ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 31 Нэгэн ном тавцан үн өдөр үн тэмдэглэлээс – 31
ᠨᠢᠭᠡᠳᠦᠭᠡᠷ ᠤᠳᠠᠭ᠎ᠠ ᠰᠦᠮ᠎ᠡ ᠳ᠋ᠦ᠍ ᠣᠴᠢᠭᠠᠳ ᠪᠤᠷᠬᠠᠨ ᠤ᠋ ᠡᠮᠦᠨ᠎ᠡ ᠰᠥᠭᠥᠳᠦᠭᠡᠳ《ᠪᠤᠷᠬᠠᠨ ᠲᠩᠷᠢ ᠠ᠋᠂ ᠪᠢ ᠲᠠᠨ ᠢ᠋ ᠣᠯᠠᠨ ᠵᠢᠯ ᠰᠢᠳᠦᠨ ᠲᠠᠬᠢᠬᠰᠠᠨ ᠰᠦᠰᠦᠭ ᠪᠢᠰᠢᠷᠡᠯ ᠢ᠋ ᠮᠢᠨᠢ ᠪᠣᠳᠣᠭᠠᠳ ᠨᠠᠮ᠎ᠠ ᠶ᠋ᠢ ᠨᠢᠭᠡ ᠬᠣᠨᠵᠢᠪᠤᠷᠢᠲᠤ ᠰᠤᠭᠤᠯᠤᠭ᠎ᠠ ᠶ᠋ᠢᠨ ᠱᠠᠩᠨᠠᠯ ᠣᠨᠣᠭᠠᠬᠤ ᠪᠣᠯᠪᠠ ᠤᠤ?》 ᠭᠡᠵᠡᠢ᠃ ᠬᠡᠳᠦ ᠬᠣᠨᠣᠭ ᠤ᠋ᠨ ᠳᠠᠷᠠᠭ᠎ᠠ ᠨᠥᠭᠦᠭᠡ ᠬᠥᠮᠦᠨ ᠮᠥᠨ ᠯᠡ ᠭᠤᠨᠢᠵᠤ ᠭᠤᠳᠤᠷᠠᠭᠠᠳ ᠰᠦᠮ᠎ᠡ ᠳ᠋ᠦ᠍ ᠢᠷᠡᠵᠦ ᠪᠤᠷᠬᠠᠨ ᠤ᠋ ᠡᠮᠦᠨ᠎ᠡ ᠰᠥᠭᠥᠳᠦᠭᠡᠳ《ᠪᠤᠷᠬᠠᠨ ᠲᠩᠷᠢ ᠠ᠋᠂ ᠶᠠᠭᠠᠬᠢᠭᠠᠳ ᠨᠠᠳᠠ ᠳ᠋ᠤ᠌ ᠬᠣᠨᠵᠢᠪᠤᠷᠢᠲᠤ ᠰᠤᠭᠤᠯᠤᠭ᠎ᠠ ᠶ᠋ᠢᠨ ᠱᠠᠩᠨᠠᠯ ᠣᠨᠣᠭᠠᠳᠠᠭ ᠦᠭᠡᠢ ᠪᠣᠢ? ᠪᠢ ᠲᠠᠨ ᠢ᠋ ᠨᠡᠩ ᠢᠯᠡᠭᠦᠦ ᠰᠦᠰᠦᠭ ᠪᠢᠰᠢᠷᠡᠯ ᠢ᠋ᠶ᠋ᠡᠷ ᠰᠢᠲᠦᠵᠦ ᠪᠠᠢᠨ᠎ᠠ᠂ ᠨᠠᠳᠠ ᠳ᠋ᠤ᠌ ᠲᠤᠰᠠᠯᠠᠭᠠᠴᠢ》 ᠭᠡᠵᠡᠢ᠃ ᠡᠨᠡ ᠶᠠᠩᠵᠤ ᠪᠠᠷ ᠲᠡᠷᠡ ᠣᠯᠠᠨ ᠤᠳᠠᠭ᠎ᠠ ᠰᠦᠮ᠎ᠡ ᠳ᠋ᠦ᠍ ᠢᠷᠡᠵᠦ᠂ ᠠᠳᠠᠯᠢᠬᠠᠨ ᠬᠦᠰᠡᠯ ᠳᠠᠭᠠᠳᠬᠠᠵᠠᠢ᠃ ᠪᠠᠰᠠ ᠨᠢᠭᠡ ᠡᠳᠦᠷ ᠲᠡᠷᠡ ᠤᠤᠯ ᠵᠤᠷᠰᠢᠯ ᠢ᠋ᠶ᠋ᠠᠷ ᠢ᠋ᠶ᠋ᠠᠨ ᠪᠤᠷᠬᠠᠨ ᠤ᠋ ᠡᠮᠦᠨ᠎ᠡ ᠰᠥᠭᠥᠳᠦᠭᠡᠳ《ᠪᠤᠷᠬᠠᠨ ᠮᠢᠨᠢ ᠠ᠋᠂ ᠲᠠ ᠶᠠᠭᠠᠬᠢᠭᠠᠳ ᠮᠢᠨᠦ ᠳᠠᠭᠠᠳᠬᠠᠯ ᠢ᠋ ᠰᠣᠨᠣᠰᠳᠠᠭ ᠦᠭᠡᠢ ᠪᠣᠢ? ᠨᠠᠳᠠ ᠨᠢᠭᠡ ᠯᠡ ᠤᠳᠠᠭ᠎ᠠ ᠬᠣᠨᠵᠢᠪᠤᠷᠢᠲᠤ ᠰᠤᠭᠤᠯᠤᠭ᠎ᠠ ᠶ᠋ᠢᠨ ᠱᠠᠩᠨᠠᠯ ᠢ᠋ ᠤᠨᠤᠭᠠᠴᠢ᠂ ᠪᠢ ᠠᠯᠢᠪᠠ ᠬᠦᠴᠢᠷ ᠢ᠋ᠶ᠋ᠡᠨ ᠰᠢᠢᠳᠪᠦᠷᠢᠯᠡᠵᠦ ᠨᠠᠰᠤ ᠪᠠᠷ ᠢ᠋ᠶ᠋ᠠᠨ ᠲᠠᠨ ᠢ᠋ ᠰᠢᠲᠦᠵᠦ ᠶᠠᠪᠤᠶ᠎ᠠ》 ᠭᠡᠵᠡᠢ᠃ ᠶᠠᠭ ᠡᠨᠡ ᠦᠶᠡᠰ ᠰᠦᠮ᠎ᠡ ᠶ᠋ᠢᠨ ᠳᠣᠲᠣᠷ᠎ᠠ ᠠ᠋ᠴᠠ ᠬᠦᠩᠭᠢᠨᠡᠮ᠎ᠡ ᠳᠠᠭᠤ ᠭᠠᠷᠴᠤ《ᠪᠢ ᠴᠢᠨᠦ ᠳᠠᠭᠠᠳᠬᠠᠯ ᠢ᠋ ᠦᠷᠭᠦᠯᠵᠢ ᠣᠯᠵᠤ ᠰᠣᠨᠣᠰᠴᠤ ᠪᠠᠢᠨ᠎ᠠ᠃ ᠭᠡᠪᠡᠴᠦ ᠴᠢ ᠶᠠᠭᠠᠬᠢᠯ᠎ᠠ ᠭᠡᠳ ᠤᠷᠢᠳᠠᠪᠡᠷ ᠬᠣᠨᠵᠢᠪᠤᠷᠢᠲᠤ ᠰᠤᠭᠤᠯᠤᠭ᠎ᠠ ᠠᠪᠤᠨ᠎ᠠ ᠪᠢᠵᠡ!》 ᠭᠡᠵᠡᠢ᠃
ᠦᠰᠦᠭ ᠠᠮᠢᠯᠠᠭᠤᠯᠤᠭᠴᠢ᠄ ᠡᠩᠬᠡᠪᠠᠲᠤ
ᠦᠰᠦᠭ ᠬᠢᠨᠠᠭᠴᠢ᠄ ᠪᠠᠶᠠᠷᠴᠡᠴᠡᠭ
