ᠲᠤᠶᠠᠭ᠎ᠠ<ᠨᠢᠭᠡ> – 1949 ~1978 ᠣᠨ ᠤ ᠬᠣᠭᠣᠷᠣᠨᠳᠤ ᠲᠥᠷᠥᠭᠰᠡᠨ ᠤᠷᠠᠯᠠᠠᠴᠢᠳ   1949 ~1978 оны хооронд төрсөн урлаачид - Туяа ᠤᠷᠠᠨ ᠪᠢᠴᠢᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠲᠤᠶᠠᠭ᠎ᠠ<ᠨᠢᠭᠡ> – 1949 ~1978 ᠣᠨ ᠤ ᠬᠣᠭᠣᠷᠣᠨᠳᠤ ᠲᠥᠷᠥᠭᠰᠡᠨ ᠤᠷᠠᠯᠠᠠᠴᠢᠳ   1949 ~1978 оны хооронд төрсөн урлаачид - Туяа

ᠲᠤᠶᠠᠭ᠎ᠠ<ᠨᠢᠭᠡ> – 1949 ~1978 ᠣᠨ ᠤ ᠬᠣᠭᠣᠷᠣᠨᠳᠤ ᠲᠥᠷᠥᠭᠰᠡᠨ ᠤᠷᠠᠯᠠᠠᠴᠢᠳ   1949 ~1978 оны хооронд төрсөн урлаачид - Туяа

ᠠᠩᠭᠢᠯᠠᠯ:ᠤᠷᠠᠨ ᠪᠢᠴᠢᠯᠭᠡ
2025-03-24

549

ᠲᠤᠶᠠᠭ᠎ᠠ


       ᠲᠤᠶᠠᠭ᠎ᠠ ᠂ ᠡᠮᠡᠭᠲᠡᠢ᠂ ᠮᠣᠩᠭᠣᠯ ᠦᠨᠳᠦᠰᠦᠲᠡᠨ᠂ 1965 ᠣᠨ ᠳ᠋ᠤ᠌ ᠵᠢᠷᠢᠮ ᠠᠢᠮᠠᠭ ᠤ᠋ᠨ ᠬᠣᠷᠴᠢᠨ ᠵᠡᠭᠦᠨ ᠭᠠᠷᠤᠨ ᠬᠣᠢᠲᠤ ᠬᠤᠰᠢᠭᠤᠨ ᠳ᠋ᠤ᠌ ᠲᠥᠷᠥᠵᠡᠢ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠳᠡᠰ ᠦ᠋ᠨ ᠮᠣᠩᠭᠣᠯ ᠤᠷᠠᠨ ᠪᠢᠴᠢᠯᠭᠡ ᠶ᠋ᠢᠨ ᠪᠣᠳᠠᠰ ᠤ᠋ᠨ ᠪᠤᠰᠤ ᠰᠣᠶᠣᠯ ᠤ᠋ᠨ ᠥᠪ ᠢ᠋ ᠥᠪᠯᠡᠨ ᠵᠠᠯᠭᠠᠮᠵᠢᠯᠠᠭᠴᠢ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠳᠡᠳ᠋ ᠲᠡᠷᠢᠭᠦᠯᠡᠭᠴᠢ᠂ᠲᠦᠩᠯᠢᠶᠣᠣ ᠬᠣᠲᠠ ᠶ᠋ᠢᠨ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠳᠡᠳ᠋ ᠲᠡᠷᠢᠭᠦᠯᠡᠭᠴᠢ᠂ ᠲᠦᠩᠯᠢᠶᠣᠣ ᠬᠣᠲᠠ ᠶ᠋ᠢᠨ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠲᠡᠷᠢᠭᠦᠯᠡᠭᠴᠢ᠂ ᠬᠣᠷᠴᠢᠨ ᠰᠡᠢᠯᠦᠮᠡᠯᠴᠢᠳ ᠦ᠋ᠨ ᠨᠡᠢᠭᠡᠮᠯᠢᠭ ᠦ᠋ᠨ ᠳᠡᠳ᠋ ᠨᠠᠷᠢᠨ ᠪᠢᠴᠢᠭ ᠦ᠋ᠨ ᠳᠠᠷᠤᠭ᠎ᠠ ᠶ᠋ᠢᠨ ᠲᠤᠰᠢᠶᠠᠯ ᠢ᠋ ᠬᠠᠷᠢᠭᠤᠴᠠᠵᠤ ᠪᠠᠢᠨ᠎ᠠ᠃ ᠤᠷᠠᠨ ᠪᠢᠴᠢᠯᠭᠡᠲᠡᠨ᠂ ᠰᠡᠢᠯᠦᠮᠡᠯᠴᠢᠨ ᠪᠣᠷᠵᠢᠭᠢᠨ ᠲᠤᠶᠠᠭ᠎ᠠ ᠲᠦᠩᠯᠢᠶᠣᠣ ᠬᠣᠲᠠ ᠶ᠋ᠢᠨ ᠮᠣᠩᠭᠣᠯ ᠦᠨᠳᠦᠰᠦᠲᠡᠨ ᠦ᠌ ᠰᠤᠷᠭᠠᠭᠤᠯᠢ ᠳ᠋ᠤ᠌ ᠪᠢᠴᠢᠯᠭᠡ ᠵᠢᠷᠤᠭ ᠤ᠋ᠨ ᠪᠠᠭᠰᠢ ᠶ᠋ᠢᠨ ᠠᠯᠪᠠ ᠶ᠋ᠢ ᠬᠠᠭᠠᠵᠤ ᠢᠷᠡᠭᠰᠡᠨ ᠭᠤᠴᠢᠭᠠᠳ ᠵᠢᠯ ᠦ᠋ᠨ ᠲᠤᠷᠰᠢ ᠰᠤᠷᠭᠠᠬᠤ᠂ ᠵᠢᠭᠠᠬᠤ᠂ ᠰᠤᠳᠤᠯᠬᠤ ᠶ᠋ᠢ ᠤᠶᠠᠯᠳᠤᠭᠤᠯᠵᠤ᠂ ᠣᠳᠣ ᠮᠣᠩᠭᠣᠯ ᠤᠷᠠᠨ ᠪᠢᠴᠢᠯᠭᠡ ᠶ᠋ᠢᠨ ᠬᠥᠮᠦᠰ ᠲᠦ᠍ ᠭᠤᠷᠪᠠᠨ ᠪᠢᠴᠢᠯᠭᠡ ᠳ᠋ᠦ᠍ ᠨᠡᠪᠲᠡᠷᠡᠭᠰᠡᠨ᠂ ᠲᠠᠮᠠᠭ᠎ᠠ ᠰᠡᠢᠯᠦᠮᠡᠯ ᠳ᠋ᠦ᠍ ᠴᠠᠭᠠᠷᠠᠭᠰᠠᠨ᠂ ᠳᠣᠪᠲᠣᠯᠭᠠᠨ ᠪᠢᠴᠢᠯᠭᠡ ᠪᠡᠷ ᠢ᠋ᠶ᠋ᠡᠨ ᠠᠯᠳᠠᠷᠰᠢᠭᠰᠠ《ᠲᠤᠶᠠᠭ᠎ᠠ ᠶ᠋ᠢᠨ ᠬᠡᠪ ᠨᠠᠮᠪᠠ》 ᠶ᠋ᠢ ᠪᠦᠷᠢᠯᠳᠦᠭᠦᠯᠦᠭᠰᠡᠨ ᠤᠷᠠᠯᠢᠭᠴᠢᠨ ᠪᠣᠯᠵᠤ ᠭᠢᠯᠠᠷᠠᠭᠤᠯᠵᠤ ᠶᠠᠪᠤᠭ᠎ᠠ ᠪᠢᠯᠡ᠃  
       ᠲᠤᠶᠠᠭ᠎ᠠ᠂ ᠰᠤᠷᠤᠭᠴᠢᠳ ᠲᠤ᠌ ᠪᠠᠨ ᠤᠷᠠᠨ ᠪᠢᠴᠢᠯᠭᠡ ᠵᠢᠭᠠᠬᠤ ᠳ᠋ᠤ᠌ ᠪᠠᠨ ᠬᠡᠦᠬᠡᠳ ᠪᠠᠭᠠᠴᠤᠤᠯ ᠳ᠋ᠤ᠌ ᠦᠵᠡᠨ ᠳᠠᠭᠤᠷᠢᠶᠠᠵᠤ ᠰᠤᠷᠴᠢᠬᠠᠮᠠᠷ ᠮᠣᠩᠭᠣᠯ ᠤᠷᠠᠨ ᠪᠢᠴᠢᠯᠭᠡ ᠶ᠋ᠢᠨ ᠨᠣᠮ ᠮᠠᠲ᠋ᠧᠷᠢᠶᠠᠯ ᠬᠣᠪᠣᠷᠳᠠᠨ ᠳᠤᠲᠠᠭᠳᠠᠵᠤ ᠪᠠᠢᠭ᠎ᠠ ᠶ᠋ᠢ ᠰᠠᠷᠠᠨ ᠮᠡᠳᠡᠵᠦ 1994 ᠣᠨ ᠳ᠋ᠤ᠌《ᠮᠣᠩᠭᠣᠯ ᠦᠰᠦᠭ ᠦ᠋ᠨ ᠲᠠᠪᠤᠨ ᠱᠤᠭᠤᠮᠲᠤ ᠪᠢᠴᠢᠯᠭᠡ ᠶ᠋ᠢᠨ ᠳᠦᠷᠢᠮ》ᠭᠡᠬᠦ ᠨᠣᠮ ᠢ᠋ ᠬᠡᠪᠯᠡᠭᠦᠯᠦᠨ᠂ᠰᠤᠷᠭᠠᠭᠤᠯᠢ ᠳ᠋ᠤ᠌ ᠪᠠᠨ ᠡᠬᠢᠯᠡᠨ ᠬᠡᠷᠡᠭᠯᠡᠵᠦ ᠪᠠᠭᠠᠴᠤᠳ ᠬᠡᠦᠬᠡᠳ ᠦ᠋ᠨ ᠠᠯᠢ ᠡᠷᠲᠡ ᠡᠴᠡ ᠳᠦᠷᠢᠮᠵᠢᠭᠦᠨ ᠭᠣᠷᠢᠮᠵᠢᠭᠣᠨ ᠰᠠᠢᠨ ᠪᠢᠴᠢᠬᠦ ᠦᠨᠳᠦᠰᠦ ᠶ᠋ᠢ ᠴᠣᠭᠴᠠᠯᠠᠬᠤ ᠳ᠋ᠤ᠌ ᠰᠠᠭᠤᠷᠢ ᠲᠠᠯᠪᠢᠨ ᠥᠭᠴᠦ ᠪᠠᠢᠵᠠᠢ᠃ ᠣᠳᠣ ᠪᠣᠯᠲᠠᠯ᠎ᠠ ᠲᠤᠰ ᠨᠣᠮ ᠢ᠋ ᠲᠦᠩᠯᠢᠶᠣᠣ ᠬᠣᠲᠠ ᠶ᠋ᠢᠨ ᠮᠣᠩᠭᠣᠯ ᠰᠤᠷᠭᠠᠭᠤᠯᠢ ᠨᠤᠭᠤᠳ ᠤ᠋ᠨ ᠰᠤᠷᠬᠤ ᠪᠢᠴᠢᠭ ᠢ᠋ᠶ᠋ᠡᠷ ᠬᠡᠷᠡᠭᠯᠡᠵᠦ ᠪᠠᠢᠨ᠎ᠠ᠃ᠲᠡᠷᠡ ᠪᠠᠰᠠ ᠥᠪᠡᠷᠲᠡᠭᠡᠨ ᠵᠠᠰᠠᠬᠤ ᠣᠷᠣᠨ ᠤ᠋ ᠠᠩᠬᠠᠳᠤᠭᠠᠷ ᠤᠳᠠᠭᠠᠨ ᠤ᠋ ᠪᠠᠭ᠎ᠠ ᠰᠤᠷᠭᠠᠭᠤᠯᠢ ᠶ᠋ᠢᠨ ᠪᠢᠴᠢᠯᠭᠡ ᠵᠢᠷᠤᠭ ᠤ᠋ᠨ ᠰᠢᠨ᠎ᠡ ᠡᠭᠦᠳᠦᠯᠲᠡ ᠪᠦᠬᠦᠢ ᠬᠢᠴᠢᠶᠡᠯ ᠦ᠋ᠨ ᠤᠷᠤᠯᠳᠤᠭᠠᠨ ᠤ᠋ ᠨᠢᠭᠡᠳᠦᠭᠡᠷ ᠳᠡᠰ ᠦ᠋ᠨ ᠱᠠᠩᠨᠠᠯ ᠢ᠋ ᠬᠦᠷᠲᠡᠵᠦ᠂2001 ᠣᠨ ᠳ᠋ᠤ᠌ ᠲᠦᠩᠯᠢᠶᠣᠣ ᠬᠣᠲᠠ ᠳ᠋ᠤ᠌ ᠬᠤᠪᠢ ᠬᠥᠮᠦᠨ ᠦ᠌ ᠤᠷᠠᠨ ᠪᠢᠴᠢᠯᠭᠡ ᠶ᠋ᠢᠨ ᠪᠦᠲᠦᠭᠡᠯ ᠦ᠋ᠨ ᠦᠵᠡᠰᠬᠦᠯᠡᠩ ᠢ᠋ᠶ᠋ᠡᠨ ᠭᠠᠷᠭᠠᠵᠠᠢ᠃ 2007 ᠣᠨ ᠳ᠋ᠤ᠌《ᠲᠤᠶᠠᠭ᠎ᠠ ᠶ᠋ᠢᠨ ᠤᠷᠠᠨ ᠪᠦᠲᠦᠭᠡᠯ》ᠭᠡᠬᠦ ᠨᠣᠮ ᠢ᠋ᠶ᠋ᠠᠨ ᠬᠡᠪᠯᠡᠭᠦᠯᠦᠭᠰᠡᠨ ᠪᠠᠢᠨ᠎ᠠ᠃ 2010 ᠣᠨ ᠤ᠋ 12 ᠰᠠᠷ᠎ᠠ ᠳ᠋ᠤ᠌ ᠲᠤᠶᠠᠭ᠎ᠠ ᠶ᠋ᠢᠨ ᠬᠤᠪᠢ ᠬᠥᠮᠦᠨ ᠦ᠌ ᠢᠷᠠᠭᠤ ᠠᠯᠳᠠᠷ ᠤ᠋ᠨ ᠦᠨᠡᠮᠯᠡᠯ᠂ᠤᠷᠠᠨ ᠪᠢᠴᠢᠯᠭᠡ ᠶ᠋ᠢᠨ ᠰᠢᠯᠢᠳᠡᠭ ᠪᠦᠲᠦᠭᠡᠯ ᠦ᠋ᠳ ᠵᠢᠴᠢ ᠨᠠᠢᠷᠠᠭᠤᠯᠤᠨ ᠬᠡᠪᠯᠡᠭᠦᠯᠦᠭᠰᠡᠨ ᠨᠣᠮ — 《ᠬᠡᠯᠡ ᠪᠢᠴᠢᠭ ᠦ᠋ᠨ ᠲᠠᠪᠤᠨ ᠱᠤᠭᠤᠮᠲᠤ ᠪᠢᠴᠢᠯᠭᠡ》᠂《ᠲᠤᠶᠠᠭ᠎ᠠ ᠶ᠋ᠢᠨ ᠤᠷᠠᠨ ᠪᠦᠲᠦᠭᠡᠯ》ᠵᠡᠷᠭᠡ 26 ᠬᠤᠪᠢ ᠦᠨᠡᠲᠦ ᠮᠠᠲ᠋ᠧᠷᠢᠶᠠᠯ ᠢ᠋ ᠲᠦᠩᠯᠢᠶᠣᠣ ᠬᠣᠲᠠ ᠶ᠋ᠢᠨ ᠳᠠᠩᠰᠠ ᠡᠪᠬᠡᠮᠡᠯ ᠦ᠋ᠨ ᠭᠠᠵᠠᠷ ᠬᠣᠷᠢᠶᠠᠨ ᠬᠠᠳᠠᠭᠠᠯᠠᠵᠠᠢ᠃2014 ᠣᠨ ᠳ᠋ᠤ᠌ ᠨᠠᠢ᠍ᠮᠠᠨ ᠮᠣᠵᠢ ᠣᠷᠣᠨ ᠤ᠋《ᠡᠬᠡ ᠬᠡᠯᠡ ᠬᠤᠨᠳᠠᠭᠠᠲᠤ》ᠮᠣᠩᠭᠣᠯ ᠤᠷᠠᠨ ᠪᠢᠴᠢᠯᠭᠡ ᠶ᠋ᠢᠨ ᠤᠷᠤᠯᠳᠤᠭᠠᠨ ᠤ᠋ ᠬᠢᠨᠠᠨ ᠰᠢᠯᠭᠠᠷᠠᠭᠤᠯᠤᠭᠴᠢ ᠪᠠᠷ ᠤᠷᠢᠭᠳᠠᠵᠠᠢ᠃2018 ᠣᠨ ᠳ᠋ᠤ᠌ ᠥᠪᠥᠷ ᠮᠣᠩᠭᠣᠯ ᠤ᠋ᠨ ᠲᠠᠯ᠎ᠠ ᠨᠤᠲᠤᠭ ᠤ᠋ᠨ ᠰᠣᠶᠣᠯ ᠤ᠋ᠨ ᠤᠯᠠᠮᠵᠢᠯᠠᠭᠴᠢ ᠣᠳᠣᠨ ᠤ᠋《ᠴᠡᠴᠡᠷᠯᠢᠭᠴᠢ》ᠴᠣᠯᠠ ᠣᠯᠤᠭᠰᠠᠨ ᠪᠠᠢᠨ᠎ᠠ᠃ᠮᠥᠨ ᠣᠨ ᠳ᠋ᠤ᠌ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠳᠡᠰ ᠦ᠋ᠨ ᠪᠣᠳᠠᠰ ᠤ᠋ᠨ ᠪᠤᠰᠤ ᠰᠣᠶᠣᠯ ᠤ᠋ᠨ ᠥᠪ ᠦ᠋ᠨ ᠮᠣᠩᠭᠣᠯ ᠤᠷᠠᠨ ᠪᠢᠴᠢᠯᠭᠡ ᠶ᠋ᠢᠨ ᠥᠪᠯᠡᠨ ᠤᠯᠠᠮᠵᠢᠯᠠᠭᠴᠢ ᠲᠥᠯᠥᠭᠡᠯᠡᠭᠴᠢ ᠬᠥᠮᠦᠨ ᠢ᠋ᠶ᠋ᠡᠷ ᠵᠢᠬᠰᠠᠭᠠᠭᠳᠠᠪᠠ᠃2020 ᠣᠨ ᠤ᠋ 7 ᠰᠠᠷ᠎ᠠ ᠳ᠋ᠤ᠌ ᠲᠦᠩᠯᠢᠶᠣᠣ ᠬᠣᠲᠠ ᠶ᠋ᠢᠨ ᠰᠤᠷᠲᠠᠯ ᠮᠣᠷᠠᠯ ᠤᠷ᠎ᠠ ᠠᠪᠢᠶᠠᠰ ᠴᠣᠯᠭᠣᠷᠠᠭᠰᠠᠨ ᠢᠳᠡᠷ ᠵᠠᠯᠠᠭᠤ ᠤᠳᠬ᠎ᠠ ᠤᠷᠠᠯᠢᠭ ᠤ᠋ᠨ ᠠᠵᠢᠯᠲᠠᠨ ᠤ᠋ ᠢᠷᠠᠭᠤ ᠠᠯᠳᠠᠷ ᠤ᠋ᠨ ᠴᠣᠯᠠ ᠶ᠋ᠢ ᠬᠦᠷᠲᠡᠭᠰᠡᠨ ᠪᠠᠢᠨ᠎ᠠ᠃ 2023 ᠣᠨ ᠳ᠋ᠤ᠌ ᠮᠣᠩᠭᠣᠯ ᠤᠯᠤᠰ ᠤ᠋ᠨ ᠰᠣᠶᠣᠯ ᠤ᠋ᠨ ᠶᠠᠮᠤᠨ ᠠ᠋ᠴᠠ《ᠦᠨᠳᠦᠰᠦᠨ ᠦ᠌ ᠪᠢᠴᠢᠭ ᠰᠣᠶᠣᠯ ᠢ᠋ ᠳᠡᠯᠭᠡᠷᠡᠭᠦᠯᠦᠭᠴᠢ》 ᠶ᠋ᠢᠨ ᠲᠡᠮᠳᠡᠭ ᠣᠯᠭᠣᠪᠠ᠃ 

       
       ᠲᠤᠶᠠᠭ᠎ᠠ ᠶ᠋ᠢᠨ ᠰᠠᠨᠠᠭᠠᠴᠢᠯᠠᠭ᠎ᠠ ᠳᠣᠣᠷ᠎ᠠ ᠲᠦᠩᠯᠢᠶᠣᠣ ᠬᠣᠲᠠ ᠶ᠋ᠢᠨ ᠮᠣᠩᠭᠣᠯ ᠦᠨᠳᠦᠰᠦᠲᠡᠨ ᠦ᠌ ᠰᠤᠷᠭᠠᠭᠤᠯᠢ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠢ᠋ ᠨᠡᠭᠡᠭᠡᠭᠡᠳ ᠨᠢᠭᠡᠨᠲᠡ 20 ᠭᠠᠷᠤᠢ ᠵᠢᠯ ᠦ᠋ᠨ ᠲᠡᠦᠬᠡ ᠲᠡᠢ ᠪᠣᠯᠵᠠᠢ᠃ 2018 ᠣᠨ ᠤ᠋ 5 ᠰᠠᠷ᠎ᠠ ᠶ᠋ᠢᠨ12 ᠤ᠋ ᠡᠳᠦᠷ ᠲᠤᠶᠠᠭ᠎ᠠ ᠲᠦᠩᠯᠢᠶᠣᠣ ᠬᠣᠲᠠ ᠶ᠋ᠢᠨ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠭᠡᠰᠢᠭᠦᠳ ᠢ᠋ᠶ᠋ᠡᠨ ᠵᠣᠬᠢᠶᠠᠨ ᠪᠠᠢᠭᠤᠯᠵᠤ᠂ᠰᠤᠷᠭᠠᠭᠤᠯᠢ ᠲᠠᠢ ᠪᠠᠨ ᠬᠠᠮᠲᠤᠷᠠᠵᠤ《ᠡᠬᠡ ᠬᠡᠯᠡ ᠶ᠋ᠢᠨ ᠤᠯᠠᠮᠵᠢᠯᠠᠯ》ᠤᠷᠠᠨ ᠪᠢᠴᠢᠯᠭᠡ ᠶ᠋ᠢᠨ ᠬᠠᠮᠲᠤᠷᠠᠭᠰᠠᠨ ᠦᠵᠡᠭᠦᠯᠦᠯᠭᠡ ᠡᠷᠬᠢᠯᠡᠭᠰᠡᠨ ᠪᠠᠢᠨ᠎ᠠ᠃ᠲᠤᠰ ᠤᠳᠠᠭᠠᠨ ᠤ᠋ ᠳᠡᠯᠭᠡᠨ ᠦᠵᠡᠭᠦᠯᠦᠯᠭᠡ ᠳ᠋ᠦ᠍ ᠲᠤᠶᠠᠭ᠎ᠠ ᠶ᠋ᠢᠨ ᠵᠢᠭᠠᠨ ᠵᠢᠯᠣᠭᠣᠳᠤᠭᠰᠠᠨ ᠲᠦᠩᠯᠢᠶᠣᠣ ᠬᠣᠲᠠ ᠶ᠋ᠢᠨ ᠮᠣᠩᠭᠣᠯ ᠦᠨᠳᠦᠰᠦᠲᠡᠨ ᠦ᠌ ᠰᠤᠷᠭᠠᠭᠤᠯᠢ ᠶ᠋ᠢᠨ ᠪᠠᠭᠰᠢ ᠰᠤᠷᠤᠭᠴᠢ ᠶ᠋ᠢᠨ ᠪᠦᠲᠦᠭᠡᠯ ᠪᠠ ᠲᠦᠩᠯᠢᠶᠣᠣ ᠬᠣᠲᠠ ᠶ᠋ᠢᠨ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠬᠡᠰᠡᠭ ᠭᠡᠰᠢᠭᠦᠳ ᠦ᠋ᠨ ᠨᠡᠢᠲᠡ160 ᠬᠤᠪᠢ ᠪᠦᠲᠦᠭᠡᠯ ᠢ᠋ ᠳᠡᠯᠭᠡᠨ ᠦᠵᠡᠭᠦᠯᠪᠡ᠃ᠲᠤᠰ ᠤᠳᠠᠭᠠᠨ ᠤ᠋ ᠦᠵᠡᠭᠦᠯᠦᠯᠭᠡ ᠨᠢ ᠪᠦᠬᠦ ᠲᠦᠩᠯᠢᠶᠣᠣ ᠬᠣᠲᠠ ᠶ᠋ᠢᠨ ᠮᠣᠩᠭᠣᠯ ᠳᠤᠮᠳᠠᠳᠤ ᠪᠠᠭ᠎ᠠ ᠰᠤᠷᠭᠠᠭᠤᠯᠢ ᠶ᠋ᠢᠨ ᠤᠷᠠᠨ ᠪᠢᠴᠢᠯᠭᠡ ᠶ᠋ᠢᠨ ᠬᠢᠴᠢᠶᠡᠯ ᠢ᠋ᠶ᠋ᠡᠷ ᠭᠤᠸ᠎ᠠ ᠰᠠᠢᠬᠠᠨ ᠤ᠋ ᠬᠥᠮᠦᠵᠢᠯ ᠬᠢᠬᠦ᠂ᠤᠷᠠᠯᠢᠭ ᠤ᠋ᠨ ᠨᠥᠯᠥᠭᠡᠯᠡᠬᠦ ᠬᠦᠴᠦᠨ ᠢ᠋ᠶ᠋ᠡᠷ ᠵᠢᠭᠠᠨ ᠰᠤᠷᠭᠠᠯᠲᠠ ᠶ᠋ᠢᠨ ᠠᠵᠢᠯ ᠢ᠋ᠶ᠋ᠠᠨ ᠴᠢᠩᠭᠠᠳᠬᠠᠬᠤ᠂ᠦᠨᠳᠦᠰᠦᠲᠡᠨ ᠢ᠋ᠶ᠋ᠡᠨ ᠬᠠᠢᠷᠠᠯᠠᠬᠤ ᠦᠵᠡᠯ ᠰᠠᠨᠠᠭᠠᠨ ᠤ᠋ ᠬᠥᠮᠦᠵᠢᠯ ᠬᠢᠬᠦ᠂ ᠦᠭᠡ ᠬᠡᠯᠡ ᠦᠰᠦᠭ ᠪᠢᠴᠢᠭ ᠢ᠋ᠶ᠋ᠡᠨ ᠬᠦᠨᠳᠦᠳᠬᠡᠨ ᠡᠷᠬᠢᠮᠯᠡᠬᠦ ᠠᠵᠢᠯᠯᠠᠭ᠎ᠠ ᠶ᠋ᠢ ᠠᠬᠢᠭᠤᠯᠬᠤ ᠦᠢᠯᠡᠳᠦᠯ ᠦᠵᠡᠭᠦᠯᠦᠭᠰᠡᠨ ᠨᠢ ᠳᠠᠮᠵᠢᠭ ᠦᠭᠡᠢ᠃ 
       ᠮᠣᠩᠭᠣᠯ ᠤᠷᠠᠨ ᠪᠢᠴᠢᠯᠭᠡ ᠪᠣᠯ ᠴᠠᠭᠠᠰᠤᠨ ᠤ᠋ ᠤᠷᠠᠯᠢᠭ᠂ᠪᠡᠬᠡ ᠶ᠋ᠢᠨ ᠤᠷᠠᠯᠢᠭ᠂ᠪᠢᠷ ᠦ᠋ᠨ ᠤᠷᠠᠯᠢᠭ ᠮᠥᠨ᠃ ᠲᠡᠭᠦᠨ ᠦ᠌ ᠤᠯᠠᠮᠵᠢᠯᠠᠯ ᠤ᠋ᠨ ᠠᠷᠭ᠎ᠠ ᠪᠠᠷᠢᠯ ᠤ᠋ᠨ ᠬᠠᠮᠤᠭ ᠵᠣᠬᠢᠮᠵᠢᠲᠠᠢ ᠨᠢ ᠬᠠᠰᠢᠯᠠ ᠴᠠᠭᠠᠰᠤᠨ ᠳᠡᠭᠡᠷ᠎ᠡ ᠪᠢᠴᠢᠭᠳᠡᠭᠰᠡᠨ ᠬᠡᠯᠪᠡᠷᠢ ᠪᠣᠯᠤᠨ᠎ᠠ᠃ ᠰᠣᠨᠢᠨ ᠪᠣᠯ ᠡᠭᠦᠨ ᠦ᠌ ᠨᠢᠭᠡ ᠨᠢ ᠪᠠᠢᠭ᠎ᠠ᠃ᠰᠣᠨᠢᠨ ᠢ᠋ ᠳᠠᠬᠢᠨ ᠳᠠᠪᠲᠠᠨ ᠰᠣᠨᠢᠷᠬᠠᠵᠤ ᠪᠣᠯᠬᠤ ᠪᠥᠭᠡᠳ ᠥᠨᠢᠳᠡ ᠬᠠᠳᠠᠭᠠᠯᠠᠵᠤ ᠴᠢᠳᠠᠬᠤ ᠦᠨ᠎ᠡ ᠥᠷᠲᠡᠭ ᠲᠡᠢ ᠪᠠᠢᠳᠠᠭ᠃ ᠡᠢᠮᠦ ᠡᠴᠡ ᠲᠦᠩᠯᠢᠶᠣᠣ ᠬᠣᠲᠠ ᠶ᠋ᠢᠨ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠲᠡᠷᠢᠭᠦᠯᠡᠭᠴᠢ ᠲᠤᠶᠠᠭ᠎ᠠ ᠮᠣᠩᠭᠣᠯ ᠤᠷᠠᠨ ᠪᠢᠴᠢᠯᠭᠡ ᠪᠡᠨ ᠥᠪᠯᠡᠨ ᠬᠠᠳᠠᠭᠠᠯᠠᠵᠤ ᠤᠯᠠᠮᠵᠢᠯᠠᠵᠤ ᠳᠡᠯᠭᠡᠷᠡᠭᠦᠯᠬᠦ ᠡᠭᠦᠳᠡᠨ ᠡᠴᠡ 2014 ᠣᠨ ᠠ᠋ᠴᠠ ᠡᠬᠢᠯᠡᠵᠦ《ᠵᠢᠷᠢᠮ ᠤᠷᠠᠨ ᠪᠢᠴᠢᠯᠭᠡ》ᠭᠡᠬᠦ ᠰᠣᠨᠢᠨ ᠢ᠋ ᠡᠷᠬᠢᠯᠡᠭᠰᠡᠨ ᠪᠠᠢᠨ᠎ᠠ᠃ ᠡᠭᠦᠨ ᠡᠴᠡ ᠭᠠᠳᠠᠨ᠎ᠠ ᠲᠤᠶᠠᠭ᠎ᠠ ᠪᠠᠰᠠ ᠲᠥᠪ ᠲᠧᠯᠸᠢᠰ ᠦ᠋ᠨ ᠮᠣᠩᠭᠣᠯ ᠰᠦᠯᠵᠢᠶ᠎ᠡ ᠶ᠋ᠢᠨ ᠤᠷᠢᠯᠭ᠎ᠠ ᠪᠠᠷ 2015 ᠣᠨ ᠠ᠋ᠴᠠ ᠨᠠᠭᠠᠰᠢ《ᠮᠣᠩᠭᠣᠯ ᠤᠷᠠᠨ ᠪᠢᠴᠢᠯᠭᠡ ᠶ᠋ᠢᠨ ᠰᠦᠯᠵᠢᠶᠡᠨ ᠳ᠋ᠡᠬᠢ ᠲᠠᠢᠯᠤᠮᠵᠢ》ᠪᠠ《ᠵᠢᠷᠢᠮ ᠤᠷᠠᠨ ᠪᠢᠴᠢᠯᠭᠡᠲᠡᠨ》ᠭᠡᠬᠦ ᠬᠣᠶᠠᠷ ᠰᠢᠷᠢᠰ ᠨᠡᠪᠲᠡᠷᠡᠭᠦᠯᠭᠡ ᠶ᠋ᠢ ᠰᠡᠭᠦᠳᠡᠷᠯᠡᠨ ᠦᠢᠯᠡᠳᠴᠡᠢ᠃ᠲᠤᠰ ᠬᠣᠶᠠᠷ ᠰᠢᠷᠢᠰ ᠫᠷᠣᠭ᠌ᠷᠠᠮ ᠨᠢ ᠰᠦᠯᠵᠢᠶᠡᠨ ᠢ᠋ᠶ᠋ᠡᠷ ᠳᠠᠮᠵᠢᠨ ᠳᠡᠯᠡᠬᠡᠢ ᠶ᠋ᠢᠨ ᠬᠥᠮᠦᠰ ᠲᠡᠢ ᠲᠠᠨᠢᠯᠴᠠᠵᠤ ᠬᠥᠮᠦᠰ ᠲᠦ᠍ ᠤᠷᠠᠨ ᠪᠢᠴᠢᠯᠭᠡ ᠰᠤᠷᠬᠤ ᠳᠥᠭᠥᠮ ᠨᠥᠬᠥᠴᠡᠯ ᠢ᠋ ᠬᠠᠩᠭᠠᠵᠤ᠂ᠮᠣᠩᠭᠣᠯ ᠤᠷᠠᠨ ᠪᠢᠴᠢᠯᠭᠡ ᠪᠡᠨ ᠤᠬᠠᠭᠤᠯᠵᠤ ᠳᠡᠯᠭᠡᠷᠡᠭᠦᠯᠬᠦ ᠶ᠋ᠢᠨ ᠰᠢᠨ᠎ᠡ ᠵᠠᠮ ᠢ᠋ ᠨᠡᠭᠡᠭᠡᠭᠰᠡᠨ ᠪᠠᠢᠨ᠎ᠠ᠃ 2015 ᠣᠨ ᠠ᠋ᠴᠠ ᠡᠬᠢᠯᠡᠨ ᠥᠪᠥᠷ ᠮᠣᠩᠭᠣᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠤᠷᠢᠯᠭ᠎ᠠ ᠪᠠᠷ ᠪᠠᠭᠰᠢ ᠶ᠋ᠢᠨ ᠮᠡᠷᠭᠡᠵᠢᠯ ᠦ᠋ᠨ ᠰᠠᠯᠪᠤᠷᠢ ᠶ᠋ᠢᠨ ᠣᠶᠤᠲᠠᠳ ᠲᠤ᠌ ᠣ ᠶ᠋ᠢᠨ ᠪᠢᠷ ᠦ᠋ᠨ ᠰᠠᠮᠪᠠᠷ᠎ᠠ ᠶ᠋ᠢᠨ ᠪᠢᠴᠢᠯᠭᠡ ᠶ᠋ᠢ ᠵᠥᠪ ᠲᠡᠭᠰᠢ᠂ᠴᠡᠪᠡᠷ ᠲᠣᠳᠣ᠂ᠳᠦᠷᠢᠮᠵᠢᠭᠦᠨ ᠰᠠᠢᠬᠠᠨ ᠪᠢᠴᠢᠬᠦ ᠬᠢᠴᠢᠶᠡᠯ ᠣᠷᠣᠭᠰᠠᠨ ᠪᠠᠢᠨ᠎ᠠ᠃ 2017 ᠣᠨ ᠳ᠋ᠤ᠌ ᠬᠥᠯᠥᠨ ᠪᠤᠢᠷ ᠬᠣᠲᠠ ᠶ᠋ᠢᠨ ᠬᠣᠶᠠᠳᠤᠭᠠᠷ ᠬᠤᠭᠤᠴᠠᠭᠠᠨ ᠤ᠋《ᠮᠣᠩᠭᠣᠯ ᠤᠷᠠᠨ ᠪᠢᠴᠢᠯᠭᠡ ᠶ᠋ᠢᠨ ᠪᠣᠯᠪᠠᠰᠤᠷᠠᠯ ᠤ᠋ᠨ ᠠᠩᠭᠢ》 ᠳ᠋ᠤ᠌ ᠤᠷᠢᠭᠳᠠᠵᠤ ᠮᠣᠩᠭᠣᠯ ᠤᠷᠠᠨ ᠪᠢᠴᠢᠯᠭᠡ ᠶ᠋ᠢᠨ ᠬᠢᠴᠢᠶᠡᠯ ᠣᠷᠣᠵᠠᠢ᠃2018 ᠣᠨ ᠳ᠋ᠤ᠌ ᠨᠠᠢ᠍ᠮᠠᠨ ᠮᠣᠵᠢ ᠣᠷᠣᠨ ᠤ᠋《ᠬᠠᠸᠠᠩᠵᠠᠪ》ᠮᠣᠩᠭᠣᠯ ᠤᠷᠠᠨ ᠪᠢᠴᠢᠯᠭᠡ ᠶ᠋ᠢᠨ ᠪᠣᠯᠪᠠᠰᠤᠷᠠᠯ ᠤ᠋ᠨ ᠠᠩᠭᠢ ᠪᠠ ᠬᠢᠷᠢᠨ ᠮᠣᠵᠢ ᠶ᠋ᠢᠨ《ᠮᠣᠩᠭᠣᠯ ᠦᠨᠳᠦᠰᠦᠲᠡᠨ ᠦ᠌ ᠳᠤᠮᠳᠠᠳᠤ ᠪᠠᠭ᠎ᠠ ᠰᠤᠷᠭᠠᠭᠤᠯᠢ ᠶ᠋ᠢᠨ ᠪᠠᠭᠰᠢ ᠨᠠᠷ ᠤ᠋ᠨ ᠮᠣᠩᠭᠣᠯ ᠦᠰᠦᠭ ᠦ᠋ᠨ ᠳᠦᠷᠢᠮᠵᠢᠭᠦᠨ ᠪᠢᠴᠢᠯᠭᠡ》 ᠶ᠋ᠢᠨ ᠪᠣᠯᠪᠠᠰᠤᠷᠠᠯ ᠤ᠋ᠨ ᠠᠩᠭᠢ ᠳ᠋ᠤ᠌ ᠤᠷᠢᠭᠳᠠᠵᠤ᠂ᠮᠣᠩᠭᠣᠯ ᠤᠷᠠᠨ ᠪᠢᠴᠢᠯᠭᠡ ᠶ᠋ᠢᠨ ᠲᠠᠢᠯᠤᠮᠵᠢ ᠬᠢᠵᠦ ᠮᠣᠩᠭᠣᠯ ᠤᠷᠠᠨ ᠪᠢᠴᠢᠯᠭᠡ ᠪᠡᠨ ᠤᠯᠠᠮᠵᠢᠯᠠᠨ ᠳᠡᠯᠭᠡᠷᠡᠭᠦᠯᠵᠦ ᠶᠠᠪᠤᠵᠠᠢ᠃ 
       2010 ᠣᠨ ᠳ᠋ᠤ᠌ ᠲᠤᠶᠠᠭ᠎ᠠ ᠲᠦᠩᠯᠢᠶᠣᠣ ᠬᠣᠲᠠ ᠶ᠋ᠢᠨ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠢ᠋ ᠡᠭᠦᠰᠬᠡᠨ ᠪᠠᠢᠭᠤᠯᠤᠭᠰᠠᠨ ᠠ᠋ᠴᠠ ᠨᠠᠭᠠᠰᠢ ᠲᠡᠷᠡ ᠨᠡᠢᠭᠡᠮᠯᠢᠭ ᠦ᠋ᠨ ᠭᠡᠰᠢᠭᠦᠳ ᠢ᠋ᠶ᠋ᠡᠨ ᠳᠠᠢᠴᠢᠯᠠᠵᠤ ᠵᠢᠯ ᠪᠦᠷᠢ ᠬᠣᠲᠠ ᠶ᠋ᠢᠨ ᠬᠡᠪᠴᠢᠶᠡᠨ ᠦ᠌ ᠤᠷᠤᠯᠳᠤᠭᠠᠨ ᠦᠵᠡᠰᠬᠦᠯᠡᠩ ᠪᠠ ᠬᠣᠣᠰ ᠤᠶᠠᠩᠭ᠎ᠠ ᠬᠦᠷᠭᠡᠬᠦ ᠬᠥᠳᠡᠯᠭᠡᠭᠡᠨ ᠢ᠋ ᠥᠷᠨᠢᠭᠦᠯᠵᠦ᠂ᠲᠦᠩᠯᠢᠶᠣᠣ ᠬᠣᠲᠠ ᠶ᠋ᠢᠨ ᠮᠣᠩᠭᠣᠯ ᠤᠷᠠᠨ ᠪᠢᠴᠢᠯᠭᠡᠲᠡᠳ ᠪᠣᠯᠤᠨ ᠤᠷᠠᠨ ᠪᠢᠴᠢᠯᠭᠡ ᠳ᠋ᠦ᠍ ᠳᠤᠷ᠎ᠠ ᠪᠠᠬᠠᠲᠠᠢ ᠬᠥᠮᠦᠰ ᠦ᠋ᠨ ᠢᠳᠡᠪᠬᠢᠵᠢᠯ ᠢ᠋ ᠳᠠᠢᠴᠢᠯᠠᠵᠤ᠂ᠲᠦᠩᠯᠢᠶᠣᠣ ᠬᠣᠲᠠ ᠶ᠋ᠢᠨ ᠤᠷᠠᠨ ᠪᠢᠴᠢᠯᠭᠡ ᠶ᠋ᠢᠨ ᠬᠢᠷᠢ ᠲᠦᠪᠰᠢᠨ ᠢ᠋ ᠶᠡᠬᠡᠬᠡᠨ ᠳᠡᠭᠡᠭᠰᠢᠯᠡᠭᠦᠯᠦᠭᠰᠡᠨ ᠪᠠᠢᠨ᠎ᠠ᠃ 
       ᠲᠤᠶᠠᠭ᠎ᠠ᠂ ᠥᠪᠥᠷ ᠮᠣᠩᠭᠣᠯ ᠤ᠋ᠨ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠳᠡᠳ᠋ ᠲᠡᠷᠢᠭᠦᠯᠡᠭᠴᠢ ᠪᠣᠯᠤᠭᠰᠠᠨ ᠤ᠋ ᠬᠤᠪᠢ ᠳ᠋ᠤ᠌ ᠥᠪᠥᠷ ᠮᠣᠩᠭᠣᠯ ᠤ᠋ᠨ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠡᠴᠡ ᠶᠠᠪᠤᠭᠳᠠᠭᠤᠯᠵᠤ ᠪᠠᠢᠭ᠎ᠠ ᠠᠯᠢᠪᠠ ᠠᠵᠢᠯ ᠳ᠋ᠤ᠌ ᠢᠳᠡᠪᠬᠢᠯᠡᠨ ᠣᠷᠣᠯᠴᠠᠳᠠᠭ᠃ 2018 ᠣᠨ ᠤ᠋ 12 ᠰᠠᠷ᠎ᠠ ᠳ᠋ᠤ᠌ ᠥᠪᠥᠷ ᠮᠣᠩᠭᠣᠯ ᠤ᠋ᠨ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠡᠴᠡ ᠭᠣᠣᠯᠯᠠᠨ ᠡᠷᠬᠢᠯᠡᠭᠰᠡᠨ《ᠥᠭᠡᠳᠡ ᠬᠤᠨᠳᠠᠭᠠᠲᠤ》ᠪᠦᠬᠦ ᠤᠯᠤᠰ ᠤ᠋ᠨ ᠮᠣᠩᠭᠣᠯ ᠤᠷᠠᠨ ᠪᠢᠴᠢᠯᠭᠡ ᠶ᠋ᠢᠨ ᠤᠷᠤᠯᠳᠤᠭᠠᠨ ᠦᠵᠡᠰᠬᠦᠯᠡᠩ ᠢ᠋ ᠲᠦᠩᠯᠢᠶᠣᠣ ᠬᠣᠲᠠᠨ᠎ᠠ ᠳᠠᠭᠠᠭᠠᠴᠢᠯᠠᠨ ᠡᠷᠬᠢᠯᠡᠭᠰᠡᠨ ᠪᠠᠢᠨ᠎ᠠ᠃ 
       ᠲᠤᠶᠠᠭ᠎ᠠ ᠪᠠᠰᠠ 2016᠂2019 ᠣᠨ ᠳ᠋ᠤ᠌ ᠣᠷᠣᠰ ᠤ᠋ᠨ ᠬᠣᠯᠪᠣᠭᠠᠨ ᠤ᠋ ᠪᠤᠷᠢᠶᠠᠳ ᠪᠦᠭᠦᠳᠡ ᠨᠠᠢᠷᠠᠮᠳᠠᠬᠤ ᠤᠯᠤᠰ ᠪᠣᠯᠤᠨ ᠺᠠᠨᠠᠳᠠ ᠶ᠋ᠢᠨ ᠤᠲᠲ᠋ᠠᠸᠠ ᠳ᠋ᠤ᠌ ᠶᠠᠪᠤᠭᠳᠠᠭᠰᠠᠨ ᠳᠡᠯᠡᠬᠡᠢ ᠶ᠋ᠢᠨ ᠮᠣᠩᠭᠣᠯ ᠤᠷᠠᠨ ᠪᠢᠴᠢᠯᠭᠡ ᠶ᠋ᠢᠨ ᠦᠵᠡᠰᠬᠦᠯᠡᠩ ᠳ᠋ᠦ᠍ ᠣᠷᠣᠯᠴᠠᠵᠤ᠂ᠪᠣᠰᠤᠭ᠎ᠠ ᠮᠣᠩᠭᠣᠯ ᠦᠰᠦᠭ ᠢ᠋ᠶ᠋ᠡᠨ ᠳᠡᠯᠡᠬᠡᠢ ᠳ᠋ᠦ᠍ ᠭᠠᠢᠬᠠᠭᠤᠯᠤᠭᠰᠠᠨ ᠪᠠᠢᠨ᠎ᠠ᠃  
       2023 ᠣᠨ ᠤ᠋ 5 ᠰᠠᠷ᠎ᠠ ᠳ᠋ᠤ᠌ ᠲᠦᠩᠯᠢᠶᠣᠣ ᠬᠣᠲᠠ ᠶ᠋ᠢᠨ ᠮᠣᠩᠭᠣᠯ ᠤᠷᠠᠨ ᠪᠢᠴᠢᠯᠭᠡᠲᠡᠨ ᠦ᠌ ᠨᠡᠢᠭᠡᠮᠯᠢᠭ ᠬᠣᠷᠴᠢᠨ ᠮᠣᠩᠭᠣᠯ ᠳᠤᠮᠳᠠᠳᠤ ᠰᠤᠷᠭᠠᠭᠤᠯᠢ ᠳ᠋ᠤ᠌ ᠰᠠᠭᠤᠷᠢᠨ ᠭᠠᠵᠠᠷ ᠪᠠᠢᠭᠤᠯᠵᠤ᠂ ᠮᠣᠩᠭᠣᠯ ᠤᠷᠠᠨ ᠪᠢᠴᠢᠯᠭᠡ ᠶ᠋ᠢ ᠤᠯᠠᠮᠵᠢᠯᠠᠨ ᠳᠡᠯᠭᠡᠷᠡᠭᠦᠯᠬᠦ ᠠᠵᠢᠯ ᠳ᠋ᠤ᠌ ᠢᠳᠡᠪᠬᠢᠲᠡᠢ ᠨᠥᠯᠥᠭᠡ ᠦᠵᠡᠭᠦᠯᠦᠭᠰᠡᠨ ᠪᠠᠢᠨ᠎ᠠ᠃ 2024 ᠣᠨ ᠤ᠋ 6 ᠰᠠᠷ᠎ᠠ ᠳ᠋ᠤ᠌《ᠤᠮᠠᠷᠠᠲᠤ ᠬᠢᠵᠠᠭᠠᠷ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠦ᠋ᠨ ᠰᠣᠳᠣᠨ ᠪᠦᠲᠦᠭᠡᠯ ᠦ᠋ᠨ ᠦᠵᠡᠬᠦᠯᠭᠡ》 ᠳ᠋ᠦ᠍ ᠤᠷᠢᠭᠳᠠᠨ ᠣᠷᠣᠯᠴᠠᠵᠠᠢ᠃11 ᠰᠠᠷ᠎ᠠ ᠳ᠋ᠤ᠌ ᠨᠢ 《ᠰᠣᠳᠣᠨ ᠤᠷᠠᠯᠢᠭ ᠤᠮᠠᠷᠠᠲᠤ ᠬᠢᠯᠢ》ᠨᠠᠢ᠍ᠮᠠᠨ ᠮᠣᠵᠢ ᠣᠷᠣᠨ ᠤ᠋ ᠨᠡᠷᠡᠲᠦ ᠤᠷᠠᠨ ᠪᠢᠴᠢᠯᠭᠡᠲᠡᠳ ᠦ᠋ᠨ ᠰᠣᠳᠣᠨ ᠪᠦᠲᠦᠭᠡᠯ ᠦ᠋ᠨ ᠦᠵᠡᠬᠦᠯᠭᠡ ᠵᠢᠴᠢ ᠰᠢᠨ᠎ᠡ ᠤᠷᠠᠨ ᠪᠢᠴᠢᠯᠭᠡᠲᠡᠳ ᠦ᠋ᠨ ᠰᠢᠯᠢᠳᠡᠭ ᠪᠦᠲᠦᠭᠡᠯ ᠦ᠋ᠨ ᠤᠷᠤᠯᠳᠤᠭᠠᠨ ᠢ᠋ ᠵᠣᠬᠢᠶᠠᠨ ᠪᠠᠢᠭᠤᠯᠵᠤ ᠶᠠᠪᠤᠭᠳᠠᠭᠤᠯᠤᠭᠰᠠᠨ ᠠ᠋ᠴᠠ ᠪᠠᠰᠠ ᠨᠢᠭᠡ ᠤᠳᠠᠭ᠎ᠠ ᠬᠣᠷᠴᠢᠨ ᠨᠤᠲᠤᠭ ᠲᠤ᠌ ᠮᠣᠩᠭᠣᠯ ᠤᠷᠠᠨ ᠪᠢᠴᠢᠯᠭᠡ ᠶ᠋ᠢᠨ ᠭᠠᠢᠬᠠᠮᠰᠢᠭ ᠢ᠋ ᠳᠡᠯᠭᠡᠨ ᠦᠵᠡᠭᠦᠯᠵᠡᠢ᠃ 
      《ᠲᠤᠶᠠᠭ᠎ᠠ ᠶ᠋ᠢᠨ ᠪᠢᠴᠢᠯᠭᠡ》ᠭᠡᠵᠦ ᠠᠯᠳᠠᠷᠰᠢᠭᠰᠠᠨ ᠲᠡᠭᠦᠨ ᠦ᠌ ᠳᠣᠪᠲᠣᠯᠭᠠᠨ ᠪᠢᠴᠢᠯᠭᠡ ᠶ᠋ᠢᠨ ᠣᠨᠴᠠᠯᠢᠭ ᠢ᠋ ᠬᠠᠢᠱᠠᠨ ᠫᠷᠣᠹᠧᠰᠰᠣᠷ ᠥᠭᠦᠯᠡᠬᠦ ᠳ᠋ᠦ᠍ ᠪᠡᠨ᠄《ᠬᠡᠳᠦᠢᠪᠡᠷ ᠡᠮᠡᠭᠲᠡᠢ ᠬᠥᠮᠦᠨ ᠦ᠌ ᠤᠶᠠᠨ ᠵᠥᠭᠡᠯᠡᠨ ᠭᠠᠷ ᠢ᠋ᠶ᠋ᠠᠷ ᠪᠢᠴᠢᠭᠳᠡᠭᠰᠡᠨ ᠠᠪᠠᠴᠤ ᠡᠷ᠎ᠡ ᠬᠥᠮᠦᠨ ᠦ᠌ ᠭᠠᠩᠭᠠᠨ ᠬᠠᠲᠠᠭᠤ ᠰᠢᠨᠵᠢ ᠶ᠋ᠢ ᠪᠦᠷᠢᠯᠳᠦᠭᠦᠯᠦᠭᠰᠡᠨ ᠡᠷᠡᠮᠡᠬᠡᠢ ᠰᠢᠨᠵᠢ ᠲᠡᠢ ᠦᠰᠦᠭ ᠪᠢᠴᠢᠵᠦ ᠴᠢᠳᠠᠳᠠᠭ ᠬᠥᠮᠦᠨ᠃ᠲᠡᠭᠦᠨ ᠦ᠌ ᠳᠣᠪᠲᠣᠯᠭᠠᠨ ᠪᠢᠴᠢᠯᠭᠡ ᠶ᠋ᠢᠨ ᠦᠰᠦᠭ ᠭᠠᠩᠭᠠᠩ ᠴᠠᠭ ᠲᠤ᠌ ᠪᠠᠨ ᠨᠠᠷᠠᠰᠤ ᠰᠢᠭ᠋ ᠢᠳᠡᠷᠡᠭᠦᠨ᠂ᠵᠥᠭᠡᠯᠡᠨ ᠦᠶ᠎ᠡ ᠳ᠋ᠦ᠍ ᠪᠡᠨ ᠮᠢᠨᠳᠠᠰᠤᠨ ᠰᠢᠭ᠋ ᠨᠠᠮᠢᠷᠠᠭᠣᠨ᠂ᠪᠢᠷ ᠦ᠋ᠨ ᠬᠦᠨᠳᠦ ᠬᠥᠩᠭᠡᠨ ᠢᠯᠭᠤᠮ᠂ ᠪᠡᠬᠡᠰ ᠦ᠋ᠨ ᠥᠩᠭᠡ ᠵᠢᠪᠠᠷ ᠤᠯᠠᠷᠢᠯ ᠣᠯᠠᠨ᠂ᠵᠢᠷᠤᠯᠭ᠎ᠠ ᠶ᠋ᠢᠨ ᠨᠠᠷᠢᠨ ᠪᠦᠳᠦᠭᠦᠨ ᠦ᠌ ᠵᠣᠬᠢᠴᠠᠯᠳᠤᠯ ᠰᠠᠢᠨ᠂ ᠪᠢᠴᠢᠯᠭᠡ ᠶ᠋ᠢᠨ ᠠᠢᠵᠠᠮ ᠢᠷᠠᠭᠤ ᠬᠦᠭᠵᠢᠮᠯᠢᠭ᠂ ᠪᠢᠷ ᠦ᠋ᠨ ᠬᠤᠷᠳᠤᠨ ᠤᠳᠠᠭᠠᠨ ᠤ᠋ ᠴᠣᠬᠢᠯᠭ᠎ᠠ ᠶ᠋ᠢ ᠴᠢᠳᠠᠮᠠᠭᠠᠢ ᠡᠵᠡᠮᠰᠢᠭᠰᠡᠨ᠂ ᠬᠡᠯᠪᠡᠷᠢ ᠵᠣᠬᠢᠮᠵᠢ ᠶ᠋ᠢᠨ ᠪᠦᠲᠦᠴᠡ ᠲᠣᠭᠲᠠᠯᠴᠠᠭ᠎ᠠ ᠤᠳᠤᠮᠰᠢᠯ ᠤ᠋ᠨ ᠬᠢᠨ ᠮᠥᠷᠲᠡᠭᠡᠨ ᠰᠢᠨᠡᠷᠬᠡᠭ ᠪᠠᠢᠳᠠᠭ᠃ ᠲᠤᠶᠠᠭ᠎ᠠ᠂ ᠡᠬᠢᠨ ᠳ᠋ᠦ᠍ ᠪᠡᠨ ᠤᠷᠠᠨ ᠪᠢᠴᠢᠯᠭᠡ ᠶ᠋ᠢᠨ ᠶᠡᠬᠡ ᠪᠠᠭᠰᠢ ᠡᠷᠳᠡᠨᠢᠪᠦ᠋ᠬᠡ ᠶ᠋ᠢᠨ ᠦᠰᠦᠭ ᠡᠴᠡ ᠰᠢᠮ᠎ᠡ ᠲᠡᠵᠢᠭᠡᠯ ᠠᠪᠤᠨ ᠤᠷᠠᠨ ᠪᠢᠴᠢᠯᠭᠡ ᠶ᠋ᠢᠨ ᠶᠡᠬᠡ ᠬᠦᠷᠢᠶᠡᠨ ᠳ᠋ᠦ᠍ ᠬᠥᠯ ᠲᠣᠭᠲᠠᠵᠤ ᠪᠠᠢᠭᠰᠠᠨ ᠪᠣᠯ ᠥᠭᠡᠷᠡᠴᠢᠯᠡᠯᠲᠡ ᠨᠡᠭᠡᠭᠡᠯᠲᠡ ᠡᠴᠡ ᠰᠡᠭᠦᠯᠡᠷ᠂ ᠤᠷᠠᠨ ᠪᠢᠴᠢᠯᠭᠡ ᠶ᠋ᠢᠨ ᠰᠣᠶᠣᠯ ᠤ᠋ᠨ ᠰᠣᠯᠢᠯᠴᠠᠭ᠎ᠠ ᠰᠠᠢᠵᠢᠷᠠᠬᠤ ᠶ᠋ᠢ ᠳᠠᠭᠠᠵᠤ ᠠᠯᠢ ᠣᠯᠠᠨ ᠤᠷᠠᠨ ᠪᠢᠴᠢᠯᠭᠡᠲᠡᠳ ᠦ᠋ᠨ ᠬᠡᠪ ᠨᠠᠮᠪᠠ᠂ᠦᠰᠦᠭ ᠦ᠋ᠨ ᠣᠨᠴᠠᠯᠢᠭ ᠢ᠋ ᠭᠢᠷᠠᠬᠠᠢ ᠨᠢᠳᠦ ᠪᠡᠷ ᠠᠵᠢᠭᠯᠠᠨ ᠰᠢᠨᠵᠢᠵᠦ ᠲᠡᠳᠡᠨᠦᠰ ᠦ᠋ᠨ ᠦᠰᠦᠭ ᠡᠴᠡ ᠲᠠᠭᠠᠯᠠᠭᠳᠠᠭᠰᠠᠨ ᠵᠦᠢᠯᠡᠰ ᠢ᠋ ᠥᠪᠡᠷ ᠦ᠋ᠨ ᠢ᠋ᠶ᠋ᠡᠨ ᠦᠰᠦᠭ ᠲᠦ᠍ ᠪᠡᠨ ᠰᠢᠩᠭᠡᠭᠡᠨ ᠠᠪᠴᠤ ᠲᠡᠵᠢᠭᠡᠯ ᠪᠣᠯᠭᠠᠭᠠᠳ ᠤᠷᠠᠨ ᠪᠢᠴᠢᠯᠭᠡ ᠶ᠋ᠢᠨ ᠬᠦᠷᠢᠶ᠎ᠡ ᠴᠠᠷ᠎ᠠ ᠳ᠋ᠤ᠌ ᠥᠪᠡᠷ ᠦ᠋ᠨ ᠢ᠋ᠶ᠋ᠡᠨ ᠭᠡᠬᠦ ᠪᠢᠴᠢᠯᠭᠡ ᠶ᠋ᠢᠨ ᠲᠢᠭ ᠢ᠋ ᠪᠤᠰᠬᠠᠬᠤ ᠭᠡᠵᠦ ᠴᠤᠴᠠᠯᠲᠠ ᠦᠭᠡᠢ ᠴᠢᠷᠮᠠᠢᠵᠤ ᠶᠠᠪᠤᠭᠰᠠᠨ ᠨᠢ ᠪᠢᠰᠢᠷᠡᠭᠦᠰᠢᠲᠡᠢ᠃ ᠣᠳᠣ ᠬᠠᠷᠢᠨ〈ᠲᠤᠶᠠᠭ᠎ᠠ ᠶ᠋ᠢᠨ ᠪᠢᠴᠢᠯᠭᠡ〉ᠬᠡᠮᠡᠬᠦ ᠤᠷᠠᠨ ᠪᠢᠴᠢᠯᠭᠡ ᠶ᠋ᠢᠨ ᠨᠢᠭᠡᠨ  ᠲᠢᠭ ᠣᠯᠠᠨ᠎ᠠ ᠵᠥᠪᠰᠢᠶᠡᠷᠡᠭᠳᠡᠵᠦ ᠨᠡᠢᠭᠡᠮ ᠲᠦᠮᠡᠨ ᠦ᠌ ᠬᠦᠷᠢᠶᠡᠯᠡᠯ ᠢ᠋ ᠣᠯᠵᠤ ᠪᠠᠬᠠᠷᠬᠠᠯ ᠳ᠋ᠤ᠌ ᠬᠦᠷᠴᠦ ᠪᠠᠢᠭ᠎ᠠ ᠶ᠋ᠢ ᠤᠷᠠᠨ ᠪᠢᠴᠢᠯᠭᠡ ᠶ᠋ᠢᠨ ᠦᠢᠯᠡᠳᠦᠯᠭᠡ ᠭᠡᠷᠡᠴᠢᠯᠡᠵᠦ ᠪᠠᠢᠨ᠎ᠠ᠃ᠡᠮᠡᠭᠲᠡᠢ ᠤᠷᠠᠨ ᠪᠢᠴᠢᠯᠭᠡᠲᠡᠳ ᠳᠣᠲᠣᠷ᠎ᠠ ᠣᠳᠣᠬᠠᠨ ᠳ᠋ᠤ᠌ ᠲᠤᠶᠠᠭ᠎ᠠ ᠰᠢᠭ᠋ ᠥᠪᠡᠷ ᠦ᠋ᠨ ᠢ᠋ᠶ᠋ᠡᠨ ᠭᠡᠬᠦ ᠪᠢᠴᠢᠯᠭᠡ ᠶ᠋ᠢᠨ ᠣᠨᠴᠠᠯᠢᠭ ᠢ᠋ ᠪᠦᠷᠢᠯᠳᠦᠭᠦᠯᠦᠭᠰᠡᠨ ᠳᠣᠪᠲᠣᠯᠭᠠᠨ ᠪᠢᠴᠢᠯᠭᠡ ᠶ᠋ᠢᠨ ᠦᠰᠦᠭ ᠢ᠋ ᠪᠢᠴᠢᠵᠦ ᠴᠢᠳᠠᠳᠠᠭ ᠤᠷᠠᠯᠢᠭᠴᠢᠨ ᠣᠯᠠᠨ ᠦᠭᠡᠢ》ᠭᠡᠵᠦ ᠰᠤᠷᠤᠭᠴᠢᠳ ᠲᠤ᠌ ᠪᠠᠨ ᠶᠠᠷᠢᠳᠠᠭ ᠪᠢᠯᠡ᠃