ᠢᠯᠠᠮ᠎ᠠ Ялам Yalam ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠢᠯᠠᠮ᠎ᠠ Ялам Yalam

ᠢᠯᠠᠮ᠎ᠠ Ялам Yalam

2025-03-20

294

ᠢᠯᠠᠮ᠎ᠠ

    ᠲᠤᠰ ᠡᠮ ᠪᠣᠯ ᠢᠯᠠᠮ᠎ᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠢᠯᠠᠮ᠎ᠠ᠂ ᠮᠣᠩᠭᠣᠯ ᠢᠯᠠᠮ᠎ᠠ ᠶ᠋ᠢᠨ ᠬᠠᠲᠠᠭᠠᠭᠰᠠᠨ ᠪᠣᠯᠪᠠᠰᠤᠷᠠᠮᠠᠯ ᠵᠢᠮᠢᠰ ᠮᠥᠨ᠃ ᠪᠠᠰᠠ ᠳ᠋ᠠᠷᠰᠢᠩᠪᠥ᠋ᠷᠦ᠂ ᠳ᠋ᠠᠷᠰᠢᠩ ᠭᠡᠳᠡᠭ᠃ 
   [ ᠤᠤᠯ ᠤᠷᠭᠤᠮᠠᠯ]1. ᠢᠯᠠᠮ᠎ᠠ   ᠨᠠᠪᠴᠢ  ᠵᠤᠯᠭᠠᠷᠠᠬᠤ ᠪᠤᠲᠠ ᠮᠣᠳᠣ ᠪᠤᠶᠤ ᠲᠤᠷᠤᠭ ᠮᠣᠳᠣ᠃ 3—7m ᠪᠤᠶᠤ ᠨᠡᠩ ᠥᠨᠳᠥᠷ᠃ ᠡᠰᠢᠨ ᠦ᠌ ᠬᠠᠯᠢᠰᠤ ᠨᠢ ᠰᠢᠷᠠᠪᠲᠤᠷ ᠬᠦᠷᠡᠩ ᠥᠩᠭᠡ ᠲᠡᠢ᠂ ᠭᠤᠯᠳᠤ ᠠᠩ ᠴᠠᠪᠠ ᠲᠠᠢ᠃ ᠨᠠᠪᠴᠢ ᠨᠢ ᠴᠤᠪᠤᠷᠠᠨ ᠤᠷᠭᠤᠨ᠎ᠠ᠂ ᠥᠨᠳᠡᠭᠡᠯᠵᠢᠨ ᠪᠤᠶᠤ  ᠵᠤᠤᠪᠠᠩ ᠬᠡᠯᠪᠡᠷᠢ ᠲᠡᠢ᠂ 5—10cm ᠤᠷᠲᠤ᠂ ᠬᠠᠮᠤᠭ ᠤᠷᠲᠤ ᠳ᠋ᠠᠭᠠᠨ20cm ᠬᠦᠷᠳᠡᠭ᠂ 5—11cm ᠥᠷᠭᠡᠨ᠂ ᠱᠣᠪᠳᠤᠭᠤᠷ ᠦᠵᠦᠭᠦᠷ ᠲᠡᠢ᠂ ᠵᠢᠷᠦᠬᠡᠨ ᠬᠡᠯᠪᠡᠷᠢᠲᠦ ᠤᠭ ᠲᠠᠢ ᠪᠤᠶᠤ ᠵᠢᠭᠠᠬᠠᠨ ᠬᠠᠵᠠᠭᠠᠢ᠂ ᠵᠢᠭᠳᠡ ᠪᠤᠰᠤ ᠲᠣᠮᠣ ᠬᠢᠷᠥᠭᠡᠨ ᠰᠢᠳᠦᠲᠦ ᠬᠥᠪᠡᠭᠡ ᠪᠤᠶᠤ ᠲᠣᠭᠣᠷᠢᠭ ᠬᠡᠷᠴᠢᠶᠡᠰᠦᠳᠦ ᠬᠥᠪᠡᠭᠡ ᠲᠡᠢ᠃ ᠨᠠᠪᠴᠢᠨ ᠪᠠᠷᠢᠭᠤᠯ ᠨᠢ1.5—4cm ᠤᠷᠲᠤ᠃ ᠲᠣᠰᠬᠣᠭᠤᠷ ᠨᠠᠪᠴᠢ ᠨᠢ ᠬᠠᠪᠲᠠᠭᠠᠢ ᠲᠡᠪᠡᠨᠡ ᠬᠡᠯᠪᠡᠷᠢ ᠲᠡᠢ ᠪᠥᠭᠡᠳ ᠡᠷᠲᠡ ᠵᠤᠯᠭᠠᠷᠠᠨ᠎ᠠ᠃ ᠴᠡᠴᠡᠭ ᠨᠢ ᠭᠠᠭᠴᠠ ᠪᠡᠯᠭᠡ ᠲᠡᠢ᠂ ᠣᠨᠳᠣᠣ ᠭᠡᠷᠲᠡᠢ᠂ ᠴᠡᠴᠡᠭ ᠨᠢ ᠰᠢᠷᠠᠩᠭᠤᠢ ᠨᠣᠭᠣᠭᠠᠨ ᠥᠩᠭᠡ ᠲᠡᠢ᠂ ᠨᠠᠪᠴᠢ ᠲᠠᠢ ᠪᠠᠨ ᠬᠠᠮᠲᠤ ᠳᠡᠯᠭᠡᠷᠡᠨ᠎ᠡ᠂ ᠡᠷ᠎ᠡ ᠴᠡᠴᠡᠭ ᠨᠢ ᠤᠨᠵᠢᠭᠢᠷ ᠪᠠᠭ ᠴᠡᠴᠡᠭ ᠪᠣᠯᠵᠤ ᠪᠦᠷᠢᠯᠳᠦᠳᠡᠭ᠂ ᠡᠮ᠎ᠡ ᠴᠡᠴᠡᠭ ᠨᠢ ᠲᠦᠷᠦᠭᠦᠦ ᠬᠡᠯᠪᠡᠷᠢᠲᠦ ᠪᠠᠭ ᠴᠡᠴᠡᠭ ᠪᠣᠯᠳᠠᠭ᠃ ᠲᠣᠭᠳᠣᠢ ᠨᠢ4 ᠣᠨᠢ ᠲᠠᠢ᠃ ᠡᠷ᠎ᠡ ᠴᠡᠴᠡᠭ ᠨᠢ4 ᠡᠷ᠎ᠡ ᠲᠣᠭᠣᠷᠴᠣᠭ ᠲᠠᠢ᠂ ᠡᠮ᠎ᠡ ᠴᠡᠴᠡᠭ ᠨᠢ ᠴᠡᠴᠡᠭ ᠦ᠋ᠨ ᠪᠠᠭᠠᠨ᠎ᠠ ᠦᠭᠡᠢ᠂ ᠪᠠᠭᠠᠨ᠎ᠠ ᠶ᠋ᠢᠨ ᠠᠮᠠᠰᠠᠷ ᠨᠢ ᠠᠴᠠ ᠬᠡᠯᠪᠡᠷᠢ ᠲᠡᠢ᠂ ᠮᠠᠲᠠᠷᠢᠨ᠎ᠠ᠃ ᠪᠠᠷᠢᠭᠤᠯ ᠪᠦᠬᠦᠢ ᠵᠤᠤᠪᠠᠩ ᠬᠡᠯᠪᠡᠷᠢᠲᠦ ᠮᠢᠬᠠᠯᠢᠭ ᠨᠡᠢᠯᠡᠮᠡᠯ ᠵᠢᠮᠢᠰ ᠨᠢ ᠰᠤᠭᠤ ᠳᠤᠨᠢ ᠤᠷᠭᠤᠨ᠎ᠠ᠃1—2.5cm ᠤᠷᠲᠤ᠂ ᠭᠦᠨ ᠪᠣᠷᠣ ᠪᠤᠶᠤ ᠬᠠᠷ᠎ᠠ ᠥᠩᠭᠡ ᠲᠡᠢ᠂ ᠴᠠᠭᠠᠨ ᠨᠢ ᠬᠣᠪᠣᠷᠬᠠᠨ ᠲᠣᠬᠢᠶᠠᠯᠳᠤᠨ᠎ᠠ᠂ 4—5 ᠳ᠋ᠤᠭᠠᠷ ᠰᠠᠷ᠎ᠠ ᠳ᠋ᠤ᠌ ᠴᠡᠴᠡᠭᠯᠡᠵᠦ᠂6—7 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   2. ᠮᠣᠩᠭᠣᠯ ᠢᠯᠠᠮ᠎ᠠ   ᠨᠠᠪᠴᠢ ᠵᠤᠯᠭᠠᠷᠠᠬᠤ ᠪᠠᠭᠠᠪᠲᠤᠷ ᠲᠤᠷᠤᠭ ᠮᠣᠳᠣ᠃3—8m ᠥᠨᠳᠥᠷ᠂ ᠬᠣᠯᠲᠣᠰᠣ ᠨᠢ ᠴᠠᠢᠪᠤᠷ ᠬᠦᠷᠢᠨ᠂ ᠵᠤᠷᠪᠤᠰᠯᠢᠭ᠋ ᠠᠷ ᠪᠤᠶᠤ ᠠᠩ ᠲᠠᠢ᠃ ᠨᠠᠪᠴᠢ ᠨᠢ ᠴᠤᠪᠤᠷᠠᠨ ᠤᠷᠭᠤᠨ᠎ᠠ᠂ ᠥᠷᠭᠡᠨ ᠥᠨᠳᠡᠭᠡᠯᠵᠢᠨ ᠪᠤᠶᠤ ᠤᠷᠲᠤ ᠲᠣᠭᠣᠷᠢᠭ ᠥᠨᠳᠡᠭᠡᠯᠵᠢᠨ ᠬᠡᠯᠪᠡᠷᠢ ᠲᠡᠢ᠂6—16cm ᠤᠷᠲᠤ᠂3—8cm ᠥᠷᠭᠡᠨ᠂ ᠵᠢᠷᠦᠬᠡᠨ ᠬᠡᠯᠪᠡᠷᠢᠲᠦ ᠤᠭ ᠲᠠᠢ᠂ ᠰᠡᠭᠦᠯ ᠰᠢᠭ ᠱᠣᠪᠣᠭᠣᠷ ᠦᠵᠦᠭᠦᠷ ᠲᠡᠢ᠂ ᠨᠠᠪᠴᠢᠨ ᠬᠥᠪᠡᠭᠡ ᠶ᠋ᠢᠨ  ᠠᠷᠠᠭ᠎ᠠ ᠶ᠋ᠢᠨ ᠦᠵᠦᠭᠦᠷ ᠨᠢ ᠥᠷᠭᠡᠰᠦ ᠰᠢᠭ ᠱᠣᠪᠬᠣ ᠣᠷᠣᠢ ᠲᠠᠢ᠂ ᠨᠠᠪᠴᠢᠨ ᠬᠥᠪᠡᠭᠡ ᠨᠢ ᠡᠮᠲᠡᠷᠬᠡᠢ ᠰᠢᠭ ᠣᠨᠢ ᠲᠠᠢ᠃ ᠣᠨᠳᠣᠣ ᠬᠡᠷᠲᠡᠢ᠂ ᠡᠷ᠎ᠡ ᠪᠠᠭ ᠴᠡᠴᠡᠭ ᠨᠢ ᠤᠨᠵᠢᠢᠨ᠎ᠠ᠂ ᠡᠷᠲᠡ ᠵᠤᠯᠭᠠᠷᠠᠨ᠎ᠠ᠃ ᠴᠡᠴᠡᠭ ᠨᠢ ᠢᠬᠴᠤ᠂ ᠡᠷ᠎ᠡ ᠲᠣᠭᠣᠷᠴᠣᠭ ᠨᠢ4. ᠡᠮ᠎ᠡ ᠪᠠᠭ ᠴᠡᠴᠡᠭ ᠨᠢ   ᠣᠬᠣᠷ᠂ ᠤᠮᠠᠢ ᠨᠢ ᠨᠢᠭᠡ ᠲᠠᠰᠤᠭ ᠲᠠᠢ᠂ ᠪᠠᠭᠠᠨ᠎ᠠ ᠶ᠋ᠢᠨ ᠠᠮᠠᠰᠠᠷ ᠨᠢ 2ᠣᠨᠢ ᠲᠠᠢ᠃ ᠢᠯᠠᠮ᠎ᠠ ᠵᠢᠮᠢᠰ ᠨᠢ ᠣᠯᠠᠪᠲᠤᠷ ᠪᠣᠷᠣ ᠪᠤᠶᠤ ᠬᠠᠷ᠎ᠠ ᠥᠩᠭᠡ ᠲᠡᠢ᠃5—6 ᠳ᠋ᠤᠭᠠᠷ ᠰᠠᠷ᠎ᠠ ᠳ᠋ᠤ᠌ ᠴᠡᠴᠡᠭᠯᠡᠵᠦ᠂7 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃  
   [ ᠤᠷᠭᠤᠬᠤ ᠣᠷᠴᠢᠨ ᠬᠢᠭᠡᠳ ᠲᠠᠷᠬᠠᠴᠠ] ᠠᠭᠤᠯᠠ ᠶ᠋ᠢᠨ ᠡᠭᠡᠪᠦᠷ ᠬᠠᠵᠠᠭᠤ᠂ ᠭᠣᠣ ᠭᠠᠩᠭ᠎ᠠ ᠪᠤᠶᠤ ᠰᠠᠢᠷᠩ ᠣᠢ ᠳ᠋ᠤ᠌ ᠤᠷᠭᠤᠨ᠎ᠠ᠃ ᠯᠢᠶᠣᠤᠨᠢᠩ᠂ ᠥᠪᠥᠷ ᠮᠣᠩᠭᠣᠯ᠂ ᠾᠧᠪᠧᠢ᠂ ᠱᠠᠨᠳᠦ᠋ᠩ᠂ ᠱᠠᠨ ᠰᠢ᠂ ᠾᠧᠨᠠᠨ᠂ ᠬᠤᠨᠠᠨ᠂ ᠬᠤᠪᠧᠢ᠂ ᠶᠦᠨᠨᠠᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠵᠢᠮᠢᠰ ᠨᠢ ᠤᠯᠠᠢᠬᠤ ᠳ᠋ᠤ᠌ ᠲᠡᠭᠦᠵᠦ ᠠᠪᠤᠭᠠᠳ ᠰᠡᠭᠦᠳᠡᠷ ᠲᠦ ᠬᠠᠲᠠᠭᠠᠬᠤ ᠪᠤᠶᠤ ᠬᠠᠨᠳᠠᠯᠠᠨ᠎ᠠ᠃ 
   [ ᠠᠮᠲᠠ᠂ ᠴᠢᠨᠠᠷ᠂ ᠡᠷᠳᠡᠮ] ᠠᠮᠲᠠᠯᠢᠭ᠂ ᠢᠰᠬᠦᠯᠡᠩ ᠠᠮᠲᠠ ᠲᠠᠢ᠃ ᠰᠡᠷᠢᠭᠦᠨ ᠴᠢᠨᠠᠷ ᠲᠠᠢ᠃ ᠲᠣᠰᠣᠯᠢᠭ ᠡᠷᠳᠡᠮ ᠲᠡᠢ᠃  
   [ ᠴᠢᠳᠠᠯ ᠪᠠ ᠭᠣᠣᠯᠳᠠᠬᠤ ᠵᠠᠰᠠᠬᠤ] ᠶᠠᠰᠤᠨ ᠤ᠋ ᠬᠠᠯᠠᠭᠤᠨ ᠢ᠋ ᠠᠷᠢᠯᠭᠠᠬᠤ᠂ ᠰᠢᠮᠡᠵᠢᠭᠦᠯᠬᠦ ᠴᠢᠳᠠᠯ ᠲᠠᠢ᠃ ᠭᠣᠣᠯᠳᠠᠭᠤ ᠡᠮᠡᠭᠲᠡᠢ ᠶ᠋ᠢᠨ ᠬᠡᠢ ᠪᠦᠷᠢᠯᠳᠦᠭᠰᠡᠨ ᠡᠪᠡᠳᠴᠢᠨ᠂ ᠶᠠᠰᠤ ᠪᠡᠷᠲᠡᠭᠰᠡᠨ ᠢ᠋ ᠵᠠᠰᠠᠬᠤ ᠳ᠋ᠤ᠌ ᠬᠡᠷᠡᠭᠯᠡᠨ᠎ᠡ᠃ 

    ᠬᠢᠲᠠᠳ ᠨᠡᠷ᠎ᠡ᠄ 桑椹  
    ᠠᠩᠭ᠌ᠯᠢ ᠨᠡᠷ᠎ᠡ᠄   fruit of mulberry   

   ᠦᠰᠦᠭ ᠠᠮᠢᠯᠠᠭᠤᠯᠤᠭᠴᠢ᠄  ᠣᠶᠤᠨᠴᠢᠮᠡᠭ
   ᠬᠢᠨᠠᠭᠴᠢ᠄ ᠤᠷᠠᠨᠴᠢᠮᠡᠭ᠂ ᠲᠤᠶᠠᠭ᠎ᠠ