ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 30 Нэгэн ном тавцан үн өдөр үн тэмдэглэлээс – 30 ᠨᠠᠢᠷᠠᠭᠤᠯᠤᠯ ᠥᠭᠦᠯᠡᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 30 Нэгэн ном тавцан үн өдөр үн тэмдэглэлээс – 30

ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 30 Нэгэн ном тавцан үн өдөр үн тэмдэглэлээс – 30

2025-03-19

306


       ᠨᠢᠭᠡ ᠱᠣᠭ ᠵᠢᠷᠤᠭ ᠤ᠋ᠨ ᠰᠡᠳᠬᠦᠯ ᠳ᠋ᠦ᠍ ᠵᠢᠷᠤᠭ ᠵᠢᠷᠤᠳᠠᠭ ᠬᠥᠮᠦᠨ ᠪᠠᠢᠵᠠᠢ᠃ ᠲᠡᠭᠦᠨ ᠦ᠌ ᠵᠢᠷᠤᠳᠠᠭ ᠱᠣᠭ ᠵᠢᠷᠤᠭ ᠨᠢ ᠮᠠᠰᠢ ᠶᠦᠮᠦᠷᠯᠢᠭ ᠮᠥᠷᠲᠡᠭᠡᠨ ᠭᠦᠨ ᠤᠬᠠᠭᠠᠯᠢᠭ ᠪᠠᠢᠳᠠᠭ ᠲᠤᠯᠠ ᠡᠨᠡ ᠰᠡᠳᠬᠦᠯ ᠦ᠋ᠨ ᠪᠣᠷᠣᠯᠠᠭᠤᠯᠤᠯᠭ᠎ᠠ ᠶᠡᠬᠡ ᠰᠠᠢᠨ ᠭᠡᠨ᠎ᠡ᠃ ᠭᠡᠲᠡᠯ᠎ᠡ ᠨᠢᠭᠡ ᠡᠳᠦᠷ ᠰᠢᠨ᠎ᠡ ᠳᠠᠷᠤᠭ᠎ᠠ ᠢᠷᠡᠭᠰᠡᠨ ᠡᠴᠡ ᠬᠣᠢᠰᠢ ᠲᠡᠭᠦᠨ ᠦ᠌ ᠵᠢᠷᠤᠭᠰᠠᠨ ᠢ᠋ ᠵᠠᠪᠠᠯ ᠥᠪᠡᠷ ᠦ᠋ᠨ ᠢ᠋ᠶ᠋ᠡᠨ ᠰᠠᠨᠠᠭ᠎ᠠ ᠪᠠᠷ ᠢ᠋ᠶ᠋ᠠᠨ ᠵᠠᠰᠠᠪᠤᠷᠢ ᠣᠷᠣᠭᠤᠯᠤᠭᠠᠳ ᠨᠡᠢᠲᠡᠯᠡᠳᠡᠭ ᠪᠣᠯᠤᠭᠰᠠᠨ ᠠ᠋ᠴᠠ ᠤᠤᠯ ᠤ᠋ᠨ ᠶᠦᠮᠦᠷᠯᠢᠭ ᠪᠠ ᠭᠦᠨ ᠤᠬᠠᠭᠠᠯᠢᠭ ᠰᠢᠨᠵᠢ ᠶ᠋ᠢ ᠨᠢ ᠶᠡᠬᠡᠬᠡᠨ ᠪᠠᠭᠤᠷᠠᠭᠤᠯᠤᠭᠰᠠᠨ ᠪᠠᠢᠵᠠᠢ᠃ ᠡᠨᠡ ᠬᠥᠮᠦᠨ ᠳᠠᠷᠤᠭ᠎ᠠ ᠳ᠋ᠠᠭᠠᠨ ᠮᠠᠰᠢ ᠶᠡᠬᠡ ᠳᠤᠷ᠎ᠠ ᠦᠭᠡᠢ ᠪᠠᠢᠭᠰᠠᠨ ᠴᠦ᠍ ᠳᠤᠤᠭᠠᠷᠴᠤ ᠴᠢᠳᠠᠬᠤ ᠦᠭᠡᠢ ᠳᠣᠲᠣᠷ᠎ᠠ ᠪᠠᠨ ᠵᠣᠪᠠᠵᠤ ᠰᠠᠭᠤᠵᠤ ᠪᠠᠢᠬᠤ ᠳ᠋ᠤ᠌ ᠨᠠᠢᠵᠠ ᠨᠢ ᠮᠡᠳᠡᠭᠡᠳ ᠲᠡᠭᠦᠨ ᠳ᠋ᠦ᠍ ᠨᠢᠭᠡ ᠠᠷᠭ᠎ᠠ ᠭᠠᠷᠭᠠᠵᠤ ᠥᠭᠴᠡᠢ᠃ ᠬᠣᠶᠠᠳᠤᠭᠠᠷ ᠡᠳᠦᠷ ᠨᠢ ᠡᠨᠡ ᠬᠥᠮᠦᠨ ᠵᠢᠷᠤᠭ ᠢ᠋ᠶ᠋ᠠᠨ ᠵᠢᠷᠤᠵᠤ ᠪᠠᠷᠠᠭᠰᠠᠨ ᠤ᠋ ᠳᠠᠷᠠᠭ᠎ᠠ ᠬᠠᠵᠠᠭᠤ ᠳ᠋ᠤ᠌ ᠨᠢ ᠵᠦᠭᠡᠷ ᠯᠡ ᠨᠢᠭᠡ ᠭᠠᠬᠠᠢ ᠵᠢᠷᠤᠭᠠᠳ ᠳᠠᠷᠤᠭ᠎ᠠ ᠳ᠋ᠠᠭᠠᠨ ᠠᠪᠠᠴᠢᠵᠤ ᠥᠭᠭᠦᠭᠰᠡᠨ ᠳ᠋ᠦ᠍ ᠳᠠᠷᠤᠭ᠎ᠠ ᠨᠢ ᠭᠠᠬᠠᠢ ᠶ᠋ᠢ ᠨᠢ ᠬᠠᠰᠤᠵᠤ ᠬᠠᠶᠠᠪᠠ᠃ ᠡᠭᠦᠨ ᠳ᠋ᠦ᠍ ᠡᠨᠡ ᠬᠥᠮᠦᠨ ᠵᠠᠪᠠᠯ ᠲᠡᠷᠡ ᠭᠠᠬᠠᠢ ᠶ᠋ᠢ ᠦᠯᠡᠳᠡᠭᠡᠬᠦ ᠭᠡᠵᠦ ᠳᠠᠷᠤᠭ᠎ᠠ ᠲᠠᠢ ᠪᠠᠨ ᠮᠠᠷᠭᠤᠯᠳᠤᠵᠠᠢ᠃ ᠢᠩᠭᠢᠵᠦ ᠪᠠᠢᠲᠠᠯ᠎ᠠ ᠬᠠᠵᠠᠭᠤ ᠠ᠋ᠴᠠ ᠨᠠᠢᠵᠠ ᠨᠢ ᠬᠠᠷᠠᠭᠠᠳ ᠡᠳᠡ ᠬᠣᠶᠠᠷ ᠤ᠋ᠨ ᠬᠣᠭᠣᠷᠣᠨᠳᠣ ᠵᠣᠬᠢᠴᠠᠭᠤᠯᠭ᠎ᠠ ᠬᠢᠵᠦ ᠲᠡᠷᠡ ᠭᠠᠬᠠᠢ ᠶ᠋ᠢ ᠬᠠᠰᠤᠵᠤ ᠬᠠᠶᠠᠬᠤ ᠪᠠᠷ ᠪᠣᠯᠵᠠᠢ᠃ ᠢᠩᠭᠢᠭᠡᠳ ᠳᠠᠷᠤᠭ᠎ᠠ ᠨᠢ ᠥᠪᠡᠷ ᠦ᠋ᠨ ᠨᠢᠭᠤᠷ ᠢ᠋ᠶ᠋ᠠᠨ ᠠᠪᠴᠤ ᠭᠠᠷᠤᠭᠰᠠᠨ ᠢ᠋ᠶ᠋ᠠᠷ ᠪᠠᠷᠠᠬᠤ ᠦᠭᠡᠢ ᠵᠢᠷᠤᠭᠴᠢᠨ ᠤ᠋ ᠵᠢᠷᠤᠭ ᠨᠢ ᠴᠦ᠍ ᠤᠤᠯ ᠬᠡᠪ ᠢ᠋ᠶ᠋ᠡᠷ ᠢ᠋ᠶ᠋ᠡᠨ ᠨᠡᠢᠲᠡᠯᠡᠭᠳᠡᠵᠡᠢ᠃ ᠡᠭᠦᠨ ᠡᠴᠡ ᠬᠣᠢᠰᠢ ᠲᠡᠷᠡ ᠳᠠᠷᠤᠭ᠎ᠠ ᠨᠢ ᠳᠠᠬᠢᠵᠤ ᠲᠡᠭᠦᠨ ᠦ᠌ ᠵᠢᠷᠤᠭ ᠢ᠋ ᠵᠠᠰᠠᠬᠤ ᠪᠠᠨ ᠪᠣᠯᠢᠭᠰᠠᠨ ᠭᠡᠨ᠎ᠡ᠃  

           ᠦᠰᠦᠭ ᠠᠮᠢᠯᠠᠭᠤᠯᠤᠭᠴᠢ᠄ ᠡᠩᠬᠡᠪᠠᠲᠤ  
               ᠦᠰᠦᠭ ᠬᠢᠨᠠᠭᠴᠢ᠄ ᠪᠠᠶᠠᠷᠴᠡᠴᠡᠭ