ᠣᠯᠣᠰᠣᠨ ᠦᠷ᠎ᠡ Олсон үр Olson Ur
ᠣᠯᠣᠰᠣᠨ ᠦᠷ᠎ᠡ
ᠲᠤᠰ ᠡᠮ ᠪᠣᠯ ᠢᠯᠠᠮ᠎ᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠣᠯᠣᠰᠣ ᠶ᠋ᠢᠨ ᠬᠠᠲᠠᠭᠠᠭᠰᠠᠨ ᠪᠣᠯᠪᠠᠰᠤᠷᠠᠮᠠᠯ ᠦᠷ᠎ᠡ ᠮᠥᠨ᠃ ᠪᠠᠰᠠ ᠰᠣᠷᠣᠮᠨᠠᠭᠪᠣ᠂ ᠪᠠᠵᠢᠷ ᠭᠡᠳᠡᠭ᠃
[ ᠤᠤᠯ ᠤᠷᠭᠤᠮᠠᠯ] ᠨᠢᠭᠡ ᠨᠠᠰᠤᠲᠤ ᠡᠪᠡᠰᠦᠯᠢᠭ ᠤᠷᠭᠤᠮᠠᠯ᠃1~3m ᠥᠨᠳᠥᠷ᠂ ᠡᠰᠢ ᠨᠢ ᠰᠢᠯᠤᠭᠤᠨ ᠰᠠᠯᠠᠭᠠᠯᠠᠨ᠎ᠠ᠂ ᠡᠰᠢᠨ ᠳᠡᠭᠡᠷ᠎ᠡ ᠨᠢ ᠭᠤᠯᠳᠤ ᠬᠣᠪᠢᠯ ᠲᠠᠢ᠂ ᠨᠢᠭ ᠣᠬᠣᠷ ᠵᠥᠭᠡᠯᠡᠨ ᠦᠰᠦ ᠲᠡᠢ᠂ ᠠᠯᠠᠭᠠᠯᠢᠭ ᠨᠡᠢᠯᠡᠮᠡᠯ ᠨᠠᠪᠴᠢ ᠲᠠᠢ ᠪᠥᠭᠡᠳ ᠴᠤᠪᠤᠷᠠᠨ ᠤᠷᠭᠤᠨ᠎ᠠ᠃ ᠡᠰᠢ ᠶ᠋ᠢᠨ ᠳᠣᠣᠷ᠎ᠠ ᠬᠡᠰᠡᠭ ᠦ᠋ᠨ ᠨᠠᠪᠴᠢ ᠨᠢ ᠴᠢᠭᠲᠠᠯᠠᠨ ᠤᠷᠭᠤᠨ᠎ᠠ᠃ ᠵᠢᠵᠢᠭ ᠨᠠᠪᠴᠢ ᠨᠢ3~11᠂ ᠬᠠᠪᠲᠠᠭᠠᠢ ᠲᠡᠪᠡᠨᠡ ᠡᠴᠡ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂ ᠤᠷᠲᠤ ᠱᠣᠪᠬᠣ ᠦᠵᠦᠭᠦᠷ ᠲᠡᠢ᠂ ᠱᠠᠭᠠᠨᠲᠠᠭ ᠤᠭ ᠲᠠᠢ᠂ ᠪᠦᠳᠦᠭᠦᠯᠢᠭ ᠬᠢᠷᠥᠭᠡᠨ ᠰᠢᠳᠦᠲᠦ ᠬᠥᠪᠡᠭᠡ ᠲᠡᠢ᠂ ᠥᠪᠥᠷ ᠲᠠᠯ᠎ᠠ ᠨᠢ ᠭᠦᠨ ᠨᠣᠭᠣᠭᠠᠨ ᠥᠩᠭᠡ ᠲᠡᠢ᠃ ᠴᠡᠴᠡᠭ ᠦ᠋ᠨ ᠰᠢᠳᠠᠷ ᠨᠢ5᠂ ᠤᠷᠲᠤ ᠥᠨᠳᠡᠭᠡᠯᠵᠢᠨ ᠬᠡᠯᠪᠡᠷᠢ ᠲᠡᠢ᠂ ᠸᠠᠭᠠᠷᠯᠠᠨ ᠪᠠᠢᠷᠢᠯᠠᠨ᠎ᠠ᠃ ᠡᠷ᠎ᠡ ᠲᠣᠭᠣᠷᠴᠣᠭ ᠨᠢ5᠂ ᠳᠣᠬᠢᠭᠤᠷ ᠨᠢ ᠨᠠᠷᠢᠨ ᠤᠷᠲᠤ᠃ ᠡᠮ᠎ᠡ ᠴᠡᠴᠡᠭ ᠨᠢ ᠨᠠᠪᠴᠢᠨ ᠰᠤᠭᠤ ᠳ᠋ᠤ᠌ ᠪᠣᠳᠠᠯᠠᠨ ᠳᠡᠯᠭᠡᠷᠡᠨ᠎ᠡ᠂ ᠨᠣᠭᠣᠭᠠᠨ ᠥᠩᠭᠡ ᠲᠡᠢ᠂ ᠬᠦᠢᠰ ᠴᠡᠴᠡᠭ ᠪᠦᠷᠢ ᠶ᠋ᠢᠨ ᠭᠠᠳᠠᠭᠤᠷ ᠨᠢ1 ᠥᠨᠳᠡᠭᠡᠯᠵᠢᠨ ᠪᠠᠭᠯᠠᠨᠴᠢ ᠲᠠᠢ᠂ ᠴᠡᠴᠡᠭ ᠦ᠋ᠨ ᠰᠢᠳᠠᠷ ᠨᠢ ᠬᠠᠯᠢᠰᠤᠯᠢᠭ᠂1 ᠡᠮ᠎ᠡ ᠲᠣᠭᠣᠷᠴᠣᠭ ᠲᠠᠢ᠂ ᠤᠮᠠᠢ ᠨᠢ ᠪᠥᠭᠡᠷᠡᠩᠬᠡᠢ ᠪᠠᠭᠠᠨ᠎ᠠ ᠬᠡᠯᠪᠡᠷᠢ ᠲᠡᠢ᠂ ᠴᠡᠴᠡᠭ ᠦ᠋ᠨ ᠪᠠᠭᠠᠨ᠎ᠠ ᠨᠢ2 ᠰᠠᠯᠠᠭ᠎ᠠ ᠲᠠᠢ᠃ ᠲᠤᠷᠠᠩᠬᠠᠢ ᠵᠢᠮᠢᠰ ᠨᠢ ᠬᠠᠪᠲᠠᠭᠠᠢ ᠥᠨᠳᠡᠭᠡᠯᠵᠢᠨ ᠬᠡᠯᠪᠡᠷᠢ ᠲᠡᠢ᠂4~5mm ᠤᠷᠲᠤ᠂ ᠨᠠᠷᠢᠨ ᠲᠣᠣᠷᠯᠢᠭ ᠠᠷᠲᠠᠢ᠂ ᠭᠠᠳᠠᠭᠤᠷ ᠨᠢ ᠰᠢᠷᠠᠪᠲᠤᠷ ᠬᠦᠷᠡᠩ ᠥᠩᠭᠡ ᠲᠡᠢ ᠪᠠᠭᠯᠠᠭᠴᠢ ᠢᠯᠲᠠᠰᠤ ᠪᠠᠷ ᠪᠠᠭᠯᠠᠵᠤ ᠪᠣᠢ᠃7~8 ᠳ᠋ᠤᠭᠠᠷ ᠰᠠᠷ᠎ᠠ ᠳ᠋ᠤ᠌ ᠴᠡᠴᠡᠭᠯᠡᠵᠦ᠂9~10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠪᠦᠬᠦ ᠤᠯᠤᠰ ᠤ᠋ᠨ ᠡᠯ᠎ᠡ ᠭᠠᠵᠠᠷ ᠲᠤ᠌ ᠪᠦᠷ ᠠᠷᠠᠴᠢᠯᠠᠨ ᠲᠠᠷᠢᠵᠤ ᠪᠣᠢ᠃
[ ᠲᠡᠭᠦᠵᠦ ᠪᠣᠯᠪᠠᠰᠤᠷᠠᠭᠤᠯᠬᠤ] ᠨᠠᠮᠤᠷ᠂ ᠵᠢᠮᠢᠰ ᠨᠢ ᠪᠣᠯᠪᠠᠰᠤᠷᠠᠬᠤ ᠦᠶ᠎ᠡ ᠳᠤᠨᠢ ᠬᠠᠳᠤᠵᠤ ᠠᠪᠤᠭᠠᠳ᠂ ᠬᠠᠲᠠᠭᠠᠭᠰᠠᠨ ᠤ᠋ ᠰᠡᠭᠦᠯᠡᠷ ᠵᠢᠮᠢᠰ ᠢ᠋ ᠨᠢ ᠭᠦᠪᠢᠵᠦ ᠠᠪᠤᠭᠠᠳ ᠠᠷᠢᠯᠭᠠᠨ ᠴᠡᠪᠡᠷᠯᠡᠨ᠎ᠡ᠃
[ ᠠᠮᠲᠠ᠂ ᠴᠢᠨᠠᠷ᠂ ᠡᠷᠳᠡᠮ] ᠠᠮᠲᠠᠯᠢᠭ ᠠᠮᠲᠠ ᠲᠠᠢ᠂ ᠲᠡᠭᠰᠢ ᠴᠢᠨᠠᠷ ᠲᠠᠢ᠂ ᠳᠣᠰᠤᠯᠢᠭ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠰᠢᠷ᠎ᠠ ᠤᠰᠤ ᠶ᠋ᠢ ᠬᠠᠲᠠᠭᠠᠬᠤ᠂ ᠬᠣᠷᠣᠬᠠᠢ ᠶ᠋ᠢ ᠨᠢᠲᠤᠯᠬᠤ᠂ ᠲᠠᠮᠢᠷᠵᠢᠭᠤᠯᠬᠤ᠂ ᠬᠣᠷᠭᠣᠰᠤ ᠶ᠋ᠢ ᠵᠥᠭᠡᠯᠡᠷᠡᠭᠦᠯᠬᠦ ᠴᠢᠳᠠᠯ ᠲᠠᠢ᠃ ᠭᠣᠣᠯᠳᠠᠭᠤ ᠰᠢᠷ᠎ᠠ ᠤᠰᠤᠨ ᠡᠪᠡᠳᠴᠢᠨ᠂ ᠲᠤᠯᠠᠢ᠂ ᠬᠡᠷᠦᠬᠦ᠂ ᠢᠯᠢᠳᠦ᠂ ᠬᠠᠮᠠᠭᠤ᠂ ᠨᠢᠰᠤᠭᠤ᠂ ᠬᠣᠵᠢᠭᠢᠷ᠂ ᠬᠣᠷᠭᠣᠰᠤ ᠬᠠᠲᠠᠬᠤ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄火麻仁 (大麻)
ᠠᠩᠭ᠌ᠯᠢ ᠨᠡᠷ᠎ᠡ
Gannabis satiua L.
ᠦᠰᠦᠭ ᠠᠮᠢᠯᠠᠭᠤᠯᠤᠭᠴᠢ᠄ ᠣᠶᠤᠨᠴᠢᠮᠡᠭ
ᠬᠢᠨᠠᠭᠴᠢ᠄ ᠲᠣᠣᠬᠣᠸᠠᠷ
