ᠦᠨᠦᠷᠲᠦ ᠨᠣᠭᠣᠭᠠᠨ ᠤ᠋ ᠦᠷ᠎ᠡҮнэрт ногооны үр Ünert nogoony ür
ᠦᠨᠦᠷᠲᠦ ᠨᠣᠭᠣᠭᠠᠨ ᠤ᠋ ᠦᠷ᠎ᠡ
ᠲᠤᠰ ᠡᠮ ᠪᠣᠯ ᠰᠢᠬᠦᠷ ᠬᠡᠯᠪᠡᠷᠢᠲᠦ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠦᠨᠦᠷᠲᠦ ᠨᠣᠭᠣᠭ᠎ᠠ ᠶ᠋ᠢᠨ ᠬᠠᠲᠠᠭᠠᠭᠰᠠᠨ ᠪᠣᠯᠪᠠᠰᠤᠷᠠᠮᠠᠯ ᠦᠷ᠎ᠡ ᠮᠥᠨ᠃ ᠪᠠᠰᠠ ᠦᠰᠥ᠋ ᠭᠡᠳᠡᠭ᠃
[ ᠤᠤᠯ ᠤᠷᠭᠤᠮᠠᠯ] ᠨᠢᠭᠡ ᠨᠠᠰᠤᠲᠤ ᠡᠪᠡᠰᠦᠯᠢᠭ ᠤᠷᠭᠤᠮᠠᠯ᠃20~60cm ᠥᠨᠳᠥᠷ᠂ ᠪᠦᠬᠦ ᠪᠡᠶ᠎ᠡ ᠳᠤᠨᠢ ᠦᠰᠦ ᠦᠭᠡᠢ᠃ ᠭᠣᠣᠯ ᠦᠨᠳᠦᠰᠦ ᠨᠢ ᠨᠠᠷᠢᠨ᠂ ᠶᠡᠷᠦ ᠳ᠋ᠡᠭᠡᠨ ᠡᠭᠡᠷᠡᠦᠯ ᠬᠡᠯᠪᠡᠷᠢ ᠲᠡᠢ᠂ ᠣᠯᠠᠨ ᠰᠠᠯᠠᠭ᠎ᠠ ᠦᠨᠳᠦᠰᠦ ᠲᠡᠢ᠃ ᠡᠰᠢ ᠨᠢ ᠰᠢᠯᠤᠭᠤᠨ᠂ ᠭᠣᠣᠯ ᠨᠢ ᠬᠥᠨᠳᠡᠢ᠂ ᠨᠠᠷᠢᠨ ᠢᠷᠮᠡᠭ ᠲᠡᠢ᠃ ᠤᠵᠠᠭᠤᠷ ᠤ᠋ᠨ ᠨᠠᠪᠴᠢ ᠨᠢ ᠤᠷᠲᠤ ᠪᠠᠷᠢᠭᠤᠯ ᠲᠠᠢ᠂ ᠨᠢᠭᠡ ᠡᠴᠡ ᠬᠣᠶᠠᠷᠳᠠᠭᠰᠠᠨ ᠥᠳᠥᠯᠢᠭ ᠣᠨᠢ ᠲᠠᠢ᠂ ᠰᠡᠵᠢᠭᠦᠷ ᠢᠯᠲᠠᠰᠤ ᠨᠢ ᠥᠷᠭᠡᠨ ᠥᠨᠳᠡᠭᠡᠯᠵᠢᠨ ᠪᠤᠶᠤ ᠳᠡᠪᠢᠭᠦᠷ ᠬᠡᠯᠪᠡᠷᠢ ᠲᠡᠢ᠂ ᠱᠠᠭᠠᠨᠲᠠᠭ ᠤᠭ ᠲᠠᠢ᠂ ᠡᠰᠢᠨ ᠳ᠋ᠡᠬᠢ ᠨᠠᠪᠴᠢ ᠨᠢ ᠴᠤᠪᠤᠷᠠᠨ ᠤᠷᠭᠤᠨ᠎ᠠ᠃ ᠨᠠᠪᠴᠢᠨ ᠪᠠᠷᠢᠭᠤᠯ ᠨᠢ ᠨᠡᠯᠢᠶᠡᠳ ᠣᠬᠣᠷ᠂ ᠬᠣᠶᠠᠷ ᠠ᠋ᠴᠠ ᠭᠤᠷᠪᠠᠳᠠᠭᠰᠠᠨ ᠭᠦᠢᠴᠡᠳ ᠣᠨᠢ ᠲᠠᠢ᠂ ᠬᠠᠮᠤᠭ ᠡᠴᠦᠰ ᠦ᠋ᠨ ᠰᠡᠵᠢᠭᠦᠷ ᠢᠯᠲᠠᠰᠤ ᠨᠢ ᠢᠪᠴᠤᠤ ᠪᠦᠰᠡᠯᠢᠭ ᠬᠡᠯᠪᠡᠷᠢ ᠲᠡᠢ᠃ ᠨᠡᠢᠯᠡᠮᠡᠯ ᠰᠢᠬᠦᠷ ᠬᠡᠯᠪᠡᠷᠢᠲᠦ ᠪᠠᠭ ᠴᠡᠴᠡᠭ ᠨᠢ ᠡᠰᠢᠨ ᠦ᠌ ᠣᠷᠣᠢ ᠳ᠋ᠤ᠌ ᠳᠡᠯᠭᠡᠷᠡᠬᠦ ᠪᠤᠶᠤ ᠨᠠᠪᠴᠢ ᠲᠠᠢ ᠪᠠᠨ ᠴᠢᠭᠲᠠᠯᠠᠨ᠎ᠠ᠂ ᠰᠢᠭᠦᠷ ᠦ᠋ᠨ ᠪᠠᠷᠢᠭᠤᠯ ᠨᠢ3~6᠂2~6cm ᠤᠷᠲᠤ᠃ ᠶᠡᠷᠦ ᠳ᠋ᠡᠭᠡᠨ ᠴᠡᠴᠡᠭ ᠦ᠋ᠨ ᠶᠡᠷᠦᠩᠬᠡᠢ ᠪᠠᠭᠯᠠᠭᠴᠢ ᠢᠯᠲᠠᠰᠤ ᠨᠢ ᠣᠯᠠᠩᠬᠢ ᠳ᠋ᠠᠭᠠᠨ3 ᠪᠣᠢ ᠪᠥᠭᠡᠳ ᠪᠦᠰᠡᠯᠢᠭ ᠱᠣᠷᠣᠯᠵᠢᠨ ᠬᠡᠯᠪᠡᠷᠢ ᠲᠡᠢ᠃ ᠴᠡᠴᠡᠭ ᠨᠢ ᠵᠢᠵᠢᠭ᠂ ᠴᠠᠭᠠᠨ ᠪᠤᠶᠤ ᠶᠠᠭᠠᠨ ᠥᠩᠭᠡ ᠲᠡᠢ᠃ ᠴᠡᠴᠡᠭ ᠦ᠋ᠨ ᠲᠣᠭᠳᠣᠢ ᠶ᠋ᠢᠨ ᠦᠵᠦᠭᠦᠷ ᠨᠢ5 ᠬᠡᠷᠴᠢᠶᠡᠰᠦ ᠣᠨᠢ ᠲᠠᠢ᠃ ᠴᠡᠴᠡᠭ ᠦ᠋ᠨ ᠬᠡᠯᠲᠡᠰ ᠨᠢ5᠂ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ ᠵᠢᠵᠢᠭ ᠰᠢᠭᠦᠷ ᠬᠡᠯᠪᠡᠷᠢᠲᠦ ᠪᠠᠭ ᠴᠡᠴᠡᠭ ᠦ᠋ᠨ ᠣᠷᠴᠢᠨ ᠳ᠋ᠠᠬᠢ ᠴᠡᠴᠡᠭ ᠨᠢ ᠲᠡᠭᠰᠢ ᠭᠡᠮ ᠦᠭᠡᠢ᠂ ᠲᠣᠮᠣ ᠰᠠᠴᠤᠷᠠᠭ ᠬᠡᠯᠲᠡᠰ ᠲᠡᠢ᠃5 ᠡᠷ᠎ᠡ ᠲᠣᠭᠣᠷᠴᠣᠭ ᠲᠠᠢ᠂ ᠴᠡᠴᠡᠭ ᠦ᠋ᠨ ᠬᠡᠯᠲᠡᠰ ᠲᠡᠢ ᠪᠡᠨ ᠴᠤᠪᠤᠷᠠᠨ ᠤᠷᠭᠤᠨ᠎ᠠ᠃ ᠲᠣᠭᠣᠰᠣᠪᠴᠢ ᠨᠢ ᠤᠷᠲᠤ ᠥᠨᠳᠡᠭᠡᠯᠵᠢᠨ ᠬᠡᠯᠪᠡᠷᠢ ᠲᠡᠢ᠂ ᠠᠷᠤ ᠪᠠᠷ ᠢ᠋ᠶ᠋ᠠᠨ ᠲᠣᠭᠲᠠᠨ᠎ᠠ᠃ ᠳᠣᠬᠢᠭᠤᠷ ᠤ᠋ᠨ ᠦᠵᠦᠭᠦᠷ ᠨᠢ ᠵᠢᠭᠠᠬᠠᠨ ᠮᠤᠷᠤᠢ᠂1 ᠡᠷ᠎ᠡ ᠲᠣᠭᠣᠷᠴᠣᠭ ᠲᠠᠢ᠃ ᠤᠮᠠᠢ ᠨᠢ ᠳᠣᠣᠷᠠᠳᠤ ᠣᠷᠣᠨ ᠲᠠᠢ᠂ ᠴᠡᠴᠡᠭ ᠦ᠋ᠨ ᠪᠠᠭᠠᠨ᠎ᠠ ᠨᠢ ᠨᠠᠷᠢᠨ ᠤᠷᠲᠤ᠂ ᠣᠷᠣᠢ ᠨᠢ ᠡᠭᠴᠡᠯᠡᠨᠡ᠃ ᠪᠠᠭᠠᠨ᠎ᠠ ᠶ᠋ᠢᠨ ᠠᠮᠠᠰᠠᠷ ᠨᠢ ᠲᠣᠯᠣᠭᠠᠢ ᠬᠡᠯᠪᠡᠷᠢ ᠲᠡᠢ᠃ ᠵᠢᠮᠢᠰ ᠨᠢ ᠪᠦᠮᠪᠥᠭᠡᠯᠵᠢᠨ᠂ ᠳ᠋ᠢᠶᠠᠮᠧᠲ᠋ᠷ ᠨᠢ3~5mm᠂10 ᠵᠤᠷᠪᠤᠰ ᠳᠣᠯᠭᠢᠶᠠᠯᠢᠭ ᠠᠩᠬᠠᠨ ᠤ᠋ ᠢᠷᠮᠡᠭ ᠪᠠ12 ᠵᠤᠷᠪᠤᠰ ᠭᠤᠯᠳᠤ ᠰᠢᠯᠤᠭᠤᠨ ᠣᠷᠣᠰᠢᠬᠤ ᠬᠣᠢᠨ᠎ᠠ ᠡᠭᠦᠰᠦᠭᠰᠡᠨ ᠢᠷᠮᠡᠭ ᠲᠡᠢ᠃4~7 ᠳ᠋ᠤᠭᠠᠷ ᠰᠠᠷ᠎ᠠ ᠳ᠋ᠤ᠌ ᠴᠡᠴᠡᠭᠯᠡᠵᠦ᠂7~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ᠤᠷᠭᠤᠬᠤ ᠣᠷᠴᠢᠨ ᠬᠢᠭᠡᠳ ᠲᠠᠷᠬᠠᠴᠠ] ᠪᠦᠬᠦ ᠤᠯᠤᠰ ᠤ᠋ᠨ ᠡᠯ᠎ᠡ ᠭᠠᠵᠠᠷ ᠲᠤ᠌ ᠠᠷᠠᠴᠢᠯᠠᠨ ᠲᠠᠷᠢᠵᠤ ᠪᠠᠢᠨ᠎ᠠ᠃
[ ᠲᠡᠭᠦᠵᠦ ᠪᠣᠯᠪᠠᠰᠤᠷᠠᠭᠤᠯᠬᠤ] ᠨᠠᠮᠤᠷ᠂ ᠵᠢᠮᠢᠰ ᠨᠢ ᠪᠣᠯᠪᠠᠰᠤᠷᠠᠬᠤ ᠳᠤᠨᠢ ᠬᠠᠳᠤᠵᠤ ᠠᠪᠤᠭᠠᠳ ᠬᠠᠲᠠᠭᠠᠭᠰᠠᠨ ᠤ᠋ ᠰᠡᠭᠦᠯᠡᠷ ᠵᠢᠮᠢᠰ ᠢ᠋ ᠨᠢ ᠭᠦᠪᠢᠵᠦ ᠠᠪᠤᠭᠠᠳ ᠠᠷᠢᠯᠭᠠᠨ ᠴᠡᠪᠡᠷᠯᠡᠨ᠎ᠡ᠃
[ ᠠᠮᠲᠠ᠂ ᠴᠢᠨᠠᠷ᠂ ᠡᠷᠳᠡᠮ] ᠭᠤᠱᠤᠭᠤᠨ᠂ ᠢᠰᠬᠦᠯᠡᠩ ᠠᠮᠲᠠ ᠲᠠᠢ᠃ ᠰᠡᠷᠢᠭᠦᠨ ᠴᠢᠨᠠᠷ ᠲᠠᠢ᠃ ᠰᠢᠷᠦᠭᠦᠨ᠂ ᠬᠤᠷᠴᠠ᠂ ᠬᠥᠩᠭᠡᠨ᠂ ᠲᠣᠰᠣᠯᠢᠭ᠂ ᠰᠢᠩᠭᠡᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠪᠠᠳᠭ᠋ᠠᠨ ᠬᠠᠯᠠᠭᠤᠨ ᠢ᠋ ᠠᠷᠢᠯᠭᠠᠬᠤ᠂ ᠤᠮᠳᠠᠭᠠᠰᠬᠤ᠂ ᠢᠳᠡᠭᠡᠨ ᠢ᠋ ᠰᠢᠩᠭᠡᠭᠡᠬᠦ᠂ ᠳᠤᠷ᠎ᠠ ᠶ᠋ᠢ ᠨᠡᠭᠡᠭᠡᠬᠦ᠂ ᠡᠪᠡᠳᠬᠦ ᠶ᠋ᠢ ᠵᠣᠭᠰᠣᠭᠠᠬᠤ᠂ ᠭᠦᠪᠳᠦᠷᠦᠦ ᠶ᠋ᠢ ᠲᠤᠭᠤᠷᠠᠭᠤᠯᠬᠤ ᠴᠢᠳᠠᠯ ᠲᠠᠢ᠃ ᠭᠣᠣᠯᠳᠠᠭᠤ ᠪᠠᠳᠭ᠋ᠠᠨ ᠬᠠᠯᠠᠭᠤᠨ᠂ ᠪᠣᠷᠣ ᠡᠪᠡᠳᠴᠢᠨ᠂ ᠬᠣᠳᠣᠭᠣᠳᠣ ᠡᠪᠡᠳᠬᠦ᠂ ᠳᠤᠷ᠎ᠠ ᠪᠤᠯᠭᠢᠬᠤ᠂ ᠤᠮᠳᠠᠭᠠᠰᠬᠤ ᠡᠪᠡᠳᠴᠢᠨ᠂ ᠤᠯᠠᠭᠠᠨ ᠨᠣᠳ ᠵᠡᠷᠭᠡ ᠶ᠋ᠢᠨ ᠭᠦᠪᠳᠦᠷᠦᠦ ᠲᠤᠭᠤᠷᠠᠬᠤ ᠦᠭᠡᠢ ᠶ᠋ᠢ ᠵᠠᠰᠠᠬᠤ ᠳ᠋ᠤ᠌ ᠬᠡᠷᠡᠭᠯᠡᠨ᠎ᠡ
ᠬᠢᠲᠠᠳ ᠨᠡᠷ᠎ᠡ芫荽子(芫荽)
ᠠᠩᠭ᠌ᠯᠢ ᠨᠡᠷ᠎ᠡ᠄Coriandrum sativum L.
ᠦᠰᠦᠭ ᠠᠮᠢᠯᠠᠭᠤᠯᠤᠭᠴᠢ᠄ ᠲᠣᠣᠬᠣᠸᠠᠷ
ᠬᠢᠨᠠᠭᠴᠢ᠄ ᠣᠶᠤᠨᠴᠢᠮᠡᠭ᠂ ᠲᠤᠶᠠᠭ᠎ᠠ
