠥᠷ ᠮᠣᠩᠭᠣᠯ ᠤ᠋ᠨ ᠠᠬᠠᠮᠠᠳ ᠺᠠᠳ᠋ᠷᠴᠤᠳ ᠤ᠋ᠨ ᠶᠡᠬᠡ ᠰᠤᠷᠭᠠᠭᠤᠯᠢ᠂ ᠬᠥᠯᠥᠨ ᠪᠤᠢᠷ ᠤ᠋ᠨ ᠬᠠᠢᠯᠠᠷ ᠳᠠᠬᠢ ᠨᠢᠭᠡᠳᠦᠭᠡᠷ ᠳᠤᠮᠳᠠᠳᠤ ᠰᠤᠷᠭᠠᠭᠤᠯᠢ᠂ ᠬᠢᠩᠭᠠᠨ ᠠᠢᠮᠠᠭ ᠤ᠋ᠨ ᠬᠣᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ᠋ ᠳᠤᠮᠳᠠᠳᠤ ᠰᠤᠷᠭᠠᠭᠤᠯᠢ᠂ ᠲᠦᠩᠯᠢᠶᠣᠣ ᠬᠣᠲᠠ ᠶ᠋ᠢᠨ ᠬᠣᠢᠲᠤ ᠬᠤᠰᠢᠭᠤᠨ ᠤ᠋ ᠭᠠᠨᠵᠤᠭ᠎ᠠ ᠨᠢᠭᠡᠳᠦᠭᠡᠷ ᠳᠤᠮᠳᠠᠳᠤ ᠰᠤᠷᠭᠠᠭᠤᠯᠢ᠂ ᠨᠠᠢ᠍ᠮᠠᠨ ᠬᠤᠰᠢᠭᠤᠨ ᠤ᠋ ᠮᠣᠩᠭᠣᠯ ᠳᠤᠮᠳᠠᠳᠤ ᠰᠤᠷᠭᠠᠭᠤᠯᠢ᠂ ᠬᠣᠷᠴᠢᠨ ᠲᠣᠭᠣᠷᠢᠭ ᠤ᠋ᠨ ᠳᠤᠮᠳᠠᠳᠤ ᠰᠤᠷᠭᠠᠭᠤᠯᠢ᠂ ᠲᠦᠩᠯᠢᠶᠣᠣ ᠬᠣᠲᠠ ᠶ᠋ᠢᠨ ᠮᠣᠩᠭᠣᠯ ᠪᠠᠭ᠎ᠠ ᠰᠤᠷᠭᠠᠭᠤᠯᠢ᠂ ᠤᠯᠠᠭᠠᠨᠬᠠᠳᠠ ᠶ᠋ᠢᠨ ᠪᠠᠭᠠᠷᠢᠨ ᠪᠠᠷᠠᠭᠤᠨ ᠬᠤᠰᠢᠭᠤᠨ ᠤ᠋ ᠳ᠋ᠠᠪᠠᠨ ᠨᠢᠭᠡᠳᠦᠭᠡᠷ ᠳᠤᠮᠳᠠᠳᠤ ᠰᠤᠷᠭᠠᠭᠤᠯᠢ᠂ᠪᠠᠶᠠᠨᠨᠠᠭᠤᠷ ᠬᠣᠲᠠ ᠶ᠋ᠢᠨ ᠤᠷᠠᠳ ᠤ᠋ᠨ ᠳᠤᠮᠳᠠᠳᠤ ᠬᠣᠰᠢᠭᠤ ᠶ᠋ᠢᠨ ᠮᠣᠩᠭᠣᠯ ᠪᠠᠭ᠎ᠠ ᠰᠤᠷᠭᠠᠭᠤᠯᠢ ᠵᠢᠴᠢ ᠪᠤᠰᠤᠳ ᠠᠢᠮᠠᠭ ᠬᠣᠲᠠ ᠶ᠋ᠢᠨ ᠳᠤᠮᠳᠠᠳᠤ ᠪᠠᠭ᠎ᠠ ᠰᠤᠷᠭᠠᠭᠤᠯᠢ ᠵᠡᠷᠭᠡ ᠳ᠋ᠦ᠍ ᠠᠳᠠᠯᠢ ᠪᠤᠰᠤ ᠬᠡᠮᠵᠢᠶ᠎ᠡ ᠪᠡᠷ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠣᠷᠣᠭᠰᠠᠨ ᠪᠠᠢᠨ᠎ᠠ᠃
2. ᠡᠷᠳᠡᠮ ᠰᠢᠨᠵᠢᠯᠡᠭᠡᠨ ᠦ᠌ ᠰᠤᠳᠤᠯᠤᠯ ᠤ᠋ᠨ ᠲᠠᠯ᠎ᠠ ᠪᠠᠷ ᠵᠠᠯᠭᠠᠮᠵᠢᠯᠠᠨ ᠬᠥᠭᠵᠢᠭᠦᠯᠪᠡ
ᠥᠩᠭᠡᠷᠡᠭᠰᠡᠨ ᠳ᠋ᠦ᠍ ᠮᠠᠨᠳᠤᠮᠤᠢ᠂ ᠰᠣᠳᠣ ᠵᠡᠷᠭᠡ ᠴᠥᠭᠡᠨ ᠲᠣᠭᠠᠨ ᠤ᠋ ᠬᠡᠳᠦᠬᠡᠨ ᠬᠥᠮᠦᠨ ᠤᠷᠠᠨ ᠪᠢᠴᠢᠯᠭᠡ ᠶ᠋ᠢᠨ ᠲᠤᠬᠠᠢ ᠥᠭᠦᠯᠡᠯ ᠵᠣᠬᠢᠶᠠᠯ ᠨᠡᠢᠲᠡᠯᠡᠵᠦ᠂ ᠡᠷᠳᠡᠮ ᠰᠢᠨᠵᠢᠯᠡᠭᠡᠨ ᠦ᠌ ᠠᠵᠢᠯ ᠬᠢᠵᠦ ᠪᠠᠢᠭᠰᠠᠨ ᠠ᠋ᠴᠠ ᠣᠳᠣ ᠪᠣᠯᠬᠤ ᠳ᠋ᠤ᠌ ᠪᠠᠢ ᠪᠥᠬᠡ᠂ ᠪᠠᠶᠠᠨᠬᠦᠤ᠂ ᠬᠠᠢᠱᠠᠨ (ᠬᠥᠯᠥᠨ ᠪᠤᠢᠷ)᠂ ᠨᠠᠷᠠᠨᠬᠤᠸᠠᠷ᠂ ᠲᠦᠪᠰᠢᠨ᠂ ᠤᠮᠪᠠᠽᠠᠷ᠂ ᠮᠡᠷᠭᠡᠨᠪᠠᠲᠤ᠂ ᠰᠸᠷᠠᠨᠪᠠᠳᠤ᠂ ᠬᠠᠰᠴᠢᠯᠠᠭᠤ᠂ ᠴᠤᠭᠵᠢᠯᠲᠤ᠂ ᠲᠦᠭᠦᠷᠡᠩᠰᠠᠩ᠂ ᠨᠠᠮᠤᠷ᠂ ᠳᠡᠯᠭᠡᠷᠰᠠᠩ᠂ ᠠᠯᠲᠠᠨᠰᠠᠩ᠂ ᠪᠤᠤ ᠶ᠋ᠢᠨ ᠱᠠᠨ᠂ ᠭᠡᠢᠷᠡᠨᠡ᠂ ᠪᠠ · ᠣᠷᠭᠢᠯ᠂ ᠲᠤᠶᠠᠭ᠎ᠠ᠂ ᠪᠤᠤᠱᠠᠨ᠂ ᠰᠣᠶᠣᠯᠲᠤ᠂ ᠰᠡᠴᠡᠨᠪᠠᠳᠤ᠂ ᠵᠣᠷᠢᠭᠲᠤ᠂ ᠰᠢ ᠶᠢᠨᠵᠤᠤᠷ᠂ ᠬᠠᠢ ᠰᠢᠶᠦ᠋ᠩ᠂ ᠪᠤᠤ ᠪᠤᠤ ᠱᠠᠨ ᠁ ᠨᠠᠷ ᠣᠯᠠᠨ ᠲᠠᠯ᠎ᠠ ᠠ᠋ᠴᠠ ᠨᠢ ᠮᠣᠩᠭᠣᠯ ᠤᠷᠠᠨ ᠪᠢᠴᠢᠯᠭᠡ ᠪᠡᠨ ᠰᠤᠳᠤᠯᠤᠨ ᠰᠢᠨᠵᠢᠯᠡᠵᠦ᠂ ᠮᠠᠰᠢ ᠣᠯᠠᠨ ᠡᠷᠳᠡᠮ ᠰᠢᠨᠵᠢᠯᠡᠭᠡᠨ ᠦ᠌ ᠥᠭᠦᠯᠡᠯ ᠵᠣᠬᠢᠶᠠᠯ ᠨᠡᠢᠲᠡᠯᠡᠵᠦ ᠪᠠᠢᠨ᠎ᠠ᠃ ᠡᠨᠡ ᠪᠦᠬᠦᠨ ᠤᠷᠠᠨ ᠪᠢᠴᠢᠯᠭᠡ ᠶ᠋ᠢᠨ ᠲᠤᠭᠴᠢ ᠪᠣᠯᠤᠭᠰᠠᠨ ᠬᠥᠮᠦᠨ— ᠪᠠᠢ ᠪᠥᠬᠡ ᠶ᠋ᠢᠨ ᠳᠠᠭᠠᠭᠤᠯᠭ᠎ᠠ ᠨᠥᠯᠥᠭᠡᠯᠡᠯ ᠦ᠋ᠨ ᠢᠳᠡ ᠬᠦᠴᠦᠨ ᠪᠠᠢᠭ᠎ᠠ ᠶ᠋ᠢ ᠦᠢᠯᠡᠳᠦᠯᠭᠡ ᠥᠭᠦᠯᠡᠵᠦ ᠪᠠᠢᠨ᠎ᠠ᠃
3. ᠨᠣᠮ ᠳᠡᠪᠲᠡᠷ ᠬᠡᠪᠯᠡᠨ ᠲᠠᠷᠬᠠᠭᠠᠬᠤ ᠲᠠᠯ᠎ᠠ ᠪᠠᠷ ᠵᠠᠯᠭᠠᠮᠵᠢᠯᠠᠨ ᠬᠥᠭᠵᠢᠭᠦᠯᠦᠭᠰᠡᠨ ᠪᠠᠢᠨ᠎ᠠ
ᠪᠠᠢ ᠪᠥᠬᠡ ᠶ᠋ᠢᠨ ᠨᠥᠯᠥᠭᠡᠯᠡᠯ ᠳᠣᠣᠷ᠎ᠠ ᠪᠤᠤᠱᠠᠨ᠂ ᠪᠠᠶᠠᠨᠬᠦᠤ᠂ ᠽᠠᠨᠳᠠᠷ᠎ᠠ᠂ ᠬᠠᠰᠴᠢᠯᠠᠭᠤ᠂ ᠴᠣᠯᠮᠣᠨ᠂ ᠨᠠᠮᠳᠠᠭ᠂ ᠪᠣᠷᠵᠢᠭᠢᠨ ᠵᠢᠳᠬᠦᠯᠳᠦ᠂ ᠷᠢᠨᠴᠢᠨ᠂ ᠪᠤᠤ ᠶ᠋ᠢᠨ ᠱᠠᠨ᠂ ᠢᠷᠦᠭᠡᠯᠲᠦ᠂ ᠨᠠᠷᠠᠨᠬᠤᠸᠠᠷ᠂ ᠵᠠᠮᠢᠶᠠᠨ᠂ ᠵᠠᠮᠢᠶᠠᠨ᠂ ᠪᠠ · ᠣᠷᠭᠢᠯ᠂ ᠬᠠᠢᠱᠠᠨ (ᠬᠥᠯᠥᠨ ᠪᠤᠢᠷ)᠂ ᠬᠤᠷᠴᠠᠪᠠᠭᠠᠳᠤᠷ᠂ ᠰᠣᠶᠣᠯᠲᠤ᠂ ᠰᠸᠷᠠᠨᠪᠠᠳᠤ᠂ ᠲᠤᠶᠠᠭ᠎ᠠ᠂ ᠪᠢᠯᠢᠭᠲᠦ᠂ ᠲᠤᠯᠭᠠᠭᠤᠷᠢ᠂ ᠨᠠᠮᠤᠷ᠂ ᠡᠷᠳᠡᠨᠢ᠂ ᠡᠷᠢᠯᠴᠡᠨ᠂ ᠰᠠᠢᠬᠠᠨᠬᠤᠸᠠᠷ᠂ ᠨᠠᠰᠤᠨᠳᠡᠯᠭᠡᠷ᠂ ᠪᠠᠲᠤᠪᠠᠶᠠᠷ᠂ ᠬᠣᠣᠰᠨᠠᠷᠠᠨ᠂ ᠵ · ᠷᠢᠨᠴᠢᠨ᠂ ᠳᠡᠭᠵᠢᠯᠲᠦ᠂ ᠠᠯᠳᠠᠨᠰᠤᠭᠤᠨᠠᠭ᠂ ᠳᠣᠯᠭᠢᠶᠠᠨ᠂ ᠴᠢ ᠶ᠋ᠢᠨ᠂ ᠰᠢ ᠶᠠᠨᠵᠤᠤᠷ᠂ ᠯᠤᠷᠤᠢᠨᠢᠮᠠ᠂ ᠰᠤᠷᠲᠠᠯᠲᠤ᠂ ᠲᠠᠨ᠎ᠠ᠂ ᠮᠠᠨᠳᠤᠬᠤ᠂ ᠡᠷᠳᠡᠨᠢᠰᠤᠪᠤᠳ᠂ ᠨᠠᠷᠠᠨᠴᠢᠮᠡᠭ ᠵᠡᠷᠭᠡ ᠬᠥᠮᠦᠰ ᠮᠣᠩᠭᠣᠯ ᠤᠷᠠᠨ ᠪᠢᠴᠢᠯᠭᠡ ᠶ᠋ᠢᠨ ᠲᠥᠪ ᠪᠢᠴᠢᠯᠭᠡ᠂ ᠭᠦᠶᠦᠯᠭᠡᠨ ᠪᠢᠴᠢᠯᠭᠡ (ᠲᠠᠲᠠᠯᠭᠠᠨ ᠪᠢᠴᠢᠯᠭᠡ) ᠂ ᠳᠣᠪᠲᠣᠯᠭᠠᠨ ᠪᠢᠴᠢᠯᠭᠡ (ᠲᠦᠷᠭᠡᠨ ᠪᠢᠴᠢᠯᠭᠡ)᠂ ᠡᠪᠬᠡᠮᠡᠯ ᠪᠢᠴᠢᠯᠭᠡ ᠪᠣᠯᠤᠨ ᠲᠠᠮᠠᠭ᠎ᠠ ᠰᠡᠢᠯᠦᠮᠡᠯ ᠦ᠋ᠨ ᠲᠤᠰᠬᠠᠢ ᠨᠣᠮ ᠳᠡᠪᠲᠡᠷ ᠪᠣᠯᠤᠨ ᠵᠢᠭᠠᠬᠤ ᠪᠢᠴᠢᠭ ᠬᠡᠪᠯᠡᠨ ᠲᠠᠷᠬᠠᠭᠠᠵᠠᠢ᠃
4. ᠪᠢᠴᠢᠯᠭᠡ ᠬᠡᠯᠪᠡᠷᠢ ᠶ᠋ᠢ ᠪᠠᠶᠠᠯᠢᠭᠵᠢᠭᠤᠯᠤᠨ ᠬᠥᠭᠵᠢᠭᠦᠯᠦᠭᠰᠡᠨ ᠪᠠᠢᠨ᠎ᠠ
《ᠨᠠᠢ᠍ᠮᠠᠨ ᠰᠠᠬᠢᠭᠤᠯᠰᠤᠨ ᠭᠣᠣᠯ ᠭᠠᠲᠤᠯᠬᠤ ᠳ᠋ᠤ᠌ ᠲᠤᠰ ᠲᠤᠰ ᠤ᠋ᠨ ᠴᠢᠳᠠᠪᠤᠷᠢ ᠪᠠᠨ ᠭᠠᠢᠬᠠᠭᠤᠯᠤᠨ᠎ᠠ》ᠭᠡᠳᠡᠭ ᠢ᠋ᠶ᠋ᠡᠷ ᠪᠠᠢ ᠪᠥᠬᠡ ᠶ᠋ᠢᠨ ᠳᠠᠭᠠᠭᠤᠯᠭ᠎ᠠ ᠰᠠᠨᠠᠭᠠᠴᠢᠯᠠᠭ᠎ᠠ ᠳᠣᠣᠷ᠎ᠠ ᠣᠳᠣᠬᠠᠨ ᠳ᠋ᠤ᠌ ᠲᠡᠭᠦᠨ ᠦ᠌ ᠥᠪᠡᠷ ᠦ᠋ᠨ ᠬᠢᠨᠢ ᠮᠢᠷᠠᠯᠵᠠᠮ᠎ᠠ ᠰᠡᠭᠦᠯ ᠲᠡᠢ ᠳᠡᠭᠦᠯᠢᠮᠡ ᠪᠢᠴᠢᠯᠭᠡ᠂ ᠳᠤᠭᠳᠤᠨᠪᠢᠯᠢᠭ᠌ ᠪᠠᠲᠤᠪᠠᠶᠠᠷ ᠬᠣᠶᠠᠷ ᠤ᠋ᠨ ᠡᠲᠡᠭᠡᠳ ᠪᠢᠴᠢᠯᠭᠡ᠂ ᠬᠠᠢᠱᠠᠨ (ᠬᠥᠯᠥᠨ ᠪᠤᠢᠷ) ᠤ ᠢᠳᠡᠷᠡᠭᠦᠨ ᠲᠠᠮᠢᠷᠯᠢᠭ ᠲᠥᠪ ᠪᠢᠴᠢᠯᠭᠡ᠂ ᠷᠣᠮᠠᠨᠲ᠋ᠢᠭ ᠬᠤᠪᠢᠷᠠᠯ ᠲᠠᠢ ᠳᠣᠪᠲᠣᠯᠭᠠᠨ ᠪᠢᠴᠢᠯᠭᠡ᠂ ᠪᠠ·ᠣᠷᠭᠢᠯ ᠤ᠋ᠨ ᠡᠪᠬᠡᠮᠡᠯ ᠪᠢᠴᠢᠯᠭᠡ᠂ ᠪᠠᠶᠠᠨᠬᠦᠤ ᠶ᠋ᠢᠨ ᠪᠥᠵᠢᠭᠯᠡᠮ᠎ᠡ ᠰᠠᠢᠬᠠᠨ ᠪᠠᠶᠠᠯᠢᠭ ᠪᠢᠴᠢᠯᠭᠡ᠂ ᠰᠡᠴᠡᠨᠳᠤᠶᠠᠭ᠎ᠠ ᠶ᠋ᠢᠨ ᠰᠠᠵᠢᠯᠠᠭᠠᠨ ᠰᠡᠭᠦᠯ ᠲᠡᠢ ᠭᠦᠶᠦᠯᠭᠡᠨ ᠪᠢᠴᠢᠯᠭᠡ (ᠲᠠᠲᠠᠯᠭᠠᠨ ᠪᠢᠴᠢᠯᠭᠡ)᠂ ᠭᠡᠢᠷᠡᠨᠡ ᠶ᠋ᠢᠨ ᠤᠢᠭᠤᠷᠵᠢᠨ ᠮᠣᠩᠭᠣᠯ ᠦᠰᠦᠭ ᠦ᠋ᠨ ᠡᠪᠯᠢᠭ ᠪᠢᠴᠢᠯᠭᠡ᠂ ᠲᠦᠪᠰᠢᠨ ᠦ᠌ ᠦᠵᠡᠬᠦ ᠳ᠋ᠦ᠍ ᠰᠣᠨᠢᠬᠠᠨ ᠣᠷᠢᠶᠠᠮᠠᠯ ᠪᠢᠴᠢᠯᠭᠡ᠂ ᠽᠠᠨᠳᠠᠷ᠎ᠠ ᠶ᠋ᠢᠨ ᠠᠭᠲᠠ ᠮᠣᠷᠢᠨ ᠤ᠋ ᠳᠡᠯ ᠰᠡᠭᠦᠯ ᠰᠢᠭ ᠰᠥᠷᠨᠢᠬᠦᠨ ᠪᠢᠴᠢᠯᠭᠡ᠂ ᠲᠤᠶᠠᠭ᠎ᠠ ᠶ᠋ᠢᠨ ᠪᠠᠳᠠᠷᠠᠭᠤᠨ ᠰᠠᠳᠠᠷᠭᠤᠨ ᠳᠣᠪᠲᠣᠯᠭᠠᠨ ᠪᠢᠴᠢᠯᠭᠡ (ᠲᠦᠷᠭᠡᠨ ᠪᠢᠴᠢᠯᠭᠡ)᠂ ᠢᠷᠦᠭᠡᠯᠲᠦ ᠶ᠋ᠢᠨ ᠬᠥᠨᠳᠡᠯᠡᠨ ᠰᠡᠭᠦᠯ ᠲᠡᠢ ᠳᠡᠭᠵᠢᠨ ᠪᠢᠴᠢᠯᠭᠡ᠂ ᠮᠦ᠋ ·ᠨᠠᠶᠠᠨᠲᠠᠢ ᠶ᠋ᠢᠨ ᠭᠡᠵᠢᠭᠡ ᠡᠪᠡᠷ ᠢ᠋ ᠬᠤᠪᠢᠷᠠᠭᠤᠯᠤᠭᠰᠠᠨ ᠬᠡᠷᠴᠢᠮᠡᠯ ᠪᠢᠴᠢᠯᠭᠡ᠂ ᠳᠡᠭᠵᠢᠯᠲᠦ ᠶ᠋ᠢᠨ ᠦᠵᠦᠭᠦᠷ ᠨᠢ ᠨᠠᠷᠢᠬᠠᠨ ᠠᠷᠤᠨᠰᠢ ᠪᠠᠨ ᠰᠡᠭᠦᠯ᠂ ᠪᠤᠤ ᠶ᠋ᠢᠨ ᠱᠠᠨ ᠤ᠋ ᠬᠣᠯᠪᠣᠯᠳᠤᠨ ᠵᠠᠯᠭᠠᠯᠳᠤᠭᠰᠠᠨ ᠪᠢᠴᠢᠯᠭᠡ ᠵᠢᠷᠤᠯᠭ᠎ᠠ᠂ ᠪᠢᠯᠢᠭᠲᠦ᠂ ᠬᠠᠢ ᠱᠠᠨ (ᠤᠯᠠᠭᠠᠨᠬᠠᠳᠠ) ᠤ ᠨᠠᠷᠢᠨ ᠰᠢᠨᠳᠠᠰᠤᠯᠢᠭ ᠲᠥᠪ ᠪᠢᠴᠢᠯᠭᠡ᠂ ᠯᠢ ᠰᠢᠶᠣᠤ ᠹᠧᠩ ᠦ᠋ᠨ ᠣᠯᠠᠨ ᠬᠤᠪᠢᠷᠠᠯ ᠲᠠᠢ ᠣᠷᠬᠢᠴᠠ ᠴᠠᠴᠤᠯᠭ᠎ᠠ᠂ ᠴᠣᠯᠮᠣᠨ ᠤ᠋ ᠡᠪᠯᠢᠭ ᠬᠠᠪᠤᠯᠢᠭ ᠲᠠᠮᠠᠭ᠎ᠠ ᠰᠡᠢᠯᠦᠮᠡᠯ᠂ ᠬᠠᠮᠤᠭ ᠠ᠋ᠴᠠ ᠰᠠᠢᠬᠠᠨ ᠬᠠᠸᠠᠩᠵᠠᠪ ᠤ᠋ᠨ ᠲᠥᠪ ᠪᠢᠴᠢᠯᠭᠡ᠂ ᠪᠦᠬᠦᠨ ᠦ᠌ ᠰᠠᠢᠰᠢᠶᠠᠯ ᠢ᠋ ᠣᠯᠤᠭᠰᠠᠨ ᠪᠤᠤᠱᠠᠨ ᠤ᠋ ᠭᠤᠪᠠᠢ ᠴᠢᠮᠪᠠᠢ ᠲᠥᠪ ᠪᠢᠴᠢᠯᠭᠡ ᠵᠡᠷᠭᠡ ᠨᠢ ᠪᠦᠷ ᠲᠤᠰ ᠲᠤᠰ ᠤ᠋ᠨ ᠣᠨᠴᠠᠯᠢᠭ ᠲᠠᠢ᠂ ᠬᠤᠪᠢ ᠬᠣᠪᠢᠨ ᠳ᠋ᠤ᠌ ᠪᠠᠨ ᠪᠡᠶ᠎ᠡ ᠪᠡᠨ ᠳᠠᠭᠠᠭᠠᠭᠰᠠᠨ ᠬᠡᠪ ᠨᠠᠮᠪᠠ ᠲᠠᠢ ᠪᠣᠯᠬᠣᠷ ᠦᠵᠡᠬᠦ ᠲᠡᠢ ᠵᠡᠷᠭᠡ ᠨᠡᠷ᠎ᠡ ᠶ᠋ᠢ ᠨᠢ ᠠᠰᠠᠭᠤᠬᠤ ᠦᠭᠡᠢ ᠪᠡᠷ ᠮᠡᠳᠡᠴᠢᠬᠡᠳᠡᠭ ᠥᠩᠭᠡᠷᠡᠭᠰᠡᠨ ᠦ᠌ ᠬᠢ ᠶ᠋ᠢ ᠵᠠᠯᠭᠠᠮᠵᠢᠯᠠᠵᠤ᠂ ᠰᠢᠨ᠎ᠡ ᠶ᠋ᠢ ᠡᠭᠦᠳᠦᠭᠰᠡᠨ ᠭᠣᠶᠣ ᠰᠠᠢᠬᠠᠨ ᠮᠣᠩᠭᠣᠯ ᠤᠷᠠᠨ ᠪᠢᠴᠢᠯᠭᠡ ᠶ᠋ᠢᠨ ᠲᠢᠭ ᠬᠡᠯᠪᠡᠷᠢ ᠪᠣᠢ ᠪᠣᠯᠤᠭᠰᠠᠨ ᠪᠠᠢᠨ᠎ᠠ᠃
5. ᠬᠥᠳᠡᠯᠭᠡᠭᠡᠨ ᠢ᠋ᠶ᠋ᠡᠷ ᠢ᠋ᠶ᠋ᠡᠨ ᠬᠥᠭᠵᠢᠭᠦᠯᠪᠡ
ᠪᠠᠢ ᠪᠥᠬᠡ ᠪᠣᠯ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠤᠤᠯ ᠤ᠋ᠨ ᠲᠡᠷᠢᠭᠦᠯᠡᠭᠴᠢ ᠪᠠᠢᠭᠰᠠᠨ ᠪᠣᠯᠬᠣᠷ ᠬᠥᠬᠡᠬᠣᠲᠠ ᠪᠠᠷ ᠭᠣᠣᠯ ᠪᠣᠯᠭᠠᠭᠰᠠᠨ ᠮᠣᠩᠭᠣᠯ ᠤᠷᠠᠨ ᠪᠢᠴᠢᠯᠭᠡ ᠶ᠋ᠢᠨ ᠭᠠᠯ ᠭᠣᠯᠣᠮᠲᠠ ᠠ᠋ᠴᠠ ᠡᠬᠡ ᠣᠷᠣᠨ ᠤ᠋ ᠳᠥᠷᠪᠡᠨ ᠵᠦᠭ ᠨᠠᠢ᠍ᠮᠠᠨ ᠵᠣᠪᠬᠢᠰ ᠲᠤ᠌ ᠵᠣᠷᠢᠭᠤᠯᠤᠭᠰᠠᠨ ᠣᠯᠠᠨ ᠲᠦᠮᠡᠨᠴᠢ ᠴᠢᠨᠠᠷ ᠲᠠᠢ ᠵᠦᠢᠯ ᠪᠦᠷᠢ ᠶ᠋ᠢᠨ ᠬᠥᠳᠡᠯᠭᠡᠭᠡᠨ ᠢ᠋ ᠥᠷᠨᠢᠭᠦᠯᠳᠡᠭ ᠪᠢᠯᠡ᠃ ᠨᠡᠩ ᠳᠦᠷᠰᠦᠯᠢᠭ ᠢ᠋ᠶ᠋ᠡᠷ ᠬᠡᠯᠡᠪᠡᠯ ᠣᠷᠣᠨ ᠤ᠋ ᠲᠥᠪ ᠬᠥᠬᠡᠬᠣᠲᠠ ᠠ᠋ᠴᠠ ᠤᠯᠠᠮᠵᠢᠯᠠᠭᠳᠠᠬᠤ ᠮᠣᠩᠭᠣᠯ ᠤᠷᠠᠨ ᠪᠢᠴᠢᠯᠭᠡ ᠶ᠋ᠢᠨ ᠰᠠᠨᠠᠯ ᠵᠥᠪᠯᠡᠯᠭᠡ ᠨᠢ ᠳᠠᠯᠠᠨ ᠬᠠᠷ᠎ᠠ ᠶ᠋ᠢᠨ ᠴᠤᠤᠷᠢᠶ᠎ᠠ ᠪᠠᠷ ᠳᠠᠮᠵᠢᠨ ᠡᠬᠡ ᠣᠷᠣᠨ᠂ ᠨᠠᠢ᠍ᠮᠠᠨ ᠮᠣᠵᠢ ᠣᠷᠣᠨ᠂ ᠪᠦᠬᠦ ᠤᠯᠤᠰ᠂ ᠨᠡᠩ ᠴᠢᠨᠠᠭᠰᠢᠯᠠᠪᠠᠯ ᠪᠦᠬᠦ ᠳᠡᠯᠡᠬᠡᠢ ᠶ᠋ᠢᠨ ᠬᠠᠮᠢᠶ᠎ᠠ ᠪᠦᠬᠦᠢ ᠤᠯᠤᠰ ᠣᠷᠣᠨ ᠢ᠋ᠶ᠋ᠠᠷ ᠴᠤᠤᠷᠢᠶᠠᠲᠤᠨ ᠬᠦᠷᠴᠦ᠂ ᠣᠯᠠᠨ ᠵᠦᠢᠯ ᠦ᠋ᠨ ᠤᠳᠬ᠎ᠠ ᠠᠭᠤᠯᠭ᠎ᠠ ᠲᠠᠢ ᠬᠥᠳᠡᠯᠭᠡᠭᠡᠨ ᠢ᠋ ᠥᠷᠨᠢᠭᠦᠯᠦᠭᠰᠡᠨ ᠪᠢᠯᠡ᠃ ᠴᠡᠴᠡᠭ ᠡᠪᠡᠰᠦ ᠮᠢᠷᠠᠯᠵᠠᠭᠰᠠᠨ ᠥᠨᠢᠷ ᠪᠠᠶᠠᠯᠢᠭ ᠬᠥᠯᠥᠨ ᠪᠤᠢᠷ ᠤ᠋ᠨ ᠲᠠᠯ᠎ᠠ ᠨᠤᠲᠤᠭ ᠠ᠋ᠴᠠ ᠮᠥᠩᠬᠡ ᠨᠠᠷᠠᠰᠤᠨ ᠣᠢ ᠲᠠᠢ ᠠᠯᠲᠠᠨ ᠬᠢᠩᠭᠠᠨ ᠤ᠋ ᠳᠠᠪᠠᠭ᠎ᠠ ᠬᠦᠷᠲᠡᠯ᠎ᠡ᠂ ᠣᠢ ᠰᠢᠭᠤᠢᠲᠤ ᠬᠢᠩᠭᠠᠨ ᠠ᠋ᠴᠠ ᠬᠥᠮᠦᠨ ᠦ᠌ ᠪᠠᠶᠠᠨ ᠢ᠋ ᠭᠠᠢᠬᠠᠭᠤᠯᠤᠭᠰᠠᠨ ᠵᠠᠭᠤᠨ ᠲᠦᠮᠡᠨ ᠮᠣᠩᠭᠣᠯᠴᠤᠳ ᠲᠠᠢ ᠭᠠᠳᠠ ᠮᠡᠢᠷᠡᠨ ᠦ᠌ ᠨᠤᠲᠤᠭ ᠬᠦᠷᠲᠡᠯ᠎ᠡ᠂ ᠦᠢ ᠲᠦᠮᠡᠨ ᠪᠠᠭᠠᠲᠤᠷ ᠢᠳᠡᠲᠡᠨ ᠴᠣᠯᠭᠣᠷᠠᠨ ᠭᠠᠷᠳᠠᠭ ᠰᠡᠩᠭᠡᠷᠢᠨᠴᠢᠨ ᠦ᠌ ᠨᠤᠲᠤᠭ ᠠ᠋ᠴᠠ ᠪᠠᠬᠠᠷᠤᠮ᠎ᠠ ᠰᠠᠢᠬᠠᠨ ᠪᠠᠷᠠᠭᠤᠨ ᠵᠡᠭᠦᠨ ᠪᠠᠭᠠᠷᠢᠨ ᠬᠦᠷᠲᠡᠯ᠎ᠡ᠂ ᠥᠩᠭᠡᠲᠦ ᠡᠷᠳᠡᠨᠢ ᠶ᠋ᠢᠨ ᠴᠢᠯᠠᠭᠤ ᠭᠠᠷᠳᠠᠭ ᠤᠯᠠᠭᠠᠨᠬᠠᠳᠠ ᠠ᠋ᠴᠠ ᠥᠷᠭᠡᠨ ᠠᠭᠤᠳᠠᠮ ᠰᠢᠯᠢ ᠶ᠋ᠢᠨ ᠭᠣᠣᠯ ᠤ᠋ᠨ ᠲᠠᠯ᠎ᠠ ᠨᠤᠲᠤᠭ ᠬᠦᠷᠲᠡᠯ᠎ᠡ᠂ ᠮᠡᠯᠮᠡᠯᠵᠡᠨ ᠤᠷᠤᠰᠬᠤ ᠰᠢᠯᠢ ᠶ᠋ᠢᠨ ᠭᠣᠣᠯ ᠠ᠋ᠴᠠ ᠤᠯᠠᠭᠠᠨᠴᠠᠪ ᠤ᠋ᠨ ᠳᠠᠷᠠᠰᠤᠲᠤ ᠳᠡᠨᠵᠢ᠂ ᠲᠠᠴᠢᠷᠯᠢᠭ ᠲᠠᠯ᠎ᠠ ᠬᠦᠷᠲᠡᠯ᠎ᠡ᠂ ᠤᠯᠠᠭᠠᠨᠴᠠᠪ ᠤ᠋ᠨ ᠬᠦᠢᠲᠡᠨ ᠰᠢᠯᠢ ᠡᠴᠡ ᠮᠤᠨᠢ ᠠᠭᠤᠯᠠ ᠶ᠋ᠢᠨ ᠬᠣᠷᠮᠣᠢ ᠳ᠋ᠠᠬᠢ ᠴᠡᠯᠡᠭᠡᠷ ᠠᠭᠤᠳᠠᠮ ᠤᠷᠠᠳ ᠤ᠋ᠨ ᠲᠠᠯ᠎ᠠ ᠨᠤᠲᠤᠭ ᠬᠦᠷᠲᠡᠯ᠎ᠡ᠂ ᠮᠤᠨᠢ ᠠᠭᠤᠯᠠ ᠶ᠋ᠢᠨ ᠬᠣᠷᠮᠣᠢ ᠠ᠋ᠴᠠ ᠣᠷᠳᠣᠰ ᠤ᠋ᠨ ᠥᠨᠳᠥᠷᠯᠢᠭ ᠬᠦᠷᠲᠡᠯ᠎ᠡ᠂ ᠡᠵᠡᠨ ᠴᠢᠩᠭᠢᠰ ᠦ᠋ᠨ ᠨᠣᠢᠷᠰᠤᠭᠰᠠᠨ ᠨᠤᠲᠤᠭ ᠠ᠋ᠴᠠ ᠡᠩ ᠥᠷᠭᠡᠨ ᠠᠯᠠᠱᠠ ᠶ᠋ᠢᠨ ᠴᠦᠯ ᠬᠦᠷᠲᠡᠯ᠎ᠡ ᠣᠯᠠᠨ ᠵᠦᠢᠯ ᠦ᠋ᠨ ᠤᠳᠬ᠎ᠠ ᠠᠭᠤᠯᠭ᠎ᠠ ᠲᠠᠢ ᠪᠢᠷ ᠦ᠋ᠨ ᠴᠢᠭᠤᠯᠭᠠᠨ᠂ ᠤᠷᠤᠯᠳᠤᠭᠠᠨ ᠦᠵᠡᠰᠬᠦᠯᠡᠩ᠂ ᠰᠤᠳᠤᠯᠭᠠᠨ ᠤ᠋ ᠬᠤᠷᠠᠯ ᠵᠡᠷᠭᠡ ᠬᠥᠳᠡᠯᠭᠡᠭᠡᠨ ᠠᠶᠠᠨᠳᠠᠭᠠᠨ ᠥᠷᠨᠢᠨ ᠬᠥᠭᠵᠢᠭᠰᠡᠨ ᠪᠠᠢᠨ᠎ᠠ᠃
6. ᠠᠯᠪᠠᠨ ᠶᠣᠰᠣ ᠪᠠᠷ ᠵᠠᠯᠭᠠᠮᠵᠢᠯᠠᠨ ᠬᠥᠭᠵᠢᠭᠦᠯᠬᠦ ᠶ᠋ᠢ ᠪᠠᠲᠤᠯᠠᠪᠠ
ᠪᠠᠢ ᠪᠥᠬᠡ ᠫᠷᠣᠹᠧᠰᠰᠣᠷ ᠪᠣᠯᠤᠨ ᠬᠠᠮᠢᠶ᠎ᠠ ᠪᠦᠬᠦᠢ ᠬᠥᠮᠦᠰ ᠦ᠋ᠨ ᠴᠢᠷᠮᠠᠢᠯᠭ᠎ᠠ ᠪᠠᠷ 2003 ᠣᠨ ᠳ᠋ᠤ᠌ ᠮᠣᠩᠭᠣᠯ ᠤᠷᠠᠨ ᠪᠢᠴᠢᠯᠭᠡ ᠨᠢ ᠪᠣᠳᠠᠰ ᠤ᠋ᠨ ᠪᠤᠰᠤ ᠰᠣᠶᠣᠯ ᠤ᠋ᠨ ᠥᠪ ᠬᠥᠷᠥᠩᠭᠡ ᠪᠡᠷ ᠲᠡᠮᠳᠡᠭᠯᠡᠭᠳᠡᠵᠦ᠂ ᠪᠠᠢ ᠪᠥᠬᠡ ᠫᠷᠣᠹᠧᠰᠰᠣᠷ ᠢ᠋ ᠲᠥᠯᠥᠭᠡᠯᠡᠭᠴᠢ ᠴᠢᠨᠠᠷ ᠲᠠᠢ ᠵᠠᠯᠭᠠᠮᠵᠢᠯᠠᠨ ᠤᠯᠠᠮᠵᠢᠯᠠᠬᠤ ᠬᠥᠮᠦᠨ ᠢ᠋ᠶ᠋ᠡᠷ ᠲᠣᠭᠲᠠᠭᠠᠭᠰᠠᠨ ᠪᠠᠢᠨ᠎ᠠ᠃
7. ᠵᠡᠷᠭᠡ ᠭᠡᠮ (ᠵᠡᠷᠭᠡᠮᠵᠢ) ᠪᠡᠷ ᠢ᠋ᠶ᠋ᠡᠨ ᠬᠥᠭᠵᠢᠭᠦᠯᠪᠡ
ᠪᠠᠢ ᠪᠥᠬᠡ ᠪᠣᠯ ᠡᠨᠡ ᠳᠡᠯᠡᠬᠡᠢ ᠳ᠋ᠦ᠍ ᠬᠠᠮᠤᠭ ᠲᠦᠷᠦᠭᠦᠦ ᠮᠣᠩᠭᠣᠯ ᠤᠷᠠᠨ ᠪᠢᠴᠢᠯᠭᠡ ᠶ᠋ᠢᠨ ᠫᠷᠣᠹᠧᠰᠰᠣᠷ ᠵᠡᠷᠭᠡ ᠭᠡᠮ ᠢ᠋ ᠣᠯᠤᠭᠰᠠᠨ ᠬᠥᠮᠦᠨ ᠪᠣᠯᠤᠨ᠎ᠠ᠃ ᠲᠡᠷᠡ ᠮᠣᠩᠭᠣᠯ ᠤᠷᠠᠨ ᠪᠢᠴᠢᠯᠭᠡ ᠶ᠋ᠢᠨ ᠫᠷᠣᠹᠧᠰᠰᠣᠷ ᠵᠡᠷᠭᠡ ᠭᠡᠮ ᠢ᠋ ᠣᠯᠤᠭᠰᠠᠨ ᠠ᠋ᠴᠠ ᠰᠡᠭᠦᠯᠡᠷ ᠮᠣᠩᠭᠣᠯ ᠤᠷᠠᠨ ᠪᠢᠴᠢᠯᠭᠡ ᠶ᠋ᠢᠨ ᠦᠢᠯᠡᠰ ᠦ᠋ᠨ ᠢ᠋ᠶ᠋ᠡᠨ ᠲᠥᠯᠥᠭᠡ ᠴᠢᠷᠮᠠᠢᠨ ᠲᠡᠮᠡᠴᠡᠬᠦ ᠵᠣᠷᠢᠭ ᠰᠠᠨᠠᠭ᠎ᠠ ᠨᠢ ᠨᠡᠩ ᠪᠠᠳᠠᠷᠠᠵᠤ᠂ ᠢᠲᠡᠭᠡᠯ ᠲᠡᠭᠦᠯᠳᠡᠷ ᠪᠣᠯᠵᠤ᠂ ᠨᠡᠩ ᠠᠮᠢ ᠴᠥᠯᠡᠨ ᠠᠵᠢᠯᠯᠠᠬᠤ ᠪᠣᠯᠵᠠᠢ᠃ ᠪᠠᠢ ᠪᠥᠬᠡ ᠶ᠋ᠢᠨ ᠮᠣᠩᠭᠣᠯ ᠤᠷᠠᠨ ᠪᠢᠴᠢᠯᠭᠡ ᠶ᠋ᠢᠨ ᠫᠷᠣᠹᠧᠰᠰᠣᠷ ᠵᠡᠷᠭᠡ ᠭᠡᠮ ᠢ᠋ ᠣᠯᠤᠭᠰᠠᠨ ᠶᠠᠪᠤᠳᠠᠯ ᠨᠢ ᠲᠡᠭᠦᠨ ᠦ᠌ ᠲᠤᠰ ᠪᠡᠶ᠎ᠡ ᠶ᠋ᠢᠨ ᠢᠷᠠᠭᠤ ᠠᠯᠳᠠᠷ ᠮᠥᠷᠲᠡᠭᠡᠨ ᠤᠷᠠᠨ ᠪᠢᠴᠢᠯᠭᠡ ᠶ᠋ᠢᠨ ᠬᠥᠮᠦᠰ ᠦ᠋ᠨ ᠢᠷᠠᠭᠤ ᠠᠯᠳᠠᠷ ᠮᠥᠨ᠃ ᠨᠡᠩ ᠣᠯᠠᠨ ᠤᠷᠠᠨ ᠪᠢᠴᠢᠯᠭᠡᠲᠡᠨ ᠦ᠌ ᠳᠠᠭᠠᠨ ᠰᠤᠷᠤᠯᠴᠠᠬᠤ ᠳᠠᠭᠤᠷᠢᠶᠠᠯ ᠪᠣᠯᠵᠤ ᠲᠡᠭᠦᠨ ᠦ᠌ ᠡᠨᠡᠬᠦ ᠨᠡᠭᠡᠭᠡᠭᠰᠡᠨ ᠵᠠᠮ ᠢ᠋ᠶ᠋ᠠᠷ ᠠᠯᠳᠠᠷᠲᠤ ᠮᠣᠩᠭᠣᠯ ᠤᠷᠠᠨ ᠪᠢᠴᠢᠯᠭᠡᠲᠡᠨ ᠪᠠᠶᠠᠨᠬᠦᠤ᠂ ᠨᠠᠷᠠᠩᠬᠤᠸᠠᠷ᠂ ᠬᠠᠢᠱᠠᠨ ᠨᠥᠬᠥᠷ ᠤᠷᠢᠳᠠ ᠬᠣᠵᠢᠳ ᠮᠣᠩᠭᠣᠯ ᠤᠷᠠᠨ ᠪᠢᠴᠢᠯᠭᠡ ᠶ᠋ᠢᠨ ᠫᠷᠣᠹᠧᠰᠰᠣᠷ ᠵᠡᠷᠭᠡ ᠭᠡᠮ ᠢ᠋ ᠣᠯᠤᠭᠰᠠᠨ ᠪᠠᠢᠨ᠎ᠠ᠃ ᠪᠠᠢ ᠪᠥᠬᠡ᠂ ᠪᠠᠶᠠᠨᠬᠦᠤ᠂ ᠨᠠᠷᠠᠩᠬᠤᠸᠠᠷ᠂ ᠬᠠᠢᠱᠠᠨ ᠤ᠋ ᠳᠠᠷᠠᠭ᠎ᠠ ᠲᠦᠪᠰᠢᠨ ᠨᠢᠭᠡᠨᠲᠡ ᠤᠷᠠᠨ ᠪᠢᠴᠢᠯᠭᠡ ᠪᠡᠷ ᠳᠡᠳ᠋ ᠫᠷᠣᠹᠧᠰᠰᠣᠷ ᠵᠡᠷᠭᠡ ᠭᠡᠮ ᠢ᠋ ᠣᠯᠵᠠᠢ᠃
ᠵᠢᠷᠭᠤᠭ᠎ᠠ᠂ ᠪᠠᠢ ᠪᠥᠬᠡ ᠶ᠋ᠢᠨ ᠮᠣᠩᠭᠣᠯ ᠤᠷᠠᠨ ᠪᠢᠴᠢᠯᠭᠡ ᠶ᠋ᠢᠨ ᠬᠡᠪ ᠨᠠᠮᠪᠠ ᠶ᠋ᠢᠨ ᠪᠦᠷᠢᠯᠳᠦᠯ
ᠪᠠᠢ ᠪᠥᠬᠡ ᠮᠣᠩᠭᠣᠯ ᠤᠷᠠᠨ ᠪᠢᠴᠢᠯᠭᠡ ᠶ᠋ᠢᠨ ᠣᠨᠣᠯ ᠤ᠋ᠨ ᠵᠢᠯᠣᠭᠣᠳᠤᠯᠭ᠎ᠠ᠂ ᠦᠢᠯᠡᠳᠦᠯᠭᠡ ᠶ᠋ᠢᠨ ᠲᠤᠷᠰᠢᠯᠭ᠎ᠠ᠂ ᠪᠠᠭᠰᠢ ᠶ᠋ᠢᠨ ᠰᠤᠷᠭᠠᠯ᠂ ᠰᠤᠷᠭᠠᠭᠤᠯᠢ ᠶ᠋ᠢᠨ ᠬᠠᠢᠷ᠎ᠠ᠂ ᠨᠠᠢᠵᠠ ᠶ᠋ᠢᠨ ᠳᠠᠭᠤᠷᠢᠶᠠᠯ᠂ ᠨᠡᠢᠭᠡᠮ ᠦ᠋ᠨ ᠳᠡᠮᠵᠢᠯᠭᠡ᠂ ᠬᠢᠲᠠᠳ ᠤ᠋ᠨ ᠪᠢᠴᠢᠯᠭᠡ᠂ ᠶᠠᠫᠣᠨ ᠤ᠋ ᠪᠢᠴᠢᠯᠭᠡ᠂ ᠥᠪᠡᠷ ᠦ᠋ᠨ ᠴᠢᠷᠮᠠᠢᠯᠭ᠎ᠠ᠂ ᠪᠤᠰᠤᠳ ᠤ᠋ᠨ ᠬᠠᠪᠰᠤᠷᠤᠯᠭ᠎ᠠ ᠲᠠᠢ ᠪᠣᠯᠬᠣᠷ ᠥᠪᠡᠷ ᠦ᠋ᠨ ᠭᠡᠬᠦ ᠬᠡᠪ ᠨᠠᠮᠪᠠ ᠲᠠᠢ ᠮᠣᠩᠭᠣᠯ ᠤᠷᠠᠨ ᠪᠢᠴᠢᠯᠭᠡ ᠲᠡᠢ ᠪᠣᠯᠵᠤ ᠴᠢᠳᠠᠭᠰᠠᠨ ᠪᠠᠢᠨ᠎ᠠ᠃
1. ᠣᠨᠣᠯ ᠤ᠋ᠨ ᠵᠢᠯᠣᠭᠣᠳᠤᠯᠭ᠎ᠠ᠂ ᠦᠢᠯᠡᠳᠦᠯᠭᠡ ᠶ᠋ᠢᠨ ᠲᠤᠷᠰᠢᠯᠭ᠎ᠠ
ᠪᠠᠢ ᠪᠥᠬᠡ 《ᠨᠠᠳᠠ ᠶ᠋ᠢ ᠳᠠᠭᠠᠪᠠᠯ ᠮᠥᠬᠥᠵᠦ᠂ ᠨᠠᠳᠠ ᠠ᠋ᠴᠠ ᠲᠡᠷᠰᠯᠡᠪᠡᠯ ᠳᠡᠭᠵᠢᠷᠡᠨ᠎ᠡ》 ᠭᠡᠳᠡᠭ ᠬᠢᠲᠠᠳ ᠤᠷᠠᠨ ᠪᠢᠴᠢᠯᠭᠡ ᠶ᠋ᠢᠨ ᠭᠦᠨ ᠣᠨᠣᠯ ᠢ᠋ ᠨᠡᠪᠲᠡᠷᠬᠡᠢ ᠮᠡᠳᠡᠳᠡᠭ ᠪᠣᠯᠬᠣᠷ ᠵᠣᠷᠢᠯᠭ᠎ᠠ ᠲᠠᠢ ᠪᠠᠷ ᠶᠤᠸᠠᠨ ᠤᠯᠤᠰ᠂ ᠮᠢᠩ ᠤᠯᠤᠰ᠂ ᠴᠢᠩ ᠤᠯᠤᠰ᠂ ᠳᠤᠮᠳᠠᠳᠤ ᠢᠷᠭᠡᠨ ᠤᠯᠤᠰ ᠪᠣᠯᠤᠨ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠵᠡᠷᠭᠡ ᠲᠠᠪᠤᠨ ᠲᠥᠷᠥ ᠶ᠋ᠢᠨ ᠮᠣᠩᠭᠣᠯ ᠤᠷᠠᠨ ᠪᠢᠴᠢᠯᠭᠡ ᠶ᠋ᠢ ᠰᠤᠳᠤᠯᠤᠨ ᠰᠢᠨᠵᠢᠯᠡᠵᠦ᠂ 《ᠮᠣᠩᠭᠣᠯ ᠤᠷᠠᠨ ᠪᠢᠴᠢᠯᠭᠡ ᠪᠣᠯ ᠲᠥᠪ ᠪᠢᠴᠢᠯᠭᠡ᠂ ᠭᠦᠶᠦᠯᠭᠡᠨ ᠪᠢᠴᠢᠯᠭᠡ (ᠲᠠᠲᠠᠯᠭᠠᠨ ᠪᠢᠴᠢᠯᠭᠡ)᠂ ᠳᠣᠪᠲᠣᠯᠭᠠᠨ ᠪᠢᠴᠢᠯᠭᠡ (ᠲᠦᠷᠭᠡᠨ ᠪᠢᠴᠢᠯᠭᠡ)᠂ ᠡᠪᠬᠡᠮᠡᠯ ᠪᠢᠴᠢᠯᠭᠡ ᠪᠣᠯᠤᠨ ᠲᠠᠮᠠᠭ᠎ᠠ ᠰᠡᠢᠯᠦᠮᠡᠯ ᠵᠡᠷᠭᠡ ᠬᠡᠳᠦᠨ ᠵᠦᠢᠯ ᠦ᠋ᠨ ᠪᠢᠴᠢᠯᠭᠡ ᠬᠡᠯᠪᠡᠷᠢ ᠲᠡᠢ ᠪᠡᠷ ᠬᠥᠭᠵᠢᠵᠦ ᠢᠷᠡᠭᠰᠡᠨ ᠪᠠᠢᠨ᠎ᠠ》 ᠭᠡᠰᠡᠨ ᠦᠵᠡᠯᠲᠡ ᠪᠡᠨ ᠳᠤᠷᠠᠳᠴᠤ᠂ ᠥᠩᠭᠡᠷᠡᠭᠰᠡᠨ ᠦ᠌ ᠪᠢᠴᠢᠯᠭᠡ ᠶ᠋ᠢ ᠵᠠᠯᠭᠠᠮᠵᠢᠯᠠᠵᠤ᠂ ᠣᠳᠣᠬᠢ ᠪᠢᠴᠢᠯᠭᠡ ᠪᠡᠨ ᠰᠢᠨᠡᠳᠬᠡᠵᠦ᠂ ᠬᠣᠵᠢᠮ ᠤ᠋ᠨ ᠪᠢᠴᠢᠯᠭᠡ ᠶ᠋ᠢ ᠬᠥᠭᠵᠢᠭᠦᠯᠬᠦ ᠬᠡᠷᠡᠭᠲᠡᠢ ᠭᠡᠰᠡᠨ ᠲᠥᠯᠥᠪᠯᠡᠭᠡ ᠲᠡᠢ ᠪᠡᠷ ᠴᠢᠷᠮᠠᠢᠵᠤ ᠢᠷᠡᠭᠰᠡᠨ ᠪᠠᠢᠨ᠎ᠠ᠃ ᠲᠡᠷᠡ ᠥᠩᠭᠡᠷᠡᠭᠰᠡᠨ ᠦ᠌ ᠪᠢᠴᠢᠯᠭᠡ ᠬᠡᠯᠪᠡᠷᠢ ᠪᠣᠯᠤᠨ ᠣᠳᠣᠬᠢ ᠮᠣᠩᠭᠣᠯ ᠤᠷᠠᠨ ᠪᠢᠴᠢᠯᠭᠡ ᠪᠡᠷ ᠯᠠᠪᠯᠠᠯᠲᠠ ᠪᠣᠯᠭᠠᠵᠤ᠂ ᠥᠪᠡᠷ ᠦ᠋ᠨ ᠣᠨᠴᠠᠯᠢᠭ ᠲᠠᠢ ᠪᠢᠴᠢᠯᠭᠡ ᠶ᠋ᠢ ᠡᠭᠦᠳᠦᠨ ᠪᠦᠲᠦᠭᠡᠬᠦ ᠪᠡᠷ ᠵᠣᠷᠢᠭ ᠰᠢᠢᠳᠦᠭᠰᠡᠨ ᠪᠠᠢᠨ᠎ᠠ᠃
2. ᠪᠠᠭᠰᠢ ᠶ᠋ᠢᠨ ᠰᠤᠷᠭᠠᠯ᠂ ᠰᠤᠷᠭᠠᠭᠤᠯᠢ ᠶ᠋ᠢᠨ ᠬᠠᠢᠷ᠎ᠠ
ᠪᠠᠢ ᠪᠥᠬᠡ ᠪᠣᠯ ᠥᠪᠥᠷ ᠮᠣᠩᠭᠣᠯ ᠤ᠋ᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠮᠣᠩᠭᠣᠯ ᠬᠡᠯᠡ ᠤᠳᠬ᠎ᠠ ᠵᠣᠬᠢᠶᠠᠯ ᠤ᠋ᠨ ᠰᠠᠯᠪᠤᠷᠢ ᠠ᠋ᠴᠠ ᠲᠡᠭᠦᠰᠦᠭᠰᠡᠨ ᠪᠣᠯᠬᠣᠷ ᠡᠬᠡ ᠰᠠᠯᠪᠤᠷᠢ ᠶ᠋ᠢᠨ ᠬᠢᠨᠢ ᠮᠡᠨᠳᠦᠰᠦ᠋ᠷᠦᠩ ᠫᠷᠣᠹᠧᠰᠰᠣᠷ᠂ ᠰᠤᠷᠭᠠᠨ ᠬᠥᠮᠦᠵᠢᠯ ᠦ᠋ᠨ ᠰᠠᠯᠪᠤᠷᠢ ᠶ᠋ᠢᠨ ᠵᠡᠪᠡ ᠪᠠᠭᠰᠢ᠂ ᠬᠢᠲᠠᠳ ᠬᠡᠯᠡᠨ ᠦ᠌ ᠰᠠᠯᠪᠤᠷᠢ ᠶ᠋ᠢᠨ ᠸᠠᠩ ᡁᠢ ᠪᠢᠨ ᠠᠪᠤᠭᠠᠢ᠂ ᠤᠯᠤᠰ ᠲᠥᠷᠥ ᠲᠡᠦᠬᠡ ᠶ᠋ᠢᠨ ᠰᠠᠯᠪᠤᠷᠢ ᠶ᠋ᠢᠨ ᠣᠯᠠᠩᠬᠢ ᠬᠥᠮᠦᠰ ᠪᠠᠢ ᠪᠥᠬᠡ ᠶ᠋ᠢ《ᠭᠠᠭᠴᠠᠬᠦ ᠲᠥᠪ ᠪᠢᠴᠢᠯᠭᠡ ᠶ᠋ᠢᠨ ᠬᠢᠷᠢ ᠬᠡᠮᠵᠢᠶᠡᠨ ᠳ᠋ᠦ᠍ ᠵᠣᠭᠰᠣᠩᠭᠢᠷᠠᠵᠤ ᠪᠣᠯᠬᠤ ᠦᠭᠡᠢ᠂ ᠲᠠᠲᠠᠯᠠᠨ ᠪᠢᠴᠢᠬᠦ ᠬᠡᠷᠡᠭᠲᠡᠢ᠂ ᠲᠦᠷᠭᠡᠯᠡᠨ ᠳᠣᠪᠲᠣᠯᠭᠠᠬᠤ ᠬᠡᠷᠡᠭᠲᠡᠢ᠂ ᠥᠪᠡᠷ ᠦ᠋ᠨ ᠬᠡᠪ ᠨᠠᠮᠪᠠ ᠲᠠᠢ ᠪᠣᠯᠬᠤ ᠬᠡᠷᠡᠭᠲᠡᠢ》ᠭᠡᠵᠦ ᠢᠳᠬᠠᠨ ᠰᠡᠩᠬᠡᠷᠡᠭᠦᠯᠵᠦ᠂ ᠬᠠᠢᠷᠠᠯᠠᠨ ᠰᠠᠨᠠᠭᠤᠯᠵᠤ ᠪᠠᠢᠵᠠᠢ᠃ ᠪᠠᠭᠰᠢ ᠶ᠋ᠢᠨ ᠬᠠᠢᠷ᠎ᠠ ᠬᠠᠯᠠᠮᠵᠢ ᠪᠣᠯᠤᠨ ᠬᠠᠨᠢ ᠨᠥᠬᠥᠳ ᠦ᠋ᠨ ᠰᠠᠨᠠᠭᠤᠯᠭ᠎ᠠ ᠨᠢ ᠲᠡᠭᠦᠨ ᠦ᠌ ᠪᠣᠳᠣᠯ ᠰᠠᠨᠠᠯ ᠲᠠᠢ ᠶᠠᠪ ᠴᠠᠪ ᠲᠠᠭᠠᠷᠠᠭᠰᠠᠨ ᠪᠠᠢᠨ᠎ᠠ᠃
3. ᠨᠠᠢᠵᠠ ᠶ᠋ᠢᠨ ᠳᠠᠭᠤᠷᠢᠶᠠᠯ ᠂ ᠨᠡᠢᠭᠡᠮ ᠦ᠋ᠨ ᠳᠡᠮᠵᠢᠯᠭᠡ
ᠭᠤᠴᠢᠨ ᠵᠢᠯ ᠦ᠋ᠨ ᠡᠮᠦᠨ᠎ᠡ ᠪᠠᠢ ᠪᠥᠬᠡ ᠠᠪᠤᠭᠠᠢ ᠬᠠᠸᠠᠩᠵᠠᠪ ᠪᠣᠯᠤᠨ ᠮᠠᠨᠳᠤᠬᠤ ᠶ᠋ᠢᠨ ᠲᠥᠪ ᠪᠢᠴᠢᠯᠭᠡ ᠶ᠋ᠢ ᠪᠠᠬᠠᠷᠤᠨ ᠰᠤᠷᠤᠯᠴᠠᠵᠤ᠂ ᠳᠠᠭᠤᠷᠢᠶᠠᠨ ᠪᠢᠴᠢᠵᠦ ᠪᠠᠢᠵᠠᠢ᠃ ᠡᠨᠡ ᠰᠠᠭᠤᠷᠢᠨ ᠳᠡᠭᠡᠷ᠎ᠡ ᠳᠤᠭᠳᠤᠨᠪᠢᠯᠢᠭ᠌ ᠵᠡᠷᠭᠡ ᠬᠥᠮᠦᠰ ᠦ᠋ᠨ ᠪᠢᠴᠢᠯᠭᠡ ᠶ᠋ᠢ ᠪᠢᠰᠢᠷᠡᠨ ᠪᠠᠬᠠᠷᠬᠠᠵᠤ ᠥᠪᠡᠷ ᠦ᠋ᠨ ᠪᠠᠢᠳᠠᠯ ᠳ᠋ᠤ᠌ ᠪᠠᠨ ᠲᠣᠬᠢᠷᠠᠭᠤᠯᠤᠨ ᠲᠠᠲᠠᠯᠭᠠᠨ ᠪᠢᠴᠢᠯᠭᠡ ᠪᠡᠨ ᠡᠬᠢᠯᠡᠵᠦ ᠪᠢᠴᠢᠪᠡ᠃ ᠲᠥᠪ ᠪᠢᠴᠢᠯᠭᠡ ᠪᠣᠯᠤᠨ ᠲᠠᠲᠠᠯᠭᠠᠨ ᠪᠢᠴᠢᠯᠭᠡ ᠪᠡᠨ ᠬᠠᠮᠲᠤ ᠳ᠋ᠤᠨᠢ ᠪᠢᠴᠢᠵᠦ ᠪᠣᠯᠪᠠᠰᠤᠷᠠᠵᠤ ᠪᠠᠢᠬᠤ ᠳ᠋ᠤ᠌ ᠪᠠᠨ ᠬᠢᠴᠢᠶᠡᠯᠲᠦ᠂ ᠺᠠᠩ ᠵᠤᠸᠠᠩ ᠵᠡᠷᠭᠡ ᠠᠯᠳᠠᠷᠲᠤ ᠤᠷᠠᠨ ᠪᠢᠴᠢᠯᠭᠡᠲᠡᠳ ᠦ᠋ᠨ ᠬᠠᠪᠰᠤᠷᠤᠯᠭ᠎ᠠ ᠳᠡᠮᠵᠢᠯᠭᠡ ᠶ᠋ᠢ ᠴᠦ᠍ ᠬᠦᠷᠲᠡᠵᠦ ᠪᠠᠢᠵᠠᠢ᠃ ᠨᠠᠢᠵᠠ ᠨᠥᠬᠥᠳ ᠦ᠋ᠨ ᠭᠣᠶᠣ ᠰᠠᠢᠬᠠᠨ ᠪᠢᠴᠢᠯᠭᠡ ᠪᠣᠯᠤᠨ ᠨᠡᠢᠭᠡᠮ ᠨᠡᠢᠲᠡ ᠶ᠋ᠢᠨ ᠳᠡᠮᠵᠢᠯᠭᠡ ᠨᠢ ᠲᠡᠭᠦᠨ ᠳ᠋ᠦ᠍ ᠨᠢᠭᠡ ᠵᠦᠢᠯ ᠦ᠋ᠨ ᠲᠦᠯᠬᠢᠴᠡ ᠬᠦᠴᠦᠨ ᠪᠣᠯᠵᠤ ᠪᠠᠢᠪᠠ᠃
4. ᠬᠢᠲᠠᠳ ᠤ᠋ᠨ ᠪᠢᠴᠢᠯᠭᠡ᠂ ᠶᠠᠫᠣᠨ ᠤ᠋ ᠪᠢᠴᠢᠯᠭᠡ
ᠪᠠᠢ ᠪᠥᠬᠡ ᠥᠪᠡᠷ ᠦ᠋ᠨ ᠭᠡᠬᠦ ᠣᠨᠴᠠᠯᠢᠭ ᠲᠠᠢ ᠪᠢᠴᠢᠯᠭᠡ ᠬᠡᠯᠪᠡᠷᠢ ᠶ᠋ᠢ ᠪᠦᠷᠢᠯᠳᠦᠭᠦᠯᠬᠦ ᠶ᠋ᠢᠨ ᠲᠥᠯᠥᠭᠡ ᠮᠣᠩᠭᠣᠯ ᠤᠷᠠᠨ ᠪᠢᠴᠢᠯᠭᠡ ᠶ᠋ᠢᠨ ᠲᠡᠦᠬᠡᠨ ᠪᠢᠴᠢᠯᠭᠡ ᠦ᠋ᠳ ᠢ᠋ ᠨᠠᠷᠢᠨ ᠰᠤᠳᠤᠯᠤᠭᠰᠠᠨ ᠢ᠋ᠶ᠋ᠠᠷ ᠪᠠᠷᠠᠬᠤ ᠦᠭᠡᠢ ᠬᠢᠲᠠᠳ ᠤ᠋ᠨ ᠪᠢᠴᠢᠯᠭᠡ ᠬᠡᠯᠪᠡᠷᠢ᠂ ᠶᠠᠫᠣᠨ ᠤ᠋ ᠤᠷᠠᠨ ᠪᠢᠴᠢᠯᠭᠡ᠂ ᠲᠥᠪᠡᠳ ᠦ᠋ᠨ ᠬᠠᠲᠠᠭᠤ ᠪᠢᠷ ᠦ᠋ᠨ ᠲᠠᠲᠠᠯᠭ᠎ᠠ ᠵᠢᠷᠤᠯᠭ᠎ᠠ᠂ ᠰᠣᠯᠣᠩᠭᠣᠰ ᠦᠰᠦᠭ ᠦ᠋ᠨ ᠭᠡᠳᠡᠰᠦ ᠬᠥᠩᠬᠥᠷ᠂ ᠠᠷᠠᠪ ᠦᠰᠦᠭ ᠦ᠋ᠨ ᠮᠣᠩᠭᠣᠯ ᠦᠰᠦᠭ ᠲᠡᠢ ᠠᠳᠠᠯᠢᠪᠲᠤᠷ ᠵᠢᠷᠤᠯᠭ᠎ᠠ ᠶ᠋ᠢ ᠴᠦ᠍ ᠯᠠᠪᠯᠠᠨ ᠠᠵᠢᠭᠯᠠᠵᠤ᠂ ᠡᠳᠡᠭᠡᠷ ᠣᠯᠠᠨ ᠠᠳᠠᠯᠢ ᠪᠤᠰᠤ ᠦᠰᠦᠭ ᠪᠢᠴᠢᠭ ᠦ᠋ᠨ ᠤᠷᠠᠨ ᠪᠢᠴᠢᠯᠭᠡ ᠶ᠋ᠢᠨ ᠳᠤᠮᠳᠠ ᠠ᠋ᠴᠠ ᠰᠢᠮ᠎ᠡ ᠲᠡᠵᠢᠭᠡᠯ ᠬᠦᠷᠲᠡᠵᠦ᠂ ᠡᠭᠦᠳᠦᠨ ᠪᠦᠲᠦᠭᠡᠬᠦ ᠵᠠᠮ ᠢ᠋ᠶ᠋ᠠᠨ ᠡᠷᠢᠯᠬᠢᠯᠡᠭᠰᠡᠨ ᠪᠠᠢᠨ᠎ᠠ᠃
5. ᠥᠪᠡᠷ ᠦ᠋ᠨ ᠴᠢᠷᠮᠠᠢᠯᠭ᠎ᠠ᠂ ᠪᠤᠰᠤᠳ ᠤ᠋ᠨ ᠦᠨᠡᠯᠡᠯᠲᠡ
ᠪᠠᠢ ᠪᠥᠬᠡ ᠤᠷᠲᠤ ᠤᠳᠠᠭᠠᠨ ᠬᠤᠭᠤᠴᠠᠭᠠᠨ ᠤ᠋ ᠪᠢᠴᠢᠯᠭᠡ ᠶ᠋ᠢᠨ ᠪᠣᠯᠪᠠᠰᠤᠷᠠᠯ ᠤ᠋ᠨ ᠶᠠᠪᠤᠴᠠ ᠳ᠋ᠤ᠌ ᠪᠠᠨ ᠮᠣᠩᠭᠣᠯ ᠦᠰᠦᠭ ᠦ᠋ᠨ ᠲᠣᠯᠣᠭᠠᠢ ᠰᠡᠭᠦᠯ᠂ ᠠᠴᠤᠭ ᠰᠢᠯᠪᠢ᠂ ᠭᠡᠳᠡᠰᠦ ᠬᠥᠩᠬᠥᠷ᠂ ᠭᠡᠵᠢᠭᠡ ᠡᠪᠡᠷ᠂ ᠨᠢᠷᠤᠭᠤ ᠲᠤᠯᠭᠠᠭᠤᠷᠢ ᠵᠡᠷᠭᠡ ᠵᠢᠷᠤᠯᠭ᠎ᠠ ᠪᠦᠬᠦᠨ ᠢ᠋ ᠲᠥᠪ ᠪᠢᠴᠢᠯᠭᠡ ᠶ᠋ᠢᠨ ᠶᠣᠰᠣ ᠵᠢᠷᠤᠮ ᠠ᠋ᠴᠠ ᠬᠤᠪᠢᠷᠠᠭᠤᠯᠤᠨ ᠪᠢᠴᠢᠵᠦ᠂ ᠬᠠᠮᠤᠭ ᠰᠡᠭᠦᠯ ᠳ᠋ᠡᠭᠡᠨ ᠮᠣᠩᠭᠣᠯ ᠦᠰᠦᠭ ᠦ᠋ᠨ ᠠᠷᠤᠨᠰᠢ ᠪᠠᠨ ᠰᠡᠭᠦᠯ ᠦ᠋ᠨ ᠬᠤᠪᠢᠷᠠᠯ ᠢ᠋ᠶ᠋ᠠᠷ ᠭᠣᠣᠯ ᠬᠤᠪᠢᠷᠠᠯᠲᠠ ᠪᠣᠯᠭᠠᠭᠰᠠᠨ ᠪᠤᠰᠤᠳ ᠤ᠋ᠨ ᠪᠢᠴᠢᠯᠭᠡ ᠡᠴᠡ ᠢᠯᠭᠠᠭᠳᠠᠭᠰᠠᠨ ᠥᠪᠡᠷ ᠦ᠋ᠨ ᠭᠡᠬᠦ ᠬᠡᠪ ᠨᠠᠮᠪᠠ ᠲᠠᠢ 《ᠮᠢᠷᠠᠯᠵᠠᠮ᠎ᠠ ᠰᠡᠭᠦᠯ ᠲᠡᠢ᠂ ᠳᠡᠭᠦᠯᠢᠮᠡ ᠰᠠᠢᠬᠠᠨ ᠪᠢᠴᠢᠯᠭᠡ》 ᠶ᠋ᠢ ᠡᠭᠦᠳᠦᠨ ᠪᠦᠲᠦᠭᠡᠵᠡᠢ᠃
6. ᠪᠠᠢ ᠪᠥᠬᠡ ᠶ᠋ᠢᠨ ᠮᠣᠩᠭᠣᠯ ᠤᠷᠠᠨ ᠪᠢᠴᠢᠯᠭᠡ ᠶ᠋ᠢᠨ ᠪᠤᠰᠤᠳ ᠬᠥᠮᠦᠨ ᠦ᠌ ᠪᠢᠴᠢᠯᠭᠡ ᠡᠴᠡ ᠢᠯᠭᠠᠭᠳᠠᠭᠰᠠᠨ ᠣᠨᠴᠠᠯᠢᠭ ᠪᠣᠯ᠄
(1) ᠮᠣᠩᠭᠣᠯ ᠦᠰᠦᠭ ᠦ᠋ᠨ ᠲᠢᠲᠢᠮ ᠢ᠋ ᠲᠥᠪ ᠪᠢᠴᠢᠯᠭᠡ ᠶ᠋ᠢᠨ ᠰᠢᠭ ᠲᠡᠭᠰᠢ ᠪᠣᠰᠤᠭ᠎ᠠ ᠭᠠᠷᠭᠠᠬᠤ᠂ ᠡᠷᠲᠡᠨ ᠦ᠌ ᠬᠢ ᠪᠡᠷ ᠭᠠᠷᠭᠠᠬᠤ᠂ ᠬᠠᠨᠳᠤᠷᠤᠭᠤᠯᠤᠨ ᠭᠠᠷᠭᠠᠬᠤ᠂ ᠡᠮᠦᠨᠡᠰᠢ ᠦᠩᠭᠢᠯᠭᠡᠨ ᠭᠠᠷᠭᠠᠬᠤ ᠮᠡᠲᠦ ᠣᠯᠠᠨ ᠶᠠᠩᠵᠤ ᠬᠡᠯᠪᠡᠷᠢ ᠲᠡᠢ ᠪᠢᠴᠢᠳᠡᠭ ᠪᠣᠯᠬᠣᠷ ᠲᠡᠷᠡ ᠨᠢ ᠶᠠᠭ ᠯᠠ ᠡᠷᠬᠢᠮᠰᠦᠭ ᠨᠠᠮᠪᠠᠯᠢᠭ ᠪᠦᠰᠡᠭᠦᠢ ᠬᠥᠮᠦᠨ ᠲᠡᠷᠢᠭᠦᠨ ᠢ᠋ᠶ᠋ᠡᠨ ᠡᠷᠭᠦᠨ᠂ ᠴᠡᠭᠡᠵᠢ ᠪᠡᠨ ᠲᠡᠨᠢᠢᠯᠭᠡᠨ᠂ ᠰᠦᠷ ᠭᠡᠷᠡᠯᠲᠡᠢ ᠪᠡᠷ ᠠᠯᠤᠰ ᠢ᠋ ᠬᠠᠷᠠᠨ ᠣᠮᠣᠭ ᠲᠡᠭᠦᠯᠳᠡᠷ ᠢ᠋ᠶ᠋ᠡᠷ ᠠᠯᠬᠤᠵᠤ ᠪᠠᠢᠬᠤ ᠰᠢᠭ᠋ ᠬᠠᠷᠠᠭᠳᠠᠨ᠎ᠠ᠃
(2) ᠨᠢᠷᠤᠭᠤ ᠶ᠋ᠢᠨ ᠠᠴᠤᠭ ᠢ᠋ ᠲᠠᠰᠤᠷᠬᠠᠢ ᠱᠤᠭᠤᠮ ᠢ᠋ᠶ᠋ᠠᠷ᠂ ᠮᠤᠷᠤᠢ ᠱᠤᠭᠤᠮ ᠢ᠋ᠶ᠋ᠠᠷ᠂ ᠬᠠᠭᠤᠷᠮᠠᠭ ᠱᠤᠭᠤᠮ ᠢ᠋ᠶ᠋ᠠᠷ᠂ ᠴᠤᠪᠤᠷᠠᠯ ᠱᠤᠭᠤᠮ ᠮᠡᠲᠦ ᠣᠯᠠᠨ ᠶᠠᠩᠵᠤ ᠪᠠᠷ ᠬᠤᠪᠢᠷᠠᠭᠤᠯᠤᠨ ᠪᠢᠴᠢᠳᠡᠭ ᠮᠥᠷᠲᠡᠭᠡᠨ ᠭᠡᠳᠡᠰᠦ ᠬᠥᠩᠬᠥᠷ ᠦ᠋ᠨ ᠴᠠᠳᠬᠤᠯᠠᠩ ᠳᠦᠭᠦᠷᠡᠩ ᠮᠤᠷᠤᠢ ᠡᠯᠧᠮᠧᠨ᠋ᠲ ᠦ᠋ᠳ ᠢ᠋ ᠣᠮᠣᠭ ᠲᠡᠭᠦᠯᠳᠡᠷ ᠲᠠᠰᠢᠭᠤ ᠪᠢᠴᠢᠯᠭᠡ ᠶ᠋ᠢᠨ ᠡᠬᠢᠯᠡᠯᠲᠡ ᠲᠡᠢ ᠪᠡᠨ ᠠᠮᠢᠳᠤᠯᠢᠭ ᠢ᠋ᠶ᠋ᠠᠷ ᠬᠣᠯᠪᠣᠨ ᠵᠠᠯᠭᠠᠯᠳᠤᠭᠤᠯᠤᠭᠰᠠᠨ ᠠ᠋ᠴᠠ᠂ ᠭᠠᠵᠠᠷ ᠠ᠋ᠴᠠ ᠪᠣᠰᠤᠭᠰᠠᠨ ᠭᠠᠯᠠᠭᠤᠨ ᠵᠡᠯ᠎ᠡ ᠶ᠋ᠢᠨ ᠴᠤᠪᠤᠭ᠎ᠠ ᠮᠡᠲᠦ ᠵᠢᠷᠤᠯᠭ᠎ᠠ ᠶ᠋ᠢᠨ ᠦᠷᠭᠦᠯᠵᠢᠯᠡᠯ᠂ ᠵᠢᠷᠤᠯᠭ᠎ᠠ ᠶ᠋ᠢᠨ ᠲᠠᠰᠤᠷᠠᠯ ᠬᠣᠶᠠᠷ ᠬᠥᠭ ᠠᠶᠠᠰ ᠨᠡᠢᠯᠡᠨ ᠤᠶᠠᠯᠳᠤᠵᠠᠢ᠃
(3) 《ᠮᠠ》 ᠶ᠋ᠢᠨ ᠭᠡᠵᠢᠭᠡ ᠶ᠋ᠢ ᠪᠠᠰᠠ ᠬᠡᠳᠦᠨ ᠪᠢᠷ ᠨᠤᠭᠤᠯᠤᠨ ᠪᠢᠴᠢᠬᠦ᠂ ᠪᠢᠷ ᠦ᠋ᠨ ᠦᠵᠦᠭᠦᠷ ᠢ ᠦᠰᠦᠭ ᠦ᠋ᠨ ᠪᠡᠶ᠎ᠡ ᠵᠦᠭ ᠲᠡᠳᠡᠨ ᠲᠡᠭᠦᠰᠬᠡᠬᠦ ᠪᠠ ᠦᠰᠦᠭ ᠦ᠋ᠨ ᠪᠡᠶ᠎ᠡ ᠡᠴᠡ ᠭᠠᠳᠠᠭᠰᠢ ᠵᠦᠭ ᠲᠦ᠍ ᠲᠡᠳᠡᠨ ᠲᠡᠭᠦᠰᠬᠡᠬᠦ ᠬᠣᠶᠠᠷ ᠵᠦᠢᠯ ᠦ᠋ᠨ ᠵᠤᠷᠰᠢᠯ ᠲᠠᠢ᠃ 《ᠯᠡ》 ᠶ᠋ᠢᠨ ᠡᠪᠡᠷ ᠢ᠋ ᠰᠠᠨᠠᠭᠠᠴᠢᠯᠠᠭ᠎ᠠ ᠲᠠᠢ ᠪᠠᠷ ᠠᠷᠤᠨᠰᠢ ᠪᠠᠨ ᠳᠠᠪᠠᠭᠤᠯᠤᠨ ᠲᠠᠲᠠᠯᠠᠵᠤ᠂ ᠵᠣᠷᠢᠯᠭ᠎ᠠ ᠲᠠᠢ ᠪᠠᠷ ᠦᠷᠭᠦᠯᠵᠢᠯᠡᠨ ᠰᠤᠨᠵᠢᠷᠠᠭᠤᠯᠤᠨ ᠤᠷᠲᠤᠳᠬᠠᠭᠰᠠᠨ ᠨᠢ ᠶᠠᠭ ᠯᠠ ᠠᠨᠳᠠᠢ ᠪᠥᠵᠢᠭ ᠦ᠋ᠨ ᠠᠯᠴᠢᠭᠤᠷ ᠰᠢᠭ᠋ ᠰᠠᠵᠢᠯᠠᠨ᠂ ᠥᠨᠳᠥᠷᠯᠢᠭ ᠥᠭᠡᠳᠡ ᠳᠣᠪᠲᠣᠯᠬᠤ ᠬᠦᠯᠦᠭ ᠦ᠋ᠳ ᠳᠡᠯ ᠬᠡᠢᠰᠬᠡᠨ ᠰᠡᠭᠦᠯ ᠬᠠᠶᠠᠯᠠᠭᠰᠠᠨ ᠮᠡᠲᠦ᠂ ᠨᠢᠰᠦᠨ ᠳᠡᠪᠳᠡᠷᠢᠬᠦ ᠦᠰᠦᠭ ᠦ᠋ᠨ ᠢ᠋ᠶ᠋ᠡᠨ ᠵᠢᠭᠦᠷ ᠳᠠᠯᠠᠪᠴᠢ ᠨᠢ ᠪᠣᠯᠤᠭᠰᠠᠨ ᠮᠡᠲᠦ᠃
(4) ᠮᠣᠩᠭᠣᠯ ᠦᠰᠦᠭ ᠦ᠋ᠨ ᠳᠤᠰᠤᠯ ᠢ᠋ ᠠᠰ ᠪᠢᠴᠢᠬᠦ᠂ ᠮᠤᠷᠤᠢᠯᠭᠠᠨ ᠪᠢᠴᠢᠬᠦ᠂ ᠣᠨᠴᠠᠭᠠᠢᠯᠠᠨ《ᠭᠠ ᠱᠠ》 ᠶ᠋ᠢᠨ ᠬᠣᠶᠠᠷ ᠳᠤᠰᠤᠯ ᠢ᠋ ᠶᠡᠬᠡ ᠪᠠᠭ᠎ᠠ᠂ ᠨᠠᠷᠢᠨ ᠪᠦᠳᠦᠭᠦᠨ ᠲᠡᠢ ᠪᠤᠶᠤ ᠵᠢᠷᠤᠯᠭ᠎ᠠ ᠶ᠋ᠢ ᠬᠤᠪᠢᠷᠠᠭᠠᠨ ᠪᠢᠴᠢᠬᠦ ᠨᠢᠭᠡ ᠶ᠋ᠢ ᠨᠢ ᠤᠷᠲᠤ᠂ ᠨᠥᠭᠦᠭᠡ ᠶ᠋ᠢ ᠨᠢ ᠣᠬᠣᠷ᠂ ᠳᠡᠭᠡᠷᠡᠬᠢ ᠶ᠋ᠢ ᠨᠢ ᠨᠠᠷᠢᠬᠠᠨ ᠳᠣᠣᠷᠠᠬᠢ ᠶ᠋ᠢ ᠨᠢ ᠪᠦᠳᠦᠭᠦᠨ ᠢ᠋ᠶ᠋ᠡᠷ ᠡᠰᠡᠬᠦᠯ᠎ᠡ ᠡᠮᠦᠨ᠎ᠡ ᠬᠣᠢᠨ᠎ᠠ ᠵᠡᠷᠭᠡᠴᠡᠭᠦᠯᠬᠦ ᠶᠦᠮ ᠥᠤ ᠲᠠᠰᠢᠭᠤ ᠪᠠᠷ ᠬᠤᠪᠢᠷᠠᠭᠤᠯᠤᠨ ᠪᠢᠴᠢᠳᠡᠭ ᠪᠣᠯᠬᠣᠷ ᠦᠰᠦᠭ ᠦ᠋ᠨ ᠭᠣᠣᠯ ᠨᠢᠷᠤᠭᠤ ᠶ᠋ᠢᠨ ᠡᠮᠦᠨ᠎ᠡ ᠪᠡᠶ᠎ᠡ ᠪᠡᠷ ᠪᠥᠵᠢᠭᠯᠡᠮ᠎ᠡ ᠲᠣᠭᠯᠠᠮᠠ ᠲᠣᠬᠢᠷᠠᠭᠤᠯᠤᠭᠰᠠᠨ ᠳᠠᠩ ᠴᠡᠭ ᠳᠠᠪᠬᠤᠷ ᠳᠤᠰᠤᠯ ᠨᠢ ᠦᠰᠦᠭ ᠦ᠋ᠨ ᠬᠢᠨᠢ ᠬᠠᠵᠠᠭᠤ ᠪᠠᠷ ᠬᠥᠬᠡ ᠠᠯᠠᠭ ᠴᠡᠭᠴᠡᠦᠬᠡᠢ ᠬᠣᠣᠰ ᠬᠣᠣᠰ ᠢ᠋ᠶ᠋ᠠᠷ ᠨᠢᠰᠦᠭᠡᠳ᠂ ᠬᠥᠭᠡᠷᠦᠬᠦᠨ ᠳᠠᠭᠤᠨ ᠢ᠋ᠶ᠋ᠠᠷ ᠵᠢᠷᠭᠢᠵᠦ ᠪᠠᠢᠬᠤ ᠰᠢᠭ᠋ ᠪᠣᠯᠵᠠᠢ᠃
(5) 《ᠪᠠ》 ᠶ᠋ᠢᠨ ᠪᠠᠭᠪᠤᠷ ᠪᠤᠶᠤ 《ᠪᠣ》 ᠵᠠᠷᠢᠮ ᠭᠡᠳᠡᠰᠦ ᠶ᠋ᠢ ᠪᠢᠴᠢᠬᠦ ᠳ᠋ᠦ᠍ ᠨᠢᠷᠤᠭᠤ ᠶ᠋ᠢᠨ ᠵᠢᠷᠤᠯᠭ᠎ᠠ ᠶ᠋ᠢ ᠲᠠᠲᠠᠵᠤ ᠲᠡᠭᠦᠰᠦᠭᠰᠡᠨ ᠦ᠌ ᠳᠠᠷᠠᠭ᠎ᠠ ᠭᠡᠳᠡᠰᠦ ᠶ᠋ᠢᠨ ᠲᠣᠭᠣᠷᠢᠭᠤ ᠵᠢᠷᠤᠯᠭ᠎ᠠ ᠶ᠋ᠢ ᠴᠠᠭ ᠤ᠋ᠨ ᠵᠡᠭᠦᠦ ᠶ᠋ᠢᠨ ᠡᠰᠡᠷᠭᠦᠦ ᠴᠢᠭᠯᠡᠯ ᠢ᠋ᠶ᠋ᠡᠷ ᠪᠢᠷ ᠬᠡᠷᠡᠭᠯᠡᠵᠦ ᠪᠢᠴᠢᠳᠡᠭ ᠴᠦ᠍ ᠪᠣᠢ᠃
(6) ᠰᠡᠨᠵᠢᠲᠡᠢ ᠰᠢᠯᠪᠢ《ᠳ》᠂ ᠡᠷᠪᠡᠭᠡᠯᠵᠢ ᠰᠢᠯᠪᠢ《ᠷ》 ᠶᠢ ᠪᠤᠰᠤᠳ ᠰᠢᠯᠪᠢ ᠡᠴᠡ ᠤᠷᠲᠤ ᠪᠢᠴᠢᠨ᠎ᠡ᠃
(7) ᠣᠷᠬᠢᠴᠠ ᠶ᠋ᠢ ᠣᠯᠠᠨ ᠶᠠᠩᠵᠤ ᠪᠠᠷ ᠤᠯᠠᠷᠢᠭᠤᠯᠤᠨ ᠪᠢᠴᠢᠬᠦ᠃ ᠳᠠᠷᠤᠢ ᠨᠢᠭᠡ ᠣᠷᠬᠢᠴᠠ ᠶ᠋ᠢ ᠨᠢᠭᠡ ᠡᠴᠡ ᠵᠢᠷᠭᠤᠭᠠᠨ ᠮᠤᠷᠤᠢ ᠱᠤᠭᠤᠮ ᠤ᠋ᠨ ᠨᠤᠭᠤᠷᠠᠭ᠎ᠠ ᠭᠠᠷᠭᠠᠨ ᠪᠢᠴᠢᠬᠦ ᠬᠤᠪᠢᠷᠠᠯ ᠲᠠᠢ ᠪᠠᠢᠳᠠᠭ᠃ ᠵᠠᠷᠢᠮ ᠰᠤᠷᠤᠭᠴᠢ《ᠬᠣᠩᠭᠣᠷ ᠨᠠᠮᠤᠷ ᠤ᠋ᠨ ᠮᠣᠳᠣᠨ ᠨᠠᠪᠴᠢ ᠶ᠋ᠢᠨ ᠠᠶᠠᠷᠯᠠᠨ ᠤᠨᠠᠬᠤ ᠮᠤᠷᠤᠢ ᠱᠤᠭᠤᠮ ᠬᠥᠳᠡᠯᠭᠡᠭᠡᠨ ᠦ᠌ ᠣᠷᠣ ᠮᠥᠷ ᠮᠥᠨ》ᠭᠡᠵᠦ ᠬᠡᠯᠡᠳᠡᠭ ᠴᠦ᠍ ᠪᠣᠢ᠃ ᠲᠡᠢᠮᠦ ᠡᠴᠡ ᠦᠰᠦᠭ ᠦ᠋ᠨ ᠣᠷᠬᠢᠴᠠ ᠠᠷᠤᠨᠰᠢ ᠪᠠᠨ ᠮᠢᠷᠠᠯᠵᠠᠮ᠎ᠠ ᠨᠠᠮᠢᠷᠠᠭᠤᠨ᠂ ᠭᠡᠮ ᠬᠥᠭᠯᠡᠭᠡ ᠲᠡᠢ ᠪᠡᠷ ᠬᠡᠳᠦᠨ ᠦᠶ᠎ᠡ ᠲᠡᠢ ᠪᠡᠷ ᠲᠠᠲᠠᠯᠠᠨ ᠪᠢᠴᠢᠭᠰᠡᠨ ᠪᠣᠯᠬᠣᠷ ᠦᠰᠦᠭ ᠪᠦᠷᠢ ᠨᠢ ᠠᠭᠠᠷ ᠲᠤ᠌ ᠳᠡᠭᠳᠡᠵᠦ᠂ ᠡᠭᠦᠯᠡᠨ ᠳ᠋ᠦ᠍ ᠤᠮᠪᠠᠬᠤ ᠰᠢᠭ᠋ ᠰᠠᠨᠠᠭᠳᠠᠭᠤᠯᠤᠨ᠎ᠠ᠃ ᠣᠷᠬᠢᠴᠠ ᠶ᠋ᠢ ᠣᠯᠠᠨ ᠢ᠋ᠶ᠋ᠠᠷ ᠬᠤᠪᠢᠷᠠᠭᠠᠨ ᠪᠢᠴᠢᠬᠦ ᠨᠢ ᠪᠠᠢ ᠪᠥᠬᠡ ᠶ᠋ᠢᠨ ᠪᠠᠰᠠ ᠨᠢᠭᠡ ᠳᠣᠪᠣᠢᠭᠰᠠᠨ ᠣᠨᠴᠠᠯᠢᠭ ᠶᠤᠮ᠃
(8) ᠪᠢᠷ ᠬᠡᠷᠡᠭᠯᠡᠭᠰᠡᠨ ᠠᠷᠭ᠎ᠠ ᠪᠠᠷᠢᠯ ᠬᠤᠷᠴᠠ ᠬᠢᠲᠤᠭ᠎ᠠ ᠶ᠋ᠢ ᠴᠢᠯᠠᠭᠤᠨ ᠳᠡᠭᠡᠷ᠎ᠡ ᠰᠡᠢᠯᠬᠦ ᠰᠢᠭ ᠢᠳᠡᠯᠡᠨ ᠶᠠᠪᠤᠭᠤᠯᠤᠨ᠎ᠠ᠃ ᠭᠡᠬᠦ ᠳ᠋ᠦ᠍ ᠪᠡᠨ ᠳᠠᠷᠤᠯᠲᠠ᠂ ᠲᠠᠲᠠᠯᠲᠠ᠂ ᠨᠤᠭᠤᠯᠤᠯᠲᠠ᠂ ᠡᠯᠭᠦᠯᠲᠡ᠂ ᠵᠣᠭᠰᠣᠯᠲᠠ ᠵᠡᠷᠭᠡ ᠪᠢᠷ ᠶᠠᠪᠤᠭᠤᠯᠬᠤ ᠠᠷᠭ᠎ᠠ ᠪᠠᠷᠢᠯ ᠢ᠋ ᠠᠰᠢᠭᠯᠠᠨ ᠵᠢᠷᠤᠭᠠᠰᠤᠨ ᠤ᠋ ᠤᠷᠠᠯᠢᠭ ᠢ᠋ ᠢᠯᠡᠷᠡᠭᠦᠯᠳᠡᠭ᠃ ᠣᠯᠠᠩᠬᠢ ᠵᠢᠷᠤᠯᠭ᠎ᠠ ᠨᠢ ᠤᠷᠲᠤ ᠪᠢᠰᠢ ᠬᠠᠷᠢᠨ ᠣᠬᠣᠷ ᠣᠭᠵᠣᠮ ᠬᠦᠴᠦᠲᠡᠢ᠂ ᠵᠠᠷᠢᠮ ᠨᠢ ᠲᠤᠭ ᠲᠤᠭ ᠲᠠᠲᠠᠬᠤ᠂ ᠣᠭᠵᠣᠮ ᠣᠭᠵᠣᠮ ᠴᠢᠩᠭᠠᠬᠤ᠂ ᠡᠷᠬᠦᠰᠬᠢᠬᠦ ᠲᠠᠷᠤᠰᠬᠢᠬᠤ ᠶ᠋ᠢᠨ ᠬᠥᠭ ᠠᠢᠵᠠᠮ ᠲᠣᠳᠣᠷᠬᠠᠢ᠃
7. ᠪᠠᠢ ᠪᠥᠬᠡ ᠶ᠋ᠢᠨ ᠮᠣᠩᠭᠣᠯ ᠤᠷᠠᠨ ᠪᠢᠴᠢᠯᠭᠡ ᠶ᠋ᠢᠨ ᠬᠡᠪ ᠨᠠᠮᠪᠠ ᠶ᠋ᠢᠨ ᠲᠤᠬᠠᠢ ᠣᠯᠠᠨ ᠲᠦᠮᠡᠨ ᠦ᠌ ᠦᠨᠡᠯᠡᠯᠲᠡ᠄
(1) ᠮᠣᠩᠭᠣᠯ ᠤᠷᠠᠨ ᠪᠢᠴᠢᠯᠭᠡᠲᠡᠨ᠂ ᠰᠢᠯᠢ ᠶ᠋ᠢᠨ ᠭᠣᠣᠯ ᠤ᠋ᠨ ᠪᠠᠲᠤᠯᠠ᠂ ᠪᠠᠢ ᠪᠥᠬᠡ ᠶ᠋ᠢᠨ ᠮᠣᠩᠭᠣᠯ ᠤᠷᠠᠨ ᠪᠢᠴᠢᠯᠭᠡ ᠶ᠋ᠢᠨ ᠭᠦᠶᠦᠯᠭᠡᠨ ᠪᠢᠴᠢᠯᠭᠡ (ᠲᠠᠲᠠᠯᠭᠠᠨ ᠪᠢᠴᠢᠯᠭᠡ) ᠶ᠋ᠢ 《ᠪᠦᠳᠦᠭᠦᠨ ᠦᠶ᠎ᠡ ᠳ᠋ᠦ᠍ᠷ ᠪᠠᠶᠠᠨ ᠠᠢᠯ ᠤ᠋ᠨ ᠴᠠᠳᠬᠤᠯᠠᠩ ᠦᠬᠡᠷ ᠦ᠋ᠨ ᠭᠡᠳᠡᠰᠦ ᠮᠡᠲᠦ᠂ ᠨᠠᠷᠢᠨ ᠦᠶ᠎ᠡ ᠳ᠋ᠦ᠍ᠷ ᠤᠷᠠᠨ ᠪᠦᠰᠡᠭᠦᠢ ᠶ᠋ᠢᠨ ᠬᠤᠪᠢᠯᠭᠠᠨ ᠵᠡᠭᠦᠦ ᠶ᠋ᠢᠨ ᠦᠵᠦᠭᠦᠷ ᠠᠳᠠᠯᠢ》 ᠭᠡᠵᠡᠢ᠃
(2) ᠥᠪᠥᠷ ᠮᠣᠩᠭᠣᠯ ᠤ᠋ᠨ ᠡᠮᠡᠭᠲᠡᠢᠴᠦᠳ ᠦ᠋ᠨ ᠬᠣᠯᠪᠣᠭᠠᠨ ᠤ᠋ ᠲᠡᠷᠢᠭᠦᠯᠡᠭᠴᠢ ᠬᠦᠤᠳᠠᠭᠤᠯᠠ《ᠪᠠᠢ ᠪᠥᠬᠡ ᠪᠠᠭᠰᠢ ᠶ᠋ᠢᠨ ᠤᠷᠠᠨ ᠪᠢᠴᠢᠯᠭᠡ ᠪᠣᠯ ᠶᠠᠭ ᠯᠠ ᠬᠥᠬᠡ ᠴᠡᠩᠬᠡᠷ ᠣᠭᠲᠠᠷᠭᠤᠢ ᠪᠠᠷ ᠭᠠᠯᠠᠭᠤ ᠨᠤᠭᠤᠰᠤ ᠡᠩᠨᠡᠭᠡᠷᠡᠨ ᠨᠢᠰᠴᠦ ᠪᠠᠢᠬᠤ ᠰᠢᠭ᠋ ᠬᠠᠷᠠᠭᠳᠠᠨ᠎ᠠ》ᠭᠡᠵᠡᠢ᠃
(3) ᠮᠣᠩᠭᠣᠯ ᠤᠷᠠᠨ ᠪᠢᠴᠢᠯᠭᠡᠲᠡᠨ᠂ ᠬᠢᠩᠭᠠᠨ ᠤ᠋ ᠳᠣᠯᠭᠢᠶᠠᠨ《ᠪᠠᠢ ᠪᠥᠬᠡ ᠶ᠋ᠢᠨ ᠳᠡᠭᠦᠯᠢᠨ ᠪᠢᠴᠢᠯᠭᠡ ᠶ᠋ᠢ ᠠᠵᠢᠭᠯᠠᠬᠤ ᠳᠣᠳᠣᠮ ᠂ ᠢᠳᠡ ᠬᠦᠴᠦᠨ ᠲᠡᠢ ᠰᠠᠨᠠᠭᠳᠠᠵᠤ᠂ ᠶᠠᠭ ᠯᠠ ᠮᠣᠷᠢ ᠤᠨᠤᠭᠰᠠᠨ ᠬᠥᠮᠦᠨ ᠥᠷᠭᠡᠨ ᠠᠭᠤᠳᠠᠮ ᠲᠠᠯ᠎ᠠ ᠨᠤᠲᠤᠭ ᠢ᠋ᠶ᠋ᠠᠷ ᠴᠢᠨᠡᠭᠡ ᠪᠡᠷ ᠢ᠋ᠶ᠋ᠡᠨ ᠳᠣᠪᠲᠣᠯᠵᠤ ᠪᠠᠢᠬᠤ ᠰᠢᠭ᠋ ᠪᠣᠳᠣᠭᠳᠠᠨ᠎ᠠ》ᠭᠡᠵᠦ ᠬᠡᠯᠡᠭᠰᠡᠨ ᠪᠠᠢᠨ᠎ᠠ᠃
(4) ᠥᠪᠥᠷ ᠮᠣᠩᠭᠣᠯ ᠤ᠋ᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠮᠠᠨᠳᠤᠯ᠎ᠠ ᠫᠷᠣᠹᠧᠰᠰᠣᠷ 《ᠪᠠᠢ ᠪᠥᠬᠡ ᠶ᠋ᠢᠨ ᠮᠣᠩᠭᠣᠯ ᠤᠷᠠᠨ ᠪᠢᠴᠢᠯᠭᠡ ᠪᠣᠯ ᠲᠡᠭᠦᠨ ᠦ᠌ ᠪᠡᠶ᠎ᠡ ᠲᠡᠢ ᠪᠡᠨ ᠠᠳᠠᠯᠢ ᠥᠨᠳᠥᠷ ᠤᠷᠲᠤ ᠦᠶ᠎ᠡ ᠭᠡᠰᠢᠭᠦᠦ ᠲᠡᠢ᠂ ᠲᠡᠭᠦᠨ ᠦ᠌ ᠪᠣᠳᠣᠯ ᠰᠡᠳᠬᠢᠯᠭᠡ ᠲᠡᠢ ᠪᠡᠨ ᠠᠳᠠᠯᠢ ᠠᠭᠤᠵᠢᠭᠤ ᠲᠠᠯᠪᠢᠭᠤ ᠠᠮᠢᠰᠬᠤᠯ ᠲᠠᠢ᠂ ᠦᠵᠡᠭᠴᠢᠳ ᠲᠦ᠍ ᠥᠪᠡᠷ ᠦ᠋ᠨ ᠡᠷᠬᠡ ᠦᠭᠡᠢ ᠲᠠᠭᠠᠯᠠᠮᠵᠢᠲᠠᠢ ᠰᠠᠨᠠᠭᠳᠠᠵᠤ ᠮᠠᠭᠲᠠᠨ ᠰᠠᠢᠰᠢᠶᠠᠭᠳᠠᠨᠠ 》 ᠭᠡᠵᠡᠢ᠃
(5) ᠮᠣᠩᠭᠣᠯ ᠤᠷᠠᠨ ᠪᠢᠴᠢᠯᠭᠡᠲᠡᠨ ᠪᠠ · ᠣᠷᠭᠢᠯ《ᠪᠠᠢ ᠪᠥᠬᠡ ᠶ᠋ᠢᠨ〈ᠠᠷᠤᠨᠰᠢ ᠪᠠᠨ ᠰᠡᠭᠦᠯ〉ᠨᠢ ᠣᠨᠴᠠᠭᠠᠢᠯᠠᠨ〈ᠤ᠋〉ᠭᠡᠰᠡᠨ ᠦᠰᠦᠭ ᠨᠢ ᠦᠵᠡᠭᠴᠢᠳ ᠲᠦ᠍ ᠶᠠᠭ ᠯᠠ ᠤᠯᠠᠭᠠᠨ ᠲᠣᠷᠭᠠᠨ ᠠᠯᠴᠢᠭᠤᠷ ᠣᠷᠢᠶᠠᠭᠰᠠᠨ ᠭᠣᠶᠣ ᠰᠠᠢᠬᠠᠨ ᠵᠢᠰᠦ ᠲᠡᠢ ᠥᠨᠳᠥᠷ ᠭᠤᠸᠠᠯᠢᠭ ᠪᠦᠰᠡᠭᠦᠢ ᠰᠠᠯᠬᠢ ᠰᠥᠷᠦᠨ ᠶᠠᠪᠤᠵᠤ ᠪᠠᠢᠬᠤ ᠰᠢᠭ᠋ ᠳᠦᠷᠰᠦᠯᠢᠭ ᠬᠠᠷᠠᠭᠳᠠᠨ᠎ᠠ》ᠭᠡᠵᠡᠢ ᠃
(6) ᠬᠥᠯᠥᠨ ᠪᠤᠢᠷ ᠳᠡᠭᠡᠳᠦ ᠰᠤᠷᠭᠠᠭᠤᠯᠢ ᠶ᠋ᠢᠨ ᠤᠷᠠᠨ ᠪᠢᠴᠢᠯᠭᠡ ᠶ᠋ᠢᠨ ᠫᠷᠣᠹᠧᠰᠰᠣᠷ ᠬᠠᠢᠱᠠᠨ《ᠮᠣᠩᠭᠣᠯ ᠤᠷᠠᠨ ᠪᠢᠴᠢᠯᠭᠡ ᠶ᠋ᠢᠨ ᠳᠣᠪᠲᠣᠯᠭᠠᠨ ᠪᠢᠴᠢᠯᠭᠡ (ᠲᠦᠷᠭᠡᠨ ᠪᠢᠴᠢᠯᠭᠡ) ᠶ᠋ᠢ ᠬᠥᠭᠵᠢᠯ ᠦ᠋ᠨ ᠰᠢᠨ᠎ᠡ ᠱᠠᠲᠤ ᠦᠶ᠎ᠡ ᠳ᠋ᠦ᠍ ᠣᠷᠣᠭᠤᠯᠤᠭᠰᠠᠨ ᠬᠥᠮᠦᠨ ᠪᠣᠯ ᠪᠠᠢ ᠪᠥᠬᠡ᠂ ᠪᠠᠶᠠᠨᠬᠦᠦ ᠬᠣᠶᠠᠷ ᠫᠷᠣᠹᠧᠰᠰᠣᠷ ᠪᠣᠯᠤᠨ᠎ᠠ᠃ ᠡᠨᠡ ᠬᠣᠶᠠᠷ ᠬᠥᠮᠦᠨ ᠦ᠌ ᠪᠢᠴᠢᠯᠭᠡ ᠡᠴᠡ ᠡᠬᠢᠯᠡᠵᠦ ᠳᠣᠪᠲᠣᠯᠭᠠᠨ ᠪᠢᠴᠢᠯᠭᠡ ᠶ᠋ᠢᠨ ᠥᠪᠡᠷᠮᠢᠴᠡ ᠬᠡᠪ ᠨᠠᠮᠪᠠ ᠪᠦᠷᠢᠯᠳᠦᠵᠦ ᠪᠢᠴᠢᠯᠭᠡ ᠶ᠋ᠢᠨ ᠰᠢᠨᠵᠢ ᠣᠨᠴᠠᠯᠢᠭ ᠲᠣᠳᠣᠷᠠᠵᠤ᠂ ᠪᠢᠴᠢᠯᠭᠡ ᠶ᠋ᠢᠨ ᠦᠨᠳᠦᠰᠦᠨ ᠵᠢᠷᠤᠯᠭ᠎ᠠ ᠶ᠋ᠢᠨ ᠲᠣᠭᠲᠠᠯᠴᠠᠭ᠎ᠠ ᠪᠦᠷᠢᠯᠳᠦᠵᠦ᠂ ᠦᠰᠦᠭ ᠦ᠋ᠨ ᠪᠦᠲᠦᠴᠡ ᠳ᠋ᠦ᠍ ᠬᠤᠪᠢᠷᠠᠯᠲᠠ ᠭᠠᠷᠴᠤ᠂ᠦᠰᠦᠭ ᠦ᠋ᠨ ᠳᠦᠷᠢ ᠲᠥᠷᠬᠦ ᠳ᠋ᠦ᠍ ᠰᠢᠨᠡᠴᠢᠯᠡᠯᠲᠡ ᠲᠡᠢ ᠪᠣᠯᠵᠤ᠂ ᠪᠢᠷ ᠡᠬᠢᠯᠡᠬᠦ᠂ ᠪᠢᠷ ᠶᠠᠪᠤᠭᠤᠯᠬᠤ᠂ ᠪᠢᠷ ᠲᠡᠭᠦᠰᠬᠡᠬᠦ ᠠᠷᠭ᠎ᠠ ᠳ᠋ᠤ᠌ ᠥᠭᠡᠷᠡᠴᠢᠯᠡᠯᠲᠡ ᠲᠡᠢ ᠪᠣᠯᠵᠤ᠂ ᠬᠡᠯᠪᠡᠷᠢ ᠵᠣᠬᠢᠮᠵᠢ ᠴᠤ᠌ ᠪᠦᠲᠦᠭᠡᠯᠴᠢ ᠲᠡᠢ ᠪᠣᠯᠵᠠᠢ᠃ ᠲᠡᠢᠮᠦ ᠡᠴᠡ ᠡᠨᠡ ᠬᠣᠶᠠᠷ ᠬᠥᠮᠦᠨ ᠢ᠋ ᠮᠣᠩᠭᠣᠯ ᠤᠷᠠᠨ ᠪᠢᠴᠢᠯᠭᠡ ᠶ᠋ᠢᠨ ᠳᠣᠪᠲᠣᠯᠭᠠᠨ ᠪᠢᠴᠢᠯᠭᠡ ᠶ᠋ᠢᠨ ᠰᠢᠨ᠎ᠡ ᠬᠠᠭᠤᠳᠠᠰᠤ ᠶ᠋ᠢ ᠨᠡᠭᠡᠭᠡᠭᠰᠡᠨ ᠬᠥᠮᠦᠨ ᠭᠡᠵᠦ ᠬᠡᠯᠡᠵᠦ ᠪᠣᠯᠤᠨ᠎ᠠ》ᠭᠡᠵᠡᠢ᠃ ᠪᠠᠢ ᠪᠥᠬᠡ ᠪᠣᠰᠤᠭ᠎ᠠ ᠮᠣᠩᠭᠣᠯ ᠦᠰᠦᠭ ᠢ᠋ ᠪᠠᠶᠠᠯᠢᠭ ᠳᠦᠷᠰᠦᠯᠢᠭ ᠰᠡᠳᠬᠢᠬᠦᠢ ᠪᠡᠷ᠂ ᠬᠤᠪᠢᠯᠭᠠᠨ ᠤᠪᠠᠳᠢᠰᠲᠤ ᠪᠢᠷ ᠢ᠋ᠶ᠋ᠡᠷ ᠢ᠋ᠶ᠋ᠡᠨ ᠠᠮᠢ ᠣᠷᠣᠭᠤᠯᠤᠨ ᠭᠦᠶᠦᠯᠭᠡᠵᠦ᠂ ᠵᠢᠭᠦᠷ ᠤᠷᠭᠤᠭᠤᠯᠤᠨ ᠨᠢᠰᠬᠡᠵᠡᠢ᠃ ᠣᠯᠠᠩᠬᠢ ᠬᠥᠮᠦᠰ ᠲᠡᠭᠦᠨ ᠦ᠌ ᠪᠢᠴᠢᠯᠭᠡ ᠶ᠋ᠢ《ᠠᠭᠠᠷ ᠲᠡᠭᠷᠢ ᠳ᠋ᠦ᠍ ᠮᠢᠷᠠᠯᠵᠠᠨ ᠮᠢᠷᠠᠯᠵᠠᠵᠤ᠂ ᠠᠲᠠᠷ ᠲᠠᠯ᠎ᠠ ᠳ᠋ᠤ᠌ ᠪᠥᠵᠢᠭᠯᠡᠨ ᠪᠥᠵᠢᠭᠯᠡᠨ᠎ᠡ》ᠭᠡᠨ᠎ᠡ᠃ ᠪᠠᠢ ᠪᠥᠬᠡ ᠶ᠋ᠢᠨ ᠮᠣᠩᠭᠣᠯ ᠤᠷᠠᠨ ᠪᠢᠴᠢᠯᠭᠡ ᠶ᠋ᠢ《ᠮᠢᠷᠠᠯᠵᠠᠮ᠎ᠠ ᠰᠡᠭᠦᠯ ᠲᠡᠢ᠂ ᠳᠡᠭᠦᠯᠢᠮᠡ ᠪᠢᠴᠢᠯᠭᠡ》 ᠭᠡᠵᠦ ᠦᠨᠡᠯᠡᠪᠡᠯ ᠬᠠᠮᠤᠭ ᠤ᠋ᠨ ᠣᠨᠣᠪᠴᠢᠲᠠᠢ ᠪᠢᠯᠡ᠃ ᠡᠭᠦᠨ ᠡᠴᠡ ᠪᠠᠰᠠ ᠳᠥᠭᠥᠮᠴᠢᠯᠡᠨ ᠦᠨᠡᠯᠡᠪᠡᠯ《ᠪᠠᠢ ᠪᠥᠬᠡ ᠶ᠋ᠢᠨ ᠳᠡᠭᠦᠯᠢᠨ ᠪᠢᠴᠢᠯᠭᠡ》ᠭᠡᠵᠦ ᠬᠡᠯᠡᠵᠦ ᠪᠣᠯᠤᠨ᠎ᠠ᠃
1. ᠰᠢᠨᠵᠢᠶᠠᠩ ᠤ᠋ᠨ ᠲᠦᠷᠹᠠᠨ᠂ ᠭᠠᠨᠰᠦ ᠶ᠋ᠢᠨ ᠳ᠋ᠦᠨᠬᠤᠸᠠᠩ᠂ ᠾᠧᠨᠠᠨ ᠤ᠋ ᠱᠣᠣ ᠯᠢᠨ ᠰᠧ ᠵᠡᠷᠭᠡ ᠭᠠᠵᠠᠷ ᠢ᠋ᠶ᠋ᠠᠷ ᠶᠤᠸᠠᠨ ᠤᠯᠤᠰ ᠪᠣᠯᠤᠨ ᠮᠢᠩ ᠤᠯᠤᠰ ᠤ᠋ᠨ ᠦᠶ᠎ᠡ ᠶ᠋ᠢᠨ ᠤᠢᠭᠤᠷᠵᠢᠨ ᠮᠣᠩᠭᠣᠯ ᠦᠰᠦᠭ ᠦ᠋ᠨ ᠤᠷᠠᠨ ᠪᠢᠴᠢᠯᠭᠡ ᠶ᠋ᠢ ᠡᠳᠦᠢ ᠲᠡᠳᠦᠢ ᠣᠯᠵᠤ ᠂ ᠵᠠᠷᠢᠮ ᠢ᠋ ᠨᠢ 《ᠮᠣᠩᠭᠣᠯ ᠤᠷᠠᠨ ᠪᠢᠴᠢᠯᠭᠡ ᠶ᠋ᠢᠨ ᠬᠥᠭᠵᠢᠯ ᠦ᠋ᠨ ᠲᠡᠦᠬᠡ》ᠭᠡᠰᠡᠨ ᠨᠣᠮ ᠳ᠋ᠤ᠌ ᠪᠠᠨ ᠨᠢᠭᠡᠨᠲᠡ ᠨᠡᠢᠲᠡᠯᠡᠵᠦ ᠂ ᠵᠠᠷᠢᠮ ᠢ ᠨᠢ《ᠮᠣᠩᠭᠣᠯ ᠤᠷᠠᠨ ᠪᠢᠴᠢᠯᠭᠡ ᠶ᠋ᠢᠨ ᠮᠢᠩᠭᠠᠨ ᠵᠢᠯ》ᠭᠡᠰᠡᠨ ᠨᠣᠮ ᠳ᠋ᠤ᠌ ᠪᠠᠨ ᠨᠡᠢᠲᠡᠯᠡᠭᠰᠡᠨ ᠪᠠᠢᠨ᠎ᠠ᠃
2. ᠯᠾᠰᠠ ᠶ᠋ᠢᠨ ᠪᠤᠳᠠᠯᠠᠩ ᠣᠷᠳᠣᠨ᠂ ᠱᠠᠨᠰᠢ ᠶ᠋ᠢᠨ ᠴᠢᠯᠠᠭᠤᠨ ᠰᠢᠭᠤᠢᠲᠤ ᠴᠡᠴᠡᠷᠯᠢᠭ᠂ ᠱᠠᠨ ᠰᠢ ᠶ᠋ᠢᠨ ᠡᠤ ᠲᠠᠢ ᠱᠠᠨ ᠠᠭᠤᠯᠠᠨ ᠠ᠋ᠴᠠ ᠮᠢᠩ ᠤᠯᠤᠰ ᠤ᠋ᠨ ᠰᠡᠭᠦᠯᠴᠢ ᠶ᠋ᠢᠨ ᠦᠶ᠎ᠡ ᠪᠣᠯᠤᠨ ᠴᠢᠩ ᠤᠯᠤᠰ ᠤ᠋ᠨ ᠦᠶ᠎ᠡ ᠶ᠋ᠢᠨ ᠮᠣᠩᠭᠣᠯ ᠤᠷᠠᠨ ᠪᠢᠴᠢᠯᠭᠡ ᠶ᠋ᠢ ᠨᠡᠯᠢᠶᠡᠳ ᠢ᠋ ᠣᠯᠵᠤ᠂ ᠵᠠᠷᠢᠮ ᠢ᠋ ᠨᠢ ᠨᠣᠮ ᠳᠡᠪᠲᠡᠷ ᠲᠦ᠍ ᠨᠢᠭᠡᠨᠲᠡ ᠬᠡᠪᠯᠡᠨ ᠨᠡᠢᠲᠡᠯᠡᠵᠦ᠂ ᠵᠠᠷᠢᠮ ᠢ᠋ ᠨᠢ ᠳᠠᠷᠠᠭᠠᠬᠢ ᠨᠣᠮ ᠳᠡᠪᠲᠡᠷ ᠲᠦ᠍ ᠪᠡᠨ ᠬᠡᠪᠯᠡᠨ ᠨᠡᠢᠲᠡᠯᠡᠬᠦ ᠪᠡᠷ ᠪᠡᠯᠡᠬᠡᠨ ᠪᠣᠯᠤᠭᠠᠳ ᠪᠠᠢᠨ᠎ᠠ᠃
3. ᠥᠪᠥᠷ ᠮᠣᠩᠭᠣᠯ ᠤ᠋ᠨ ᠳᠠᠩᠰᠠ ᠡᠪᠬᠡᠮᠡᠯ ᠦ᠋ᠨ ᠣᠷᠳᠣᠨ᠂ ᠥᠪᠥᠷ ᠮᠣᠩᠭᠣᠯ ᠤ᠋ᠨ ᠪᠠᠭᠰᠢ ᠶ᠋ᠢᠨ ᠶᠡᠬᠡ ᠰᠤᠷᠭᠠᠭᠤᠯᠢ᠂ ᠬᠥᠬᠡᠬᠣᠲᠠ ᠶ᠋ᠢᠨ ᠤᠰᠤᠲᠤ ᠶ᠋ᠢᠨ ᠵᠣᠣ᠂ ᠲᠦᠩᠯᠢᠶᠣᠣ ᠬᠣᠲᠠ ᠶ᠋ᠢᠨ ᠬᠣᠢᠲᠤ ᠬᠤᠰᠢᠭᠤᠨ ᠤ᠋ ᠬᠥᠳᠡᠭᠡ ᠲᠣᠰᠬᠣᠨ᠂ ᠬᠦᠷᠢᠶ᠎ᠡ ᠬᠤᠰᠢᠭᠤᠨ ᠤ᠋ ᠰᠢᠷᠡᠭᠡᠲᠦ ᠬᠦᠷᠢᠶ᠎ᠡ ᠰᠦᠮ᠎ᠡ᠂ ᠪᠠᠶᠠᠨᠨᠠᠭᠤᠷ ᠤ᠋ᠨ ᠤᠷᠠᠳ ᠤ᠋ᠨ ᠡᠮᠦᠨᠡᠲᠦ ᠬᠣᠰᠢᠭᠤ᠂ ᠬᠣᠢᠲᠤ ᠬᠤᠰᠢᠭᠤᠨ ᠤ᠋ ᠰᠦᠮ᠎ᠡ ᠬᠡᠢᠳ᠂ ᠪᠤᠭᠤᠲᠤ ᠶ᠋ᠢᠨ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤ ᠵᠡᠷᠭᠡ ᠭᠠᠵᠠᠷ ᠠ᠋ᠴᠠ ᠴᠢᠩ ᠤᠯᠤᠰ ᠪᠣᠯᠤᠨ ᠳᠤᠮᠳᠠᠳᠤ ᠢᠷᠭᠡᠨ ᠤᠯᠤᠰ ᠤ᠋ᠨ ᠦᠶ᠎ᠡ ᠶ᠋ᠢᠨ ᠮᠣᠩᠭᠣᠯ ᠤᠷᠠᠨ ᠪᠢᠴᠢᠯᠭᠡ ᠶ᠋ᠢᠨ ᠬᠠᠭᠤᠴᠢᠷᠠᠭᠰᠠᠨ ᠨᠣᠮ ᠰᠤᠳᠤᠷ᠂ ᠵᠢᠭᠠᠬᠤ ᠪᠢᠴᠢᠭ᠂ ᠴᠢᠯᠠᠭᠤᠨ ᠬᠦᠰᠢᠶᠡᠨ ᠦ᠌ ᠪᠢᠴᠢᠯᠭᠡ (ᠤᠷᠠᠨ ᠪᠢᠴᠢᠯᠭᠡ᠂ ᠡᠪᠬᠡᠮᠡᠯ ᠪᠢᠴᠢᠯᠭᠡ᠂ ᠳᠥᠷᠪᠡᠯᠵᠢᠨ ᠦᠰᠦᠭ ᠦ᠋ᠨ ᠪᠢᠴᠢᠯᠭᠡ) ᠵᠡᠷᠭᠡ ᠮᠣᠩᠭᠣᠯ ᠤᠷᠠᠨ ᠪᠢᠴᠢᠯᠭᠡ ᠶ᠋ᠢ ᠮᠠᠰᠢ ᠠᠷᠪᠢᠨ ᠢ᠋ ᠴᠤᠭᠯᠠᠭᠤᠯᠤᠨ ᠬᠤᠷᠠᠮᠳᠤᠭᠤᠯᠵᠠᠢ᠃
4. ᠣᠷᠣᠰ᠂ ᠶᠠᠫᠣᠨ᠂ ᠮᠣᠩᠭᠣᠯ ᠵᠡᠷᠭᠡ ᠤᠯᠤᠰ ᠢ᠋ᠶ᠋ᠠᠷ ᠠᠢᠯᠴᠢᠯᠠᠨ ᠬᠦᠷᠴᠦ᠂ ᠮᠣᠩᠭᠣᠯ ᠤᠷᠠᠨ ᠪᠢᠴᠢᠯᠭᠡ᠂ ᠶᠠᠫᠣᠨ ᠦᠰᠦᠭ ᠦ᠋ᠨ ᠤᠷᠠᠨ ᠪᠢᠴᠢᠯᠭᠡ ᠶ᠋ᠢ ᠪᠠᠰᠠ ᠡᠳᠦᠢ ᠲᠡᠳᠦᠢ ᠣᠯᠵᠤ ᠠᠪᠴᠢᠷᠠᠨ ᠬᠡᠪᠯᠡᠯ ᠳ᠋ᠦ᠍ ᠣᠷᠣᠭᠤᠯᠬᠤ ᠪᠠᠷ ᠪᠡᠯᠡᠬᠡᠨ ᠪᠣᠯᠤᠭᠠᠳ ᠪᠠᠢᠨ᠎ᠠ᠃
ᠨᠠᠢ᠍ᠮᠠ᠂ ᠨᠡᠷ᠎ᠡ ᠲᠥᠷᠥ᠂ ᠢᠷᠠᠭᠤ ᠠᠯᠳᠠᠷ᠂ ᠥᠩᠭᠡ ᠭᠡᠷᠡᠯ ᠢ᠋ᠶ᠋ᠡᠷ ᠢ᠋ᠶ᠋ᠡᠨ ᠨᠡᠩ ᠣᠯᠠᠨ ᠬᠥᠮᠦᠰ ᠢ᠋ ᠤᠷᠢᠶᠠᠯᠠᠨ ᠲᠡᠢᠴᠢᠯᠡᠪᠡ᠃
1. ᠪᠠᠢ ᠪᠥᠬᠡ ᠥᠪᠡᠷ ᠦ᠋ᠨ ᠡᠳᠦᠷ ᠦ᠋ᠨ ᠲᠡᠮᠳᠡᠭᠯᠡᠯ ᠳ᠋ᠡᠭᠡᠨ《ᠮᠣᠩᠭᠣᠯ ᠤᠷᠠᠨ ᠪᠢᠴᠢᠯᠭᠡ ᠨᠠᠳᠠ ᠳ᠋ᠤ᠌ ᠬᠡᠮᠵᠢᠶᠡᠯᠡᠰᠢ ᠦᠭᠡᠢ ᠪᠠᠶᠠᠷ ᠪᠠᠶᠠᠰᠬᠤᠯᠠᠩ ᠪᠣᠯᠤᠨ ᠢᠷᠠᠭᠤ ᠠᠯᠳᠠᠷ ᠢ᠋ ᠠᠪᠴᠢᠷᠠᠵᠤ ᠥᠭᠭᠦᠭᠰᠡᠨ ᠪᠠᠢᠨ᠎ᠠ》ᠭᠡᠵᠦ ᠪᠢᠴᠢᠨ ᠦᠯᠡᠳᠡᠭᠡᠵᠡᠢ᠃ 1997 ᠣᠨ ᠳ᠋ᠤ᠌ ᠪᠠᠢ ᠪᠥᠬᠡ ᠮᠣᠩᠭᠣᠯ ᠤᠷᠠᠨ ᠪᠢᠴᠢᠯᠭᠡ ᠶ᠋ᠢᠨ ᠳᠡᠳ᠋ ᠫᠷᠣᠹᠧᠰᠰᠣᠷ ᠵᠡᠷᠭᠡ ᠭᠡᠮ ᠢ᠋ ᠣᠯᠤᠭᠰᠠᠨ ᠮᠥᠷᠲᠡᠭᠡᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠠᠮᠤᠭ ᠤ᠋ᠨ ᠳᠡᠭᠡᠳᠦ ᠤᠳᠬ᠎ᠠ ᠤᠷᠠᠯᠢᠭ ᠤ᠋ᠨ ᠱᠠᠩᠨᠠᠯ《ᠰᠠᠷᠠᠨ᠎ᠠ》ᠱᠠᠩᠨᠠᠯ ᠢ᠋ ᠣᠯᠵᠠᠢ᠃
2. 1999 ᠣᠨ ᠳ᠋ᠤ᠌ ᠲᠡᠭᠦᠨ ᠦ᠌ ᠨᠠᠢᠷᠠᠭᠤᠯᠤᠨ ᠵᠣᠬᠢᠶᠠᠭᠰᠠᠨ《ᠮᠣᠩᠭᠣᠯ ᠤᠷᠠᠨ ᠪᠢᠴᠢᠯᠭᠡ ᠶ᠋ᠢᠨ ᠤᠳᠤᠷᠢᠳᠤᠮᠵᠢ》ᠨᠢ ᠰᠤᠷᠭᠠᠨ ᠬᠥᠮᠦᠵᠢᠯ ᠦ᠋ᠨ ᠶᠠᠮᠤᠨ ᠤ᠋ ᠪᠦᠬᠦ ᠤᠯᠤᠰ ᠤ᠋ᠨ ᠶᠡᠬᠡ ᠳᠡᠭᠡᠳᠦ ᠰᠤᠷᠭᠠᠭᠤᠯᠢ ᠶ᠋ᠢᠨ ᠵᠢᠭᠠᠬᠤ ᠪᠢᠴᠢᠭ ᠦ᠋ᠨ ᠬᠣᠶᠠᠳᠤᠭᠠᠷ ᠳᠡᠰ ᠦ᠋ᠨ ᠱᠠᠩᠨᠠᠯ ᠢ᠋ ᠣᠯᠵᠠᠢ᠃
3. 2001ᠣᠨ ᠳ᠋ᠤ᠌ ᠮᠣᠩᠭᠣᠯ ᠤᠷᠠᠨ ᠪᠢᠴᠢᠯᠭᠡ ᠶ᠋ᠢᠨ ᠫᠷᠣᠹᠧᠰᠰᠣᠷ ᠵᠡᠷᠭᠡ ᠭᠡᠮ ᠢ᠋ ᠣᠯᠤᠭᠰᠠᠨ ᠪᠠᠢᠨ᠎ᠠ᠃
4. 2002 ᠣᠨ ᠳ᠋ᠤ᠌ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋《ᠢᠳᠡᠷ ᠵᠠᠯᠠᠭᠤ ᠨᠠᠰᠤᠨ ᠤ᠋ ᠭᠠᠷᠮᠠᠭᠠᠢ ᠵᠢᠳᠬᠦᠯᠲᠡᠨ》 ᠢ᠋ᠶ᠋ᠡᠷ ᠦᠨᠡᠯᠡᠭᠳᠡᠪᠡ᠃
5. 2004 ᠣᠨ ᠳ᠋ᠤ᠌ ᠲᠥᠷᠥ ᠶ᠋ᠢᠨ ᠶᠠᠪᠤᠳᠠᠯ ᠤ᠋ᠨ《ᠵᠠᠰᠠᠭ ᠤ᠋ᠨ ᠣᠷᠳᠣᠨ ᠤ᠋ ᠨᠥᠬᠥᠪᠥᠷᠢ ᠮᠥᠩᠭᠥ》 ᠶ᠋ᠢ ᠬᠦᠷᠲᠡᠵᠡᠢ᠃
6. 2009 ᠣᠨ ᠳ᠋ᠤ᠌ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋《ᠲᠠᠪᠤᠨ ᠨᠢᠭᠡ ᠶ᠋ᠢᠨ ᠢᠨᠵᠸᠨ᠋ᠸᠷᠢᠩ ᠦ᠋ᠨ ᠱᠠᠩᠨᠠᠯ》 ᠢ ᠣᠯᠵᠠᠢ᠃
7. 2010 ᠣᠨ ᠤ᠋ ᠲᠠᠪᠤᠨ ᠰᠠᠷ᠎ᠠ ᠶ᠋ᠢᠨ ᠨᠢᠭᠡᠨ ᠳ᠋ᠦ᠍ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋《ᠬᠥᠳᠡᠯᠮᠦᠷᠢ ᠶ᠋ᠢᠨ ᠵᠢᠱ᠌ᠢᠶᠡᠴᠢ》 ᠪᠡᠷ ᠰᠣᠩᠭᠣᠭᠳᠠᠪᠠ᠃
8. 2012 ᠣᠨ ᠳ᠋ᠤ᠌ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠰᠠᠭ ᠤ᠋ᠨ ᠣᠷᠳᠣᠨ ᠤ᠋ ᠵᠥᠪᠳᠡᠭᠴᠢ ᠪᠡᠷ ᠡᠷᠭᠦᠮᠵᠢᠯᠡᠭᠳᠡᠪᠡ᠃ ᠪᠠᠢ ᠪᠥᠬᠡ ᠶ᠋ᠢᠨ ᠡᠳᠡᠭᠡᠷ ᠣᠯᠠᠨ ᠢᠷᠠᠭᠤ ᠠᠯᠳᠠᠷ ᠨᠢ ᠲᠡᠭᠦᠨ ᠦ᠌ ᠬᠠᠲᠠᠭᠤᠵᠢᠯᠲᠠᠢ ᠰᠢᠷᠭᠠᠭᠤ ᠬᠥᠳᠡᠯᠮᠦᠷᠢᠯᠡᠭᠰᠡᠨ ᠦ᠌ ᠬᠢᠨᠢ ᠬᠠᠷᠢᠭᠤ ᠳ᠋ᠤ᠌ ᠣᠯᠤᠭᠰᠠᠨ ᠬᠠᠢᠷ᠎ᠠ ᠬᠠᠯᠠᠮᠵᠢ ᠮᠥᠨ᠃ ᠲᠡᠭᠦᠨ ᠦ᠌ ᠨᠡᠷ᠎ᠡ ᠲᠥᠷᠥ᠂ ᠢᠷᠠᠭᠤ ᠠᠯᠳᠠᠷ᠂ ᠥᠩᠭᠡ ᠭᠡᠷᠡᠯ ᠨᠢ ᠥᠷᠭᠡᠨ ᠣᠯᠠᠨ ᠮᠣᠩᠭᠣᠯ ᠤᠷᠠᠨ ᠪᠢᠴᠢᠯᠭᠡᠲᠡᠳ ᠪᠣᠯᠤᠨ ᠨᠡᠢᠭᠡᠮ ᠦ᠋ᠨ ᠬᠥᠮᠦᠰ ᠦ᠋ᠨ ᠮᠠᠭᠲᠠᠭᠠᠯ ᠰᠠᠢᠰᠢᠶᠠᠯ ᠢ᠋ ᠣᠯᠵᠤ᠂ ᠨᠡᠩ ᠣᠯᠠᠨ ᠬᠥᠮᠦᠰ ᠢ᠋ ᠮᠣᠩᠭᠣᠯ ᠤᠷᠠᠨ ᠪᠢᠴᠢᠯᠭᠡ ᠳ᠋ᠦ᠍ ᠳᠤᠷ᠎ᠠ ᠪᠠᠬ᠎ᠠ ᠲᠠᠢ ᠪᠣᠯᠭᠠᠵᠤ᠂ ᠨᠡᠩ ᠣᠯᠠᠨ ᠬᠥᠮᠦᠰ ᠢ᠋ ᠮᠣᠩᠭᠣᠯ ᠤᠷᠠᠨ ᠪᠢᠴᠢᠯᠭᠡ ᠭᠡᠬᠦ ᠤᠷᠠᠯᠢᠭ ᠤ᠋ᠨ ᠬᠣᠢᠨ᠎ᠠ ᠠ᠋ᠴᠠ ᠰᠠᠢᠨ ᠳᠤᠷ᠎ᠠ ᠠ᠋ᠴᠠ ᠪᠠᠨ ᠬᠦᠬᠡᠬᠡᠴᠡᠯᠳᠦᠯᠴᠡᠬᠦ ᠬᠡᠮᠵᠢᠶᠡᠨ ᠳ᠋ᠦ᠍ ᠬᠦᠷᠭᠡᠵᠦ᠂ ᠨᠡᠩ ᠣᠯᠠᠨ ᠬᠥᠮᠦᠰ ᠢ᠋ ᠮᠣᠩᠭᠣᠯ ᠤᠷᠠᠨ ᠪᠢᠴᠢᠯᠭᠡ ᠶ᠋ᠢᠨ ᠦᠢᠯᠡᠰ ᠲᠦ᠍ ᠳᠤᠷᠠᠲᠠᠢᠶ᠎ᠠ ᠴᠢᠷᠮᠠᠢᠨ ᠵᠢᠳᠬᠦᠬᠦ ᠪᠡᠷ ᠤᠷᠢᠶᠠᠯᠠᠨ ᠳᠠᠢᠴᠢᠯᠠᠭᠰᠠᠨ ᠪᠠᠢᠨ᠎ᠠ᠃ ᠪᠠᠢ ᠪᠥᠬᠡ ᠫᠷᠣᠹᠧᠰᠰᠣᠷ ᠤ᠋ᠨ ᠲᠤᠬᠠᠢ ᠪᠠᠶᠠᠨᠨᠠᠭᠤᠷ ᠤ᠋ᠨ ᠠᠯᠳᠠᠷᠲᠤ ᠮᠣᠩᠭᠣᠯ ᠤᠷᠠᠨ ᠪᠢᠴᠢᠯᠭᠡᠲᠡᠨ ᠰᠡᠴᠡᠨᠪᠢᠯᠢᠭ ᠡᠴᠡ᠄ ᠪᠣᠰᠤᠭ᠎ᠠ ᠪᠢᠴᠢᠯᠭᠡ ᠪᠡᠨ ᠤᠷᠠᠯᠠᠵᠤ ᠰᠤᠳᠤᠯᠤᠭᠰᠠᠨ ᠤᠤᠭᠠᠨ ᠫᠷᠣᠹᠧᠰᠰᠣᠷ ᠪᠥᠵᠢᠭᠲᠦ ᠪᠢᠷ ᠢ᠋ᠶ᠋ᠡᠨ ᠮᠢᠷᠠᠯᠵᠠᠭᠤᠯᠤᠭᠰᠠᠨ ᠣᠨᠣᠯ ᠦᠢᠯᠡᠳᠦᠯᠭᠡ ᠶ᠋ᠢᠨ ᠠᠪᠤᠷᠭᠤ ᠪᠤᠰᠤᠳ ᠲᠤ᠌ ᠠᠯᠢᠪᠠ ᠪᠠᠨ ᠵᠣᠷᠢᠭᠤᠯᠤᠭᠰᠠᠨ ᠰᠤᠷᠭᠠᠨ ᠬᠥᠮᠦᠵᠢᠯ ᠦ᠋ᠨ ᠵᠢᠳᠬᠦᠯᠲᠡᠨ ᠪᠤᠶᠠᠨᠲᠤ ᠦᠢᠯᠡᠰ ᠲᠡᠭᠡᠨ ᠲᠡᠮᠡᠦᠯᠦᠨ ᠬᠠᠭᠠᠰ ᠵᠠᠭᠤᠨ ᠢ᠋ ᠰᠤᠨᠳᠠᠯᠠᠭᠰᠠᠨ ᠪᠤᠷᠬᠠᠨ ᠰᠡᠳᠬᠢᠯᠲᠦ ᠪᠢᠴᠢᠯᠭᠡ ᠶ᠋ᠢᠨ ᠪᠣᠭᠳᠠ ᠪᠠᠢ ᠪᠥᠬᠡ ᠪᠠᠭᠰᠢ ᠮᠢᠨᠢ ᠭᠡᠵᠦ ᠦᠨᠡᠯᠡᠭᠰᠡᠨ ᠪᠠᠢᠨ᠎ᠠ᠃
ᠪᠠᠢ ᠪᠥᠬᠡ ᠶ᠋ᠢᠨ ᠲᠤᠬᠠᠢ ᠵᠠᠩᠭᠢᠯᠠᠭ᠎ᠠ ᠶ᠋ᠢᠨ ᠦᠭᠡ᠄ ᠪᠠᠢ ᠪᠥᠬᠡ ᠮᠣᠩᠭᠣᠯ ᠤᠷᠠᠨ ᠪᠢᠴᠢᠯᠭᠡ ᠶ᠋ᠢᠨ ᠶᠡᠬᠡ ᠰᠤᠷᠭᠠᠭᠤᠯᠢ ᠶ᠋ᠢᠨ ᠵᠢᠭᠠᠨ ᠰᠤᠷᠭᠠᠯᠲᠠ ᠶ᠋ᠢ ᠨᠡᠭᠡᠭᠡᠭᠰᠡᠨ ᠰᠠᠭᠤᠷᠢᠯᠠᠭᠴᠢ ᠶ᠋ᠢᠨ ᠨᠢᠭᠡ᠃ ᠮᠣᠩᠭᠣᠯ ᠤᠷᠠᠨ ᠪᠢᠴᠢᠯᠭᠡ ᠶ᠋ᠢ ᠲᠦᠭᠡᠭᠡᠨ ᠳᠡᠯᠭᠡᠷᠡᠭᠦᠯᠦᠭᠴᠢ᠂ ᠮᠣᠩᠭᠣᠯ ᠤᠷᠠᠨ ᠪᠢᠴᠢᠯᠭᠡ ᠶ᠋ᠢᠨ ᠣᠨᠣᠯᠳᠠᠨ᠂ ᠰᠤᠷᠭᠠᠨ ᠬᠦᠮᠦᠵᠢᠯᠲᠡᠨ᠂ ᠵᠢᠳᠬᠦᠯᠲᠡᠨ᠂ ᠮᠣᠩᠭᠣᠯ ᠤᠷᠠᠨ ᠪᠢᠴᠢᠯᠭᠡ ᠶ᠋ᠢᠨ ᠳᠣᠪᠲᠣᠯᠭᠠᠨ ᠪᠢᠴᠢᠯᠭᠡ (ᠲᠦᠷᠭᠡᠨ ᠪᠢᠴᠢᠯᠭᠡ) ᠶ᠋ᠢ ᠰᠢᠨ᠎ᠡ ᠱᠠᠲᠤᠨ ᠳ᠋ᠤ᠌ ᠣᠷᠣᠭᠤᠯᠤᠭᠰᠠᠨ ᠬᠥᠮᠦᠨ ᠪᠣᠯᠤᠨ᠎ᠠ᠃ ᠮᠣᠩᠭᠣᠯ ᠰᠣᠶᠣᠯ ᠤᠷᠠᠯᠢᠭ ᠢ᠋ ᠪᠠᠶᠠᠯᠢᠭᠵᠢᠭᠤᠯᠵᠤ᠂ ᠮᠣᠩᠭᠣᠯ ᠦᠨᠳᠦᠰᠦᠲᠡᠨ ᠦ᠌ ᠵᠣᠷᠢᠭ ᠰᠠᠨᠠᠭ᠎ᠠ ᠶ᠋ᠢ ᠪᠠᠳᠠᠷᠠᠭᠤᠯᠤᠭᠴᠢ ᠮᠥᠨ᠃

