ᠤᠯᠠᠯᠵᠢᠭᠠᠨ᠎ᠠУлаалзгана Ulaalzgana ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠤᠯᠠᠯᠵᠢᠭᠠᠨ᠎ᠠУлаалзгана Ulaalzgana

ᠤᠯᠠᠯᠵᠢᠭᠠᠨ᠎ᠠУлаалзгана Ulaalzgana

2025-03-25

207

ᠤᠯᠠᠯᠵᠢᠭᠠᠨ᠎ᠠ

     ᠲᠤᠰ ᠡᠮ ᠪᠣᠯ ᠮᠣᠪᠢ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠤᠯᠠᠯᠵᠢᠭᠠᠨ᠎ᠠ᠂ ᠳᠤᠮᠳᠠᠳᠤ ᠶ᠋ᠢᠨ ᠤᠯᠠᠯᠵᠢᠭᠠᠨ᠎ᠠ ᠶ᠋ᠢᠨ ᠬᠠᠲᠠᠭᠠᠭᠰᠠᠨ ᠪᠣᠯᠪᠠᠰᠤᠷᠠᠮᠠᠯ ᠵᠢᠮᠢᠰ ᠮᠥᠨ᠃ ᠪᠠᠰᠠ ᠳ᠋ᠠᠳᠷᠢᠭ ᠭᠡᠳᠡᠭ᠃
    [ ᠤᠤᠯ ᠤᠷᠭᠤᠮᠠᠯ] 1 ᠤᠯᠠᠯᠵᠢᠭᠠᠨ᠎ᠠ ᠨᠠᠪᠴᠢ ᠵᠤᠯᠭᠠᠷᠠᠬᠤ ᠮᠣᠳᠣᠯᠢᠭ ᠳᠠᠩᠰᠠ ᠤᠷᠭᠤᠮᠠᠯ᠃ ᠤᠷᠲᠤ ᠨᠢ8cm᠂ ᠡᠰᠢᠨ ᠦ᠌ ᠬᠣᠯᠲᠣᠰᠣ ᠨᠢ ᠴᠠᠢᠪᠤᠷ ᠬᠦᠷᠡᠩ᠂ ᠵᠢᠵᠢᠭ ᠮᠥᠴᠢᠷ ᠨᠢ ᠬᠦᠷᠡᠩ ᠥᠩᠭᠡ ᠲᠡᠢ᠃ ᠨᠠᠪᠴᠢ ᠨᠢ ᠴᠤᠪᠤᠷᠠᠨ ᠤᠷᠭᠤᠨ᠎ᠠ᠂ ᠨᠠᠷᠢᠨ ᠤᠷᠲᠤ ᠪᠠᠷᠢᠭᠤᠯ ᠲᠠᠢ᠃ ᠨᠠᠪᠴᠢᠨ ᠢᠯᠲᠠᠰᠤ ᠨᠢ ᠨᠢᠮᠭᠡᠨ ᠮᠥᠷᠲᠡᠭᠡᠨ ᠬᠠᠯᠢᠰᠤᠯᠢᠭ᠂ ᠥᠷᠭᠡᠨ ᠲᠣᠩᠭᠣᠷᠤᠤ ᠥᠨᠳᠡᠭᠡᠯᠵᠢᠨ ᠪᠤᠶᠤ ᠥᠷᠭᠡᠨ ᠵᠤᠤᠪᠠᠩ ᠲᠣᠭᠣᠷᠢᠭ ᠬᠡᠯᠪᠡᠷᠢ ᠲᠡᠢ᠂5 ~ 11cm ᠤᠷᠲᠤ᠂3 ~ 7cm ᠥᠷᠭᠡᠨ᠂ ᠱᠣᠪᠬᠣ ᠦᠵᠦᠭᠦᠷ ᠲᠡᠢ᠂ ᠱᠠᠭᠠᠨᠲᠠᠭ ᠪᠤᠶᠤ ᠥᠷᠭᠡᠨ ᠱᠠᠭᠠᠨᠲᠠᠭ ᠠ᠋ᠴᠠ ᠲᠣᠭᠣᠷᠢᠭ ᠬᠡᠯᠪᠡᠷᠢᠲᠦ ᠤᠭ ᠲᠠᠢ᠂ ᠵᠢᠵᠢᠭ ᠬᠡᠷᠴᠢᠶᠡᠰᠤᠳᠤ ᠬᠥᠪᠡᠭᠡ ᠲᠡᠢ᠃ ᠨᠠᠪᠴᠢᠨ ᠥᠪᠥᠷ ᠨᠢ ᠨᠣᠭᠣᠭᠠᠨ᠂ ᠠᠷᠤ ᠨᠢ ᠰᠢᠷᠠᠩᠭᠤᠢ᠂ ᠠᠩᠬᠢᠯᠤᠮ᠎ᠠ ᠦᠨᠦᠷ ᠲᠡᠢ᠃ ᠴᠡᠴᠡᠭ ᠨᠢ ᠭᠠᠭᠴᠠ ᠪᠡᠯᠭᠡ ᠲᠡᠢ᠂ ᠣᠨᠳᠣᠣ ᠭᠡᠷᠲᠡᠢ᠃ ᠡᠷ᠎ᠡ ᠴᠡᠴᠡᠭ ᠨᠢ ᠤᠷᠲᠤ ᠪᠠᠷᠢᠭᠤᠯ ᠲᠠᠢ᠂6 ~ 9 ᠰᠢᠳᠠᠷ ᠲᠠᠢ᠂ ᠣᠯᠠᠨ ᠡᠮ᠎ᠡ ᠲᠣᠭᠣᠷᠴᠣᠭ ᠲᠠᠢ ᠤᠮᠠᠢ ᠨᠢ ᠲᠣᠩᠭᠣᠷᠤᠤ ᠠᠯᠢᠮ᠎ᠠ ᠬᠡᠯᠪᠡᠷᠢ ᠲᠡᠢ᠂ ᠴᠡᠴᠡᠭ ᠦ᠋ᠨ ᠪᠠᠭᠠᠨ᠎ᠠ ᠦᠭᠡᠢ᠂ ᠲᠣᠭᠣᠰᠣ ᠬᠦᠷᠲᠡᠭᠰᠡᠨ ᠦ᠌ ᠰᠡᠭᠦᠯᠡᠷ ᠴᠡᠴᠡᠭ ᠦ᠋ᠨ ᠰᠠᠭᠤᠳᠠᠯ ᠨᠢ ᠠᠶᠠᠨᠳᠠᠭᠠᠨ ᠤᠷᠲᠥᠰᠴᠤ ᠲᠦᠷᠦᠭᠦᠦ ᠬᠡᠯᠪᠡᠷᠢ ᠲᠡᠢ ᠪᠣᠯᠳᠠᠭ᠃ ᠰᠢᠭᠦᠰᠦᠯᠢᠭ ᠵᠢᠮᠢᠰ ᠨᠢ ᠪᠥᠮᠪᠥᠭᠡᠯᠢᠭ᠂ ᠳ᠋ᠢᠶᠠᠮᠧᠲ᠋ᠷ ᠨᠢ5 ~ 7mm᠃ ᠪᠣᠯᠪᠠᠰᠤᠷᠠᠪᠠᠯ ᠭᠦᠨ ᠤᠯᠠᠭᠠᠨ ᠥᠩᠭᠡ ᠲᠡᠢ ᠪᠣᠯᠳᠠᠭ᠂ ᠳᠣᠲᠣᠷ᠎ᠠ ᠨᠢ1 ~ 2 ᠮᠥᠬᠥᠯᠢᠭ ᠦᠷ᠎ᠡ ᠲᠡᠢ᠃5 ~ 7 ᠳ᠋ᠤᠭᠠᠷ ᠰᠠᠷ᠎ᠠ ᠳ᠋ᠤ᠌ ᠴᠡᠴᠡᠭᠯᠡᠵᠦ᠂8 ~ 9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
    2. ᠳᠤᠮᠳᠠᠳᠤ ᠶ᠋ᠢᠨ ᠤᠯᠠᠯᠵᠢᠭᠠᠨ᠎ᠠ   ᠲᠤᠰ ᠳᠦᠷᠰᠦ ᠨᠢ ᠤᠯᠠᠯᠵᠢᠭᠠᠨ᠎ᠠ ᠲᠠᠢ ᠲᠥᠰᠦᠭᠡᠲᠡᠢ᠂ ᠭᠣᠣᠯ ᠢᠯᠭᠠᠭᠳᠠᠬᠤ ᠵᠦᠢᠯ ᠨᠢ ᠨᠠᠪᠴᠢ ᠨᠢ ᠵᠤᠵᠠᠭᠠᠯᠢᠭ᠂ ᠨᠠᠪᠴᠢᠨ ᠢᠯᠲᠠᠰᠤ ᠨᠢ ᠲᠣᠩᠭᠣᠷᠤᠤ ᠥᠨᠳᠡᠭᠡᠯᠵᠢᠨ᠂ ᠵᠤᠤᠪᠠᠩ ᠪᠤᠶᠤ ᠥᠨᠳᠡᠭᠡᠯᠵᠢᠨ ᠬᠠᠪᠲᠠᠭᠠᠢ ᠲᠡᠪᠡᠨᠡ ᠬᠡᠯᠪᠡᠷᠢ ᠲᠡᠢ᠂ ᠬᠣᠶᠠᠷ ᠲᠠᠯ᠎ᠠ ᠨᠢ ᠨᠣᠭᠣᠭᠠᠨ᠂ ᠴᠡᠴᠡᠭ ᠨᠢ ᠨᠠᠪᠴᠢᠨ ᠤ᠋ ᠥᠪᠥᠷ ᠲᠦ ᠭᠠᠭᠴᠠᠭᠠᠷ ᠳᠡᠯᠭᠡᠷᠡᠨ᠎ᠡ᠃ ᠵᠦᠷᠵᠢᠨ ᠰᠢᠷ᠎ᠠ ᠥᠩᠭᠡ ᠲᠡᠢ᠂ ᠡᠷ᠎ᠡ ᠲᠣᠭᠣᠷᠴᠣᠭ ᠨᠢ10 ~ 15᠂ ᠳᠣᠬᠢᠭᠤᠷ ᠨᠢ ᠮᠠᠰᠢ ᠣᠬᠣᠷ ᠪᠥᠭᠡᠳ ᠮᠢᠬᠠᠯᠢᠭ᠂ ᠲᠣᠭᠣᠷᠴᠣᠭ ᠤ᠋ᠨ ᠪᠠᠭᠠᠨ᠎ᠠ ᠳᠡᠭᠡᠷ᠎ᠡ ᠤᠷᠭᠤᠨ᠎ᠠ᠃
    [ ᠤᠷᠭᠤᠬᠤ ᠣᠷᠴᠢᠨ ᠬᠢᠭᠡᠳ ᠲᠠᠷᠬᠠᠴᠠ] ᠤᠯᠠᠯᠵᠢᠭᠠᠨ᠎ᠠ ᠪᠣᠯ ᠠᠭᠤᠯᠠ ᠶ᠋ᠢᠨ ᠡᠭᠡᠪᠦᠷ ᠬᠠᠵᠠᠭᠤ ᠶ᠋ᠢᠨ ᠬᠣᠯᠢᠮᠠᠭ ᠣᠢ ᠳ᠋ᠤ᠌ ᠪᠤᠰᠤᠳ ᠤᠷᠭᠤᠮᠠᠯ ᠢ᠋ ᠣᠷᠢᠶᠠᠵᠤ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠵᠢᠶᠠᠩᠰᠢ᠂ ᠬᠤᠪᠧᠢ᠂ ᠬᠤᠨᠠᠨ᠂ ᠰᠧᠴᠤᠸᠠᠨ ᠳ᠋ᠤ᠌ ᠲᠠᠷᠬᠠᠴᠠ ᠲᠠᠢ᠃ ᠳᠤᠮᠳᠠᠳᠤ ᠶ᠋ᠢᠨ ᠤᠯᠠᠯᠵᠢᠭᠠᠨ᠎ᠠ ᠪᠣᠯ ᠡᠭᠡᠪᠦᠷ ᠭᠠᠵᠠᠷ ᠪᠣᠯᠤᠨ ᠪᠤᠲᠠ ᠮᠣᠳᠣᠨ ᠳᠤᠮᠳᠠ᠂ ᠵᠠᠮ ᠤ᠋ᠨ ᠬᠠᠵᠠᠭᠤ᠂ ᠭᠣᠣᠯ ᠭᠣᠷᠣᠬ᠎ᠠ᠂ ᠭᠣᠣ ᠰᠤᠵᠠᠭ ᠤ᠋ᠨ ᠬᠥᠪᠡᠭᠡ ᠪᠡᠷ ᠤᠷᠭᠤᠳᠠᠭ᠃ ᠾᠧᠨᠠᠨ᠂ ᠵᠢᠶᠠᠩᠰᠦ᠂ ᠵᠧᠵᠢᠶᠠᠩ᠂ ᠵᠢᠶᠠᠩᠰᠢ᠂ ᠬᠤᠪᠧᠢ᠂ ᠱᠠᠨᠰᠢ᠂ ᠶᠦᠨᠨᠠᠨ᠂ ᠭᠦᠢᠵᠧᠦ᠂ ᠰᠧᠴᠤᠸᠠᠨ ᠳ᠋ᠤ᠌ ᠲᠠᠷᠬᠠᠴᠠ ᠲᠠᠢ᠃
    [ ᠲᠡᠭᠦᠵᠦ ᠪᠣᠯᠪᠠᠰᠤᠷᠠᠭᠤᠯᠬᠤ] ᠨᠠᠮᠤᠷ ᠪᠣᠯᠪᠠᠰᠤᠷᠠᠭᠰᠠᠨ ᠵᠢᠮᠢᠰ ᠢ᠋ ᠨᠢ ᠲᠡᠭᠦᠵᠦ᠂ ᠵᠢᠮᠢᠰ ᠦ᠋ᠨ ᠮᠥᠴᠢᠷ ᠵᠢᠴᠢ ᠬᠣᠯᠢᠮᠠᠭ ᠵᠦᠢᠯ ᠢ᠋ ᠨᠢ ᠠᠷᠢᠯᠭᠠᠭᠠᠳ᠂ ᠨᠠᠷᠠᠨ ᠳ᠋ᠤ᠌ ᠬᠠᠲᠠᠭᠠᠨ᠎ᠠ᠃
    [ ᠠᠮᠲᠠ᠂ ᠴᠢᠨᠠᠷ᠂ ᠡᠷᠳᠡᠮ] ᠠᠮᠲᠠᠯᠢᠭ᠂ ᠢᠰᠬᠦᠯᠡᠩ ᠠᠮᠲᠠ ᠲᠠᠢ᠂ ᠲᠡᠭᠰᠢ ᠴᠢᠨᠠᠷ ᠲᠠᠢ᠂ ᠬᠠᠭᠤᠷᠠᠢ᠂ ᠬᠥᠩᠭᠡᠨ᠂ ᠪᠠᠲᠤᠯᠢᠭ᠂ ᠰᠢᠷᠦᠭᠦᠨ ᠡᠷᠳᠡᠮ ᠲᠡᠢ᠃
    [ ᠴᠢᠳᠠᠯ ᠪᠠ ᠭᠣᠣᠯᠳᠠᠭᠤ ᠵᠠᠰᠠᠬᠤ] ᠪᠥᠭᠡᠯᠵᠢᠵᠦ ᠰᠠᠭᠤᠯᠭᠠᠬᠤ ᠶ᠋ᠢ ᠵᠣᠭᠰᠣᠭᠠᠬᠤ᠂ ᠠᠮᠢᠰᠬᠤᠯ ᠢ᠋ ᠠᠭᠤᠵᠢᠷᠠᠭᠤᠯᠬᠤ᠂ ᠳᠤᠷ᠎ᠠ ᠶ᠋ᠢ ᠨᠡᠭᠡᠭᠡᠬᠦ ᠴᠢᠳᠠᠯ ᠲᠠᠢ᠃ ᠭᠣᠣᠯᠳᠠᠭᠤ ᠬᠠᠯᠠᠭᠤᠨ ᠬᠦᠢᠲᠡᠨ ᠢ᠋ᠶ᠋ᠡᠷ ᠪᠥᠭᠡᠯᠵᠢᠵᠦ ᠰᠠᠭᠤᠯᠭᠠᠬᠤ᠂ ᠬᠡᠪᠡᠯᠢ ᠬᠥᠭᠡᠭᠡᠵᠦ ᠭᠤᠷᠴᠢᠭᠢᠨᠠᠬᠤ᠂ ᠭᠡᠳᠡᠰᠦᠨ ᠬᠠᠳᠬᠤᠯᠭ᠎ᠠ᠂ ᠠᠮᠢᠰᠬᠤᠯ ᠠᠮᠤᠷ ᠦᠭᠡᠢ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

     ᠬᠢᠲᠠᠳ ᠨᠡᠷ᠎ᠡ᠄五味子 (中华五味子)
     ᠠᠩᠭ᠌ᠯᠢ ᠨᠡᠷ᠎ᠡ᠄Schisandra chinensis (Turcz.) Baill (Schisandra sphenanthena  Rebd et Wils)

          ᠦᠰᠦᠭ ᠠᠮᠢᠯᠠᠭᠤᠯᠤᠭᠴᠢ᠄ ᠤᠷᠠᠨᠴᠢᠮᠡᠭ
          ᠬᠢᠨᠠᠭᠴᠢ᠄ ᠣᠶᠤᠨᠴᠢᠮᠡᠭ