ᠣᠯᠮᠣᠰᠧ Олмос Olmos
ᠣᠯᠮᠣᠰᠧ
ᠲᠤᠰ ᠡᠮ ᠪᠣᠯ ᠬᠤᠯᠤ ᠶ᠋ᠢᠨ ᠢᠵᠠᠭᠤᠷ ᠤ᠋ᠨ ᠤᠷᠭᠤᠮᠠᠯ ᠪᠣᠯᠬᠤ ᠨᠣᠬᠠᠢ ᠶ᠋ᠢᠨ ᠬᠤᠤᠬ᠎ᠠ ᠶ᠋ᠢᠨ ᠪᠣᠯᠪᠠᠰᠤᠷᠠᠮᠠᠯ ᠵᠢᠮᠢᠰ ᠮᠥᠨ᠃ ᠪᠠᠰᠠ ᠠᠯᠳᠦ᠋ᠮᠮᠦ᠂ ᠬᠡᠭᠡᠷ᠎ᠡ ᠶ᠋ᠢᠨ ᠬᠡᠮᠬᠡ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠵᠡᠯᠡᠯᠡᠵᠦ ᠤᠷᠭᠤᠬᠤ ᠡᠪᠡᠰᠦᠯᠢᠭ ᠤᠷᠭᠤᠮᠠᠯ᠃ ᠲᠥᠮᠥᠰᠥᠯᠢᠭ ᠦᠨᠳᠦᠰᠦ ᠨᠢ ᠰᠢᠷ᠎ᠠ ᠬᠦᠷᠡᠩ ᠥᠩᠭᠡ ᠲᠡᠢ᠃ ᠡᠰᠢ ᠨᠢ ᠨᠠᠷᠢᠨ ᠤᠷᠲᠤ᠂ ᠨᠢᠭ ᠰᠢᠷᠦᠭᠦᠨ ᠦᠰᠦ ᠲᠡᠢ᠂ ᠣᠷᠢᠶᠠᠩᠭᠤ ᠬᠢᠭᠡᠳ ᠨᠠᠪᠴᠢ ᠨᠢ ᠴᠢᠭᠲᠠᠯᠠᠨ ᠤᠷᠭᠤᠨ᠎ᠠ᠃ ᠨᠠᠪᠴᠢ ᠨᠢ ᠥᠷᠭᠡᠨ ᠥᠨᠳᠡᠭᠡᠯᠵᠢᠨ ᠰᠢᠭ ᠵᠢᠷᠦᠬᠡᠨ ᠬᠡᠯᠪᠡᠷᠢ ᠲᠡᠢ᠂5 ~10cm ᠤᠷᠲᠤ᠂4 ~ 8cm ᠥᠷᠭᠡᠨ᠂ ᠬᠥᠪᠡᠭᠡ ᠪᠡᠷ ᠨᠢ ᠠᠳᠠᠯᠢ ᠪᠤᠰᠤ ᠬᠡᠷᠴᠢᠶᠡᠰᠦ ᠲᠡᠢ᠂ ᠬᠣᠶᠠᠷ ᠲᠠᠯ᠎ᠠ ᠳᠤᠨᠢ ᠵᠥᠭᠡᠯᠡᠨ ᠦᠰᠦ ᠲᠡᠢ᠃ ᠨᠠᠪᠴᠢᠨ ᠪᠠᠷᠢᠭᠤᠯ ᠨᠢ2 ~ 6cm ᠤᠷᠲᠤ᠂ ᠴᠡᠴᠡᠭ ᠨᠢ ᠭᠠᠭᠴᠠ ᠪᠡᠯᠭᠡ ᠲᠡᠢ᠂ ᠣᠨᠳᠣᠣ ᠭᠡᠷᠲᠡᠢ᠂ ᠨᠠᠪᠴᠢᠨ ᠤ᠋ ᠥᠪᠥᠷ ᠲᠦ ᠭᠠᠭᠴᠠᠭᠠᠷ ᠳᠡᠯᠭᠡᠷᠡᠨ᠎ᠡ᠃ ᠴᠡᠴᠡᠭ ᠦ᠋ᠨ ᠲᠣᠭᠳᠣᠢ ᠶ᠋ᠢᠨ ᠰᠡᠵᠢᠭᠦᠷ ᠢᠯᠲᠠᠰᠤ ᠨᠢ ᠬᠠᠪᠲᠠᠭᠠᠢ ᠲᠡᠪᠡᠨᠡ ᠬᠡᠯᠪᠡᠷᠢ ᠲᠡᠢ᠂ ᠤᠷᠲᠤ ᠵᠥᠭᠡᠯᠡᠨ ᠦᠰᠦ ᠲᠡᠢ᠂ ᠮᠠᠲᠠᠷᠢᠨ᠎ᠠ᠃ ᠴᠡᠴᠡᠭ ᠦ᠋ᠨ ᠳᠡᠯᠪᠢ ᠨᠢ ᠰᠢᠷ᠎ᠠ᠂ ᠬᠤᠩᠬ᠎ᠠ ᠬᠡᠯᠪᠡᠷᠢ ᠲᠡᠢ᠂5 ᠰᠡᠵᠢᠭᠦᠷ ᠬᠡᠯᠲᠡᠰ ᠲᠡᠢ᠂ ᠰᠡᠵᠢᠭᠦᠷ ᠢᠯᠲᠠᠰᠤ ᠨᠢ ᠲᠣᠭᠣᠷᠢᠭ᠂2 ~ 2.5cm ᠤᠷᠲᠤ᠂ ᠳᠡᠭᠡᠷ᠎ᠡ ᠬᠡᠰᠡᠭ ᠲᠡᠭᠡᠨ ᠮᠠᠲᠠᠷᠢᠨ᠎ᠠ᠃ ᠰᠠᠯᠤᠩᠬᠢ5 ᠡᠷ᠎ᠡ ᠲᠣᠭᠣᠷᠴᠣᠭ ᠲᠠᠢ ᠪᠥᠭᠡᠳ ᠳᠣᠬᠢᠭᠤᠷ ᠳᠡᠭᠡᠷ᠎ᠡ ᠨᠢ ᠦᠰᠦ ᠲᠡᠢ᠃ ᠤᠮᠠᠢ ᠨᠢ ᠤᠷᠲᠤᠯᠵᠢᠨ ᠪᠥᠭᠡᠷᠡᠩᠬᠡᠢ ᠪᠤᠶᠤ ᠵᠤᠤᠪᠠᠩ ᠬᠡᠯᠪᠡᠷᠢ ᠲᠡᠢ᠂ ᠨᠢᠭ ᠤᠷᠲᠤ ᠵᠥᠭᠡᠯᠡᠨ ᠦᠰᠦ ᠲᠡᠢ᠂ ᠭᠤᠷᠪᠠᠨ ᠠᠮᠠᠰᠠᠷᠲᠤ ᠴᠡᠴᠡᠭ ᠦ᠋ᠨ ᠪᠠᠭᠠᠨ᠎ᠠ ᠲᠠᠢ᠂ ᠪᠠᠭᠠᠨ᠎ᠠ ᠶ᠋ᠢᠨ ᠠᠮᠠᠰᠠᠷ ᠨᠢ ᠪᠥᠭᠡᠷᠡᠨ ᠬᠡᠯᠪᠡᠷᠢ ᠲᠡᠢ᠃ ᠵᠢᠮᠢᠰ ᠨᠢ ᠥᠨᠳᠡᠭᠡᠯᠵᠢᠨ ᠰᠢᠭ ᠤᠷᠲᠤᠪᠲᠤᠷ ᠪᠥᠭᠡᠷᠡᠩᠬᠡᠢ᠂ ᠮᠢᠬᠠᠯᠢᠭ᠂ ᠰᠣᠷᠭᠣᠭ ᠤᠯᠠᠭᠠᠨ᠂3 ~ 5cm ᠤᠷᠲᠤ᠂10 ᠵᠤᠷᠪᠤᠰ ᠢᠯᠡ ᠪᠤᠰᠤ ᠭᠤᠯᠳᠤ ᠠᠷᠲᠠᠢ᠃ ᠥᠨᠳᠡᠭᠡᠯᠵᠢᠨ᠂ ᠬᠠᠷ᠎ᠠ ᠦᠷ᠎ᠡ ᠲᠡᠢ᠃7 ~ 8 ᠳ᠋ᠤᠭᠠᠷ ᠰᠠᠷ᠎ᠠ ᠳ᠋ᠤ᠌ ᠴᠡᠴᠡᠭᠯᠡᠵᠦ᠂9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠬᠠᠵᠠᠭᠤ ᠶ᠋ᠢᠨ ᠪᠤᠲᠠ ᠰᠥᠭᠡᠭ ᠳᠤᠮᠳᠠ᠂ ᠠᠢᠯ ᠲᠣᠰᠬᠣᠨ ᠤ᠋ ᠣᠷᠴᠢᠮ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠵᠢᠮᠢᠰ ᠨᠢ ᠭᠦᠢᠴᠡᠳ ᠪᠣᠯᠪᠠᠰᠤᠷᠠᠭᠰᠠᠨ ᠤ᠋ ᠳᠠᠷᠠᠭ᠎ᠠ ᠪᠠᠷᠢᠭᠤᠯ ᠲᠠᠢ ᠨᠢ ᠲᠡᠭᠦᠵᠦ᠂ ᠤᠲᠠᠰᠤ ᠪᠠᠷ ᠪᠠᠷᠢᠭᠤᠯ ᠠ᠋ᠴᠠ ᠨᠢ ᠬᠡᠯᠬᠢᠭᠡᠳ ᠨᠠᠷᠠᠨ ᠳ᠋ᠤ᠌ ᠳᠡᠭᠦᠵᠢᠯᠡᠨ ᠬᠠᠲᠠᠭᠠᠬᠤ ᠪᠤᠶᠤ ᠰᠠᠯᠬᠢ ᠨᠡᠪᠲᠡᠷᠡᠬᠦ ᠭᠠᠵᠠᠷ ᠲᠤ᠌ ᠳᠡᠭᠦᠵᠢᠯᠡᠨ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠠᠮᠲᠠᠯᠢᠭ- ᠢᠰᠬᠦᠯᠡᠩ ᠠᠮᠲᠠ ᠲᠠᠢ᠃ ᠲᠡᠭᠰᠢ ᠴᠢᠨᠠᠷ ᠲᠠᠢ᠃
[ᠴᠢᠳᠠᠯ ᠪᠠ ᠭᠣᠣᠯᠳᠠᠭᠤ ᠵᠠᠰᠠᠬᠤ] ᠤᠮᠠᠢ ᠶ᠋ᠢᠨ ᠭᠡᠮ ᠢ᠋ ᠠᠷᠢᠯᠭᠠᠬᠤ᠂ ᠴᠢᠰᠤᠨ ᠪᠠᠳᠬᠢ ᠶ᠋ᠢ ᠡᠪᠳᠡᠬᠦ᠂ ᠬᠥᠩᠭᠡᠵᠢᠬᠦ ᠶ᠋ᠢ ᠲᠦᠷᠭᠡᠳᠬᠡᠬᠦ᠂ ᠬᠣᠢᠲᠤᠬᠢ ᠰᠠᠭᠠᠲᠠᠭᠰᠠᠨ ᠢ᠋ ᠭᠠᠷᠭᠠᠬᠤ ᠴᠢᠳᠠᠯ ᠲᠠᠢ᠃ ᠭᠣᠣᠯᠳᠠᠭᠤ ᠤᠮᠠᠢ ᠶ᠋ᠢᠨ ᠭᠡᠮ᠂ ᠴᠢᠰᠤ ᠪᠦᠷᠢᠯᠳᠦᠭᠰᠡᠨ ᠡᠪᠡᠳᠴᠢᠨ᠂ ᠴᠢᠰᠤᠨ ᠪᠠᠳᠬᠢ᠂ ᠰᠠᠷ᠎ᠠ ᠶ᠋ᠢᠨ ᠭᠬᠢᠷ ᠬᠣᠷᠢᠭᠳᠠᠭᠰᠠᠨ᠂ ᠰᠤᠳᠠᠯ ᠤ᠋ᠨ ᠡᠪᠡᠳᠴᠢᠨ᠂ ᠠᠷᠠᠰᠤᠨ ᠡᠪᠡᠳᠴᠢᠨ᠂ ᠬᠣᠢᠲᠤᠬᠢ ᠰᠠᠭᠠᠲᠠᠭᠰᠠᠨ᠂ ᠦᠬᠦᠭᠰᠡᠨ ᠬᠥᠪᠦᠷᠡᠯ ᠬᠡᠦᠬᠡᠳ ᠢ᠋ ᠭᠠᠷᠭᠠᠬᠤ ᠵᠡᠷᠭᠡ ᠳ᠋ᠦ᠍ ᠬᠡᠷᠡᠭᠯᠡᠨ᠎ᠡ᠃
ᠬᠢᠲᠠᠳ ᠨᠡᠷ᠎ᠡ᠄ 赤爬子(赤爬)
ᠠᠩᠭ᠌ᠯᠢ ᠨᠡᠷ᠎ᠡ᠄ Thladiantha dubia Bge
ᠦᠰᠦᠭ ᠠᠮᠢᠯᠠᠭᠤᠯᠤᠭᠴᠢ᠄ ᠤᠷᠠᠨᠴᠢᠮᠡᠭ
ᠬᠢᠨᠠᠭᠴᠢ᠄ ᠣᠶᠤᠨᠴᠢᠮᠡᠭ
