ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 32 Нэгэн ном тавцан үн өдөр үн тэмдэглэлээс – 32 ᠨᠠᠢᠷᠠᠭᠤᠯᠤᠯ ᠥᠭᠦᠯᠡᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 32 Нэгэн ном тавцан үн өдөр үн тэмдэглэлээс – 32

ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 32 Нэгэн ном тавцан үн өдөр үн тэмдэглэлээс – 32

2025-03-23

411


    

       ᠠᠩᠭ᠌ᠯᠢ ᠶ᠋ᠢᠨ ᠨᠢᠭᠡᠨ ᠰᠣᠨᠢᠨ ᠠ᠋ᠴᠠ ᠨᠢᠭᠡ ᠲᠣᠮᠣ ᠱᠠᠩᠨᠠᠯ ᠲᠠᠢ ᠠᠰᠠᠭᠤᠯᠲᠠ ᠬᠠᠷᠢᠭᠤᠯᠬᠤ ᠤᠷᠤᠯᠳᠤᠭᠠᠨ ᠶᠠᠪᠤᠭᠤᠯᠵᠠᠢ᠃ ᠠᠰᠠᠭᠤᠯᠲᠠ ᠨᠢ ᠡᠢᠮᠦ᠄ ᠨᠢᠭᠡ ᠬᠠᠯᠠᠭᠤᠨ ᠬᠡᠢᠲᠦ ᠪᠥᠮᠪᠥᠭᠡ ᠳᠡᠭᠡᠷ᠎ᠡ ᠬᠥᠮᠦᠨ ᠲᠥᠷᠥᠯᠬᠢᠲᠡᠨ ᠦ᠌ ᠣᠷᠣᠰᠢᠨ ᠲᠣᠭᠲᠠᠨᠢᠬᠤ ᠲᠠᠢ ᠨᠢᠭᠲᠠ ᠬᠣᠯᠪᠣᠭ᠎ᠠ ᠲᠠᠢ ᠭᠤᠷᠪᠠᠨ ᠰᠢᠨᠵᠢᠯᠡᠬᠦ ᠤᠬᠠᠭᠠᠨᠲᠠᠨ ᠰᠠᠭᠤᠵᠤ ᠪᠠᠢᠨ᠎ᠠ᠃ ᠭᠡᠨᠡᠳᠲᠡ ᠡᠨᠡ ᠬᠡᠢᠲᠦ ᠪᠥᠮᠪᠥᠭᠡ ᠶ᠋ᠢᠨ ᠬᠡᠢ ᠨᠢ ᠮᠠᠭᠤᠳᠠᠵᠤ ᠡᠳᠡ ᠭᠤᠷᠪᠠ ᠠ᠋ᠴᠠ ᠵᠠᠪᠠᠯ ᠨᠢᠭᠡ ᠶ᠋ᠢ ᠨᠢ ᠬᠠᠶᠠᠬᠤ ᠴᠢᠬᠤᠯᠠᠲᠠᠢ ᠪᠣᠯᠵᠠᠢ᠃ ᠴᠣᠬᠣᠮ ᠠᠯᠢ ᠶ᠋ᠢ ᠨᠢ ᠬᠠᠶᠠᠬᠤ ᠪᠣᠢ? ᠡᠨᠡ ᠭᠤᠷᠪᠠᠨ ᠬᠥᠮᠦᠨ ᠦ᠌ ᠨᠢᠭᠡ ᠨᠢ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠰᠤᠳᠤᠯᠭᠠᠲᠠᠨ᠂ ᠲᠡᠭᠦᠨ ᠦ᠌ ᠰᠤᠳᠤᠯᠭᠠᠨ ᠨᠢ ᠣᠷᠴᠢᠨ ᠲᠣᠭᠣᠷᠢᠨ ᠤ᠋ ᠪᠣᠬᠢᠷᠳᠠᠯ ᠠ᠋ᠴᠠ ᠪᠣᠯᠵᠤ ᠠᠮᠢ ᠨᠠᠰᠤ ᠪᠠᠨ ᠠᠯᠳᠠᠵᠤ ᠮᠡᠳᠡᠬᠦ ᠲᠣᠭ᠎ᠠ ᠲᠣᠮᠰᠢ ᠦᠭᠡᠢ ᠣᠯᠠᠨ ᠬᠥᠮᠦᠨ ᠢ᠋ ᠠᠪᠤᠷᠠᠬᠤ ᠪᠣᠯᠤᠯᠴᠠᠭ᠎ᠠ ᠲᠠᠢ᠃ ᠨᠢᠭᠡ ᠨᠢ ᠠᠲ᠋ᠣᠮ ᠤ᠋ᠨ ᠪᠥᠮᠪᠥᠭᠡ ᠶ᠋ᠢᠨ ᠰᠤᠳᠤᠯᠭᠠᠲᠠᠨ᠂ ᠲᠡᠭᠦᠨ ᠦ᠌ ᠰᠤᠳᠤᠯᠭᠠᠨ ᠨᠢ ᠬᠥᠮᠦᠨ ᠲᠥᠷᠥᠯᠬᠢᠲᠡᠨ ᠢ᠋ ᠴᠥᠮ᠎ᠡ ᠶ᠋ᠢᠨ ᠵᠡᠪᠰᠡᠭ ᠦ᠋ᠨ ᠲᠡᠢᠨ ᠦ᠌ ᠭᠠᠢ ᠭᠠᠮᠰᠢᠭ ᠠ᠋ᠴᠠ ᠵᠠᠢᠯᠠᠭᠤᠯᠵᠤ ᠴᠢᠳᠠᠬᠤ ᠪᠣᠯᠤᠮᠵᠢ ᠲᠠᠢ᠃ ᠨᠥᠭᠦᠭᠡ ᠨᠢ ᠠᠮᠤ ᠪᠤᠳᠠᠭᠠᠨ ᠤ᠋ ᠰᠤᠳᠤᠯᠭᠠᠲᠠᠨ᠂ ᠲᠡᠷᠡ ᠬᠠᠮᠠᠷ ᠬᠠᠳᠬᠤᠬᠤ ᠡᠪᠡᠰᠦ ᠦᠭᠡᠢ ᠭᠠᠵᠠᠷ ᠲᠤ ᠴᠦ᠍ ᠲᠠᠷᠢᠶ᠎ᠠ ᠲᠠᠷᠢᠵᠤ ᠴᠢᠳᠠᠬᠤ ᠤᠴᠢᠷ ᠠ᠋ᠴᠠ ᠮᠠᠰᠢ ᠬᠥᠮᠦᠨ ᠢ᠋ ᠥᠯᠪᠡᠷᠴᠦ ᠦᠬᠦᠬᠦ ᠠᠶᠤᠯ ᠠ᠋ᠴᠠ ᠠᠪᠤᠷᠠᠵᠤ ᠴᠢᠳᠠᠬᠤ ᠪᠣᠯᠤᠯᠴᠠᠭ᠎ᠠ ᠲᠠᠢ᠃  
       ᠡᠭᠦᠨ ᠳ᠋ᠦ᠍ ᠮᠠᠰᠢ ᠣᠯᠠᠨ ᠬᠥᠮᠦᠨ ᠣᠷᠣᠯᠴᠠᠵᠤ ᠵᠦᠢᠯ ᠪᠦᠷᠢ ᠶ᠋ᠢᠨ ᠰᠢᠯᠲᠠᠭᠠᠨ ᠳᠤᠷᠠᠳᠴᠤ ᠬᠠᠷᠢᠭᠤᠯᠲᠠ ᠥᠭᠴᠡᠢ᠃ ᠭᠡᠲᠡᠯ᠎ᠡ ᠡᠨᠡ ᠬᠦ᠌ ᠲᠣᠮᠣ ᠱᠠᠩᠨᠠᠯ ᠢ᠋ ᠨᠢᠭᠡ ᠵᠢᠭᠠᠬᠠᠨ ᠬᠦᠦ ᠣᠯᠤᠭᠰᠠᠨ ᠪᠠᠢᠯ᠎ᠠ᠃ ᠲᠡᠭᠦᠨ ᠦ᠌ ᠬᠠᠷᠢᠭᠤᠯᠲᠠ ᠨᠢ ᠮᠠᠰᠢ ᠳᠥᠭᠥᠮ᠄ ᠬᠠᠮᠤᠭ ᠲᠠᠷᠭᠤᠨ ᠢ᠋ ᠨᠢ ᠬᠠᠶᠠᠨ᠎ᠠ᠃ 
       ᠦᠨᠡᠨ ᠳ᠋ᠡᠭᠡᠨ ᠵᠠᠷᠢᠮ ᠦᠶ᠎ᠡ ᠳ᠋ᠦ᠍ ᠪᠤᠳᠤᠯᠢᠶᠠᠨᠲᠠᠢ ᠪᠠᠢᠳᠠᠭ ᠨᠢ ᠠᠰᠠᠭᠤᠳᠠᠯ ᠤ᠋ᠨ ᠲᠤᠰ ᠪᠡᠶ᠎ᠡ ᠨᠢ ᠪᠢᠰᠢ ᠬᠠᠷᠢᠨ ᠬᠥᠮᠦᠨ ᠦ᠌ ᠪᠣᠳᠣᠯ ᠰᠡᠳᠬᠢᠬᠦᠢ ᠪᠣᠯᠤᠨ᠎ᠠ᠃  

             ᠦᠰᠦᠭ ᠠᠮᠢᠯᠠᠭᠤᠯᠤᠭᠴᠢ᠄ ᠡᠩᠬᠡᠪᠠᠲᠤ  
                   ᠦᠰᠦᠭ ᠬᠢᠨᠠᠭᠴᠢ᠄ ᠪᠠᠶᠠᠷᠴᠡᠴᠡᠭ