ᠮᠥᠯᠳ᠋ᠤ᠌ᠲᠦ ᠰᠠᠢᠬᠠᠨᠴᠢᠮᠡᠭ<ᠨᠢᠭᠡ>– 1949 ~1978 ᠣᠨ ᠤ ᠬᠣᠭᠣᠷᠣᠨᠳᠤ ᠲᠥᠷᠥᠭᠰᠡᠨ ᠤᠷᠠᠯᠠᠠᠴᠢᠳ 1949 ~1978 оны хооронд төрсөн урлаачид - Мөлтөд Сайханчимэг
ᠮᠥᠯᠳ᠋ᠤ᠌ᠲᠦ ᠰᠠᠢᠬᠠᠨᠴᠢᠮᠡᠭ

ᠥᠪᠥᠷ ᠮᠣᠩᠭᠣᠯ ᠤ᠋ᠨ ᠵᠣᠬᠢᠶᠠᠯᠴᠢᠳ ᠤ᠋ᠨ ᠨᠡᠢᠭᠡᠮᠯᠢᠭ ᠦ᠋ᠨ ᠭᠡᠰᠢᠭᠦᠨ᠂ ᠬᠥᠬᠡᠬᠣᠲᠠ ᠶ᠋ᠢᠨ ᠵᠣᠬᠢᠶᠠᠯᠴᠢᠳ ᠤ᠋ᠨ ᠡᠪᠯᠡᠯ ᠦ᠋ᠨ ᠬᠡᠷᠡᠭ ᠡᠷᠬᠢᠯᠡᠭᠴᠢ᠂ ᠲᠦᠮᠡᠳ ᠵᠡᠭᠦᠨ ᠬᠤᠰᠢᠭᠤᠨ ᠤ᠋ ᠵᠣᠬᠢᠶᠠᠯᠴᠢᠳ ᠤ᠋ᠨ ᠨᠡᠢᠭᠡᠮᠯᠢᠭ ᠦ᠋ᠨ ᠳᠡᠳ᠋ ᠲᠡᠷᠢᠭᠦᠯᠡᠭᠴᠢ᠂ ᠥᠪᠥᠷ ᠮᠣᠩᠭᠣᠯ ᠤ᠋ᠨ ᠡᠷᠳᠡᠮ ᠪᠢᠴᠢᠯᠭᠡᠴᠢᠨ ᠨᠡᠢᠭᠡᠮᠯᠢᠭ ᠦ᠋ᠨ ᠭᠡᠰᠢᠭᠦᠨ᠂ ᠥᠪᠥᠷ ᠮᠣᠩᠭᠣᠯ ᠤ᠋ᠨ ᠮᠣᠩᠭᠣᠯ ᠤᠷᠠᠨ ᠪᠢᠴᠢᠯᠭᠡᠴᠢᠳ ᠦ᠋ᠨ ᠨᠡᠢᠭᠡᠮᠯᠢᠭ ᠦ᠋ᠨ ᠭᠡᠰᠢᠭᠦᠨ᠂ ᠲᠦᠮᠡᠳ ᠵᠡᠭᠦᠨ ᠬᠤᠰᠢᠭᠤᠨ ᠤ᠋ ᠤᠷᠠᠨ ᠪᠢᠴᠢᠯᠭᠡᠴᠢᠳ ᠦ᠋ᠨ ᠨᠡᠢᠭᠡᠮᠯᠢᠭ ᠦ᠋ᠨ ᠬᠡᠷᠡᠭ ᠡᠷᠬᠢᠯᠡᠭᠴᠢ᠂ ᠳᠤᠮᠳᠠᠳᠤ ᠤᠯᠤᠰ ᠤ᠋ᠨ ᠠᠷᠠᠳ ᠤ᠋ᠨ ᠤᠯᠤᠰ ᠲᠥᠷᠥ ᠶ᠋ᠢᠨ ᠵᠥᠪᠯᠡᠯᠭᠡᠨ ᠦ᠌ ᠲᠦᠮᠡᠳ ᠵᠡᠭᠦᠨ ᠬᠤᠰᠢᠭᠤᠨ ᠤ᠋ ᠠᠷᠪᠠᠨ ᠬᠣᠶᠠᠳᠤᠭᠠᠷ ᠬᠤᠭᠤᠴᠠᠭᠠᠨ ᠤ᠋ ᠵᠥᠪᠯᠡᠯ ᠦ᠋ᠨ ᠪᠠᠢᠩᠭᠤ ᠶ᠋ᠢᠨ ᠭᠡᠰᠢᠭᠦᠨ᠂ ᠳᠤᠮᠳᠠᠳᠤ ᠤᠯᠤᠰ ᠤ᠋ᠨ ᠠᠷᠠᠳ ᠤ᠋ᠨ ᠤᠯᠤᠰ ᠲᠥᠷᠥ ᠶ᠋ᠢᠨ ᠵᠥᠪᠯᠡᠯᠭᠡᠨ ᠦ᠌ ᠲᠦᠮᠡᠳ ᠵᠡᠭᠦᠨ ᠬᠤᠰᠢᠭᠤᠨ ᠤ᠋ ᠠᠷᠪᠠᠨ ᠬᠣᠶᠠᠳᠤᠭᠠᠷ ᠬᠤᠭᠤᠴᠠᠭᠠᠨ ᠤ᠋ ᠵᠥᠪᠯᠡᠯ ᠦ᠋ᠨ ᠪᠠᠢᠩᠭᠤ ᠶ᠋ᠢᠨ ᠭᠡᠰᠢᠭᠦᠨ《ᠲᠦᠮᠡᠳ ᠦ᠋ᠨ ᠤᠷᠠᠨ ᠵᠣᠬᠢᠶᠠᠯ》ᠰᠡᠳᠬᠦᠯ ᠦ᠋ᠨ ᠨᠠᠢᠷᠠᠭᠤᠯᠬᠤ ᠬᠡᠯᠲᠡᠰ ᠦ᠋ᠨ ᠳᠡᠳ᠋ ᠡᠷᠬᠢᠯᠡᠭᠴᠢ᠂《ᠨᠡᠭᠦᠳᠡᠯᠴᠢᠨ ᠦ᠌ ᠣᠲᠣᠷ》ᠭᠡᠬᠦ ᠪᠤᠯᠤᠩ ᠤ᠋ᠨ ᠨᠠᠢᠷᠠᠭᠤᠯᠤᠭᠴᠢ᠃
《ᠴᠡᠴᠡᠭᠲᠦ ᠪᠦᠷᠭᠡ ᠶ᠋ᠢᠨ ᠰᠠᠷᠠᠨ ᠡᠬᠡᠰᠢᠭ》᠂《ᠮᠣᠩᠭᠣᠯᠵᠢᠨ ᠭᠤᠸ᠎ᠠ ᠬᠠᠲᠤᠳ》᠂《ᠲᠥᠷᠥ ᠶ᠋ᠢᠨ ᠲᠦᠰᠢᠭ ᠥᠬᠢᠳ》ᠭᠡᠬᠦ ᠭᠤᠷᠪᠠᠨ ᠨᠠᠢᠷᠠᠭᠤᠯᠤᠯ ᠤ᠋ᠨ ᠨᠣᠮ ᠲᠠᠢ᠃
2015 ᠣᠨ ᠤ᠋ ᠬᠣᠶᠠᠷ ᠰᠠᠷ᠎ᠠ ᠳ᠋ᠤ᠌《ᠮᠣᠩᠭᠣᠯᠵᠢᠨ ᠭᠤᠸ᠎ᠠ ᠪᠦᠰᠡᠭᠦᠢᠴᠦᠳ》ᠭᠡᠬᠦ ᠵᠣᠬᠢᠶᠠᠯ ᠢ᠋ᠶ᠋ᠠᠷ ᠢ᠋ᠶ᠋ᠠᠨ ᠵᠢᠷᠢᠮ ᠦ᠋ᠨ ᠤᠷᠠᠨ ᠵᠣᠬᠢᠶᠠᠯ ᠤ᠋ᠨ《ᠥᠭᠡᠳᠡ ᠱᠠᠩᠨᠠᠯ》 ᠤ᠋ᠨ ᠰᠢᠯᠢᠳᠡᠭ ᠱᠠᠩ ᠢ᠋ ᠲᠣᠰᠴᠤ᠂ ᠠᠷᠪᠠᠨ ᠨᠢᠭᠡᠨ ᠰᠠᠷ᠎ᠠ ᠳ᠋ᠤ᠌ ᠨᠠᠢ᠍ᠮᠠᠨ ᠮᠣᠵᠢ ᠣᠷᠣᠨ ᠤ᠋ ᠠᠩᠬᠠᠳᠤᠭᠠᠷ ᠤᠳᠠᠭᠠᠨ ᠤ᠋《ᠴᠢᠩᠭᠢᠰ ᠬᠠᠭᠠᠨ ᠰᠤᠳᠤᠷ ᠪᠢᠴᠢᠭ ᠦ᠋ᠨ ᠰᠠᠩ》ᠨᠡᠷᠡᠮᠵᠢᠲᠦ ᠤᠷᠤᠯᠳᠤᠭᠠᠨ ᠳ᠋ᠤ᠌《ᠲᠣᠷᠭᠠᠨ ᠵᠠᠮ ᠪᠠ ᠲᠥᠷᠥ ᠶ᠋ᠢᠨ ᠥᠬᠢᠳ》ᠭᠡᠬᠦ ᠪᠦᠲᠦᠭᠡᠯ ᠢ᠋ᠶ᠋ᠡᠷ ᠢ᠋ᠶ᠋ᠡᠨ ᠭᠤᠷᠪᠠᠳᠤᠭᠠᠷ ᠳᠡᠰ ᠲᠦ᠍ ᠲᠣᠳᠣᠷᠠᠵᠤ᠂ ᠠᠷᠪᠠᠨ ᠬᠣᠶᠠᠷ ᠰᠠᠷ᠎ᠠ ᠳ᠋ᠤ᠌ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠮᠣᠩᠭᠣᠯ ᠰᠦᠯᠵᠢᠶᠡᠨ ᠦ᠌ ᠤᠷᠠᠨ ᠵᠣᠬᠢᠶᠠᠯ ᠤ᠋ᠨ ᠤᠷᠤᠯᠳᠤᠭᠠᠨ ᠳ᠋ᠤ᠌《ᠴᠢᠯᠠᠭᠤᠨ ᠳ᠋ᠤ᠌ ᠠᠮᠢᠯᠠᠭᠰᠠᠨ ᠭᠤᠸ᠎ᠠ ᠰᠠᠢᠬᠠᠨ》ᠭᠡᠬᠦ ᠨᠠᠢᠷᠠᠭᠤᠯᠤᠯ ᠢ᠋ᠶ᠋ᠠᠷ ᠢ᠋ᠶ᠋ᠠᠨ ᠭᠤᠷᠪᠠᠳᠤᠭᠠᠷ ᠳᠡᠰ ᠦ᠋ᠨ ᠱᠠᠩᠨᠠᠯ ᠲᠤᠰᠤᠭᠰᠠᠨ ᠪᠠᠢᠨ᠎ᠠ᠃
2017 ᠣᠨ ᠤ᠋ 7 ᠰᠠᠷ᠎ᠠ ᠳ᠋ᠤ᠌《ᠴᠢᠩᠭᠢᠰ ᠬᠠᠭᠠᠨ ᠤ᠋ ᠪᠢᠯᠢᠭ ᠰᠤᠷᠭᠠᠯ》ᠭᠡᠬᠦ ᠮᠣᠩᠭᠣᠯ ᠤᠷᠠᠨ ᠪᠢᠴᠢᠯᠭᠡ ᠶ᠋ᠢᠨ ᠪᠦᠲᠦᠭᠡᠯ᠂ ᠳᠤᠮᠳᠠᠳᠤ ᠤᠯᠤᠰ ᠤ᠋ᠨ《ᠦᠨᠳᠦᠰᠦᠲᠡᠨ ᠦ᠌ ᠪᠢᠴᠢᠯ ᠤᠷᠠᠯᠢᠭ ᠤ᠋ᠨ ᠣᠯᠠᠨ ᠤᠯᠤᠰ ᠤ᠋ᠨ ᠦᠵᠡᠰᠬᠦᠯᠡᠩ》 ᠳ᠋ᠦ᠍ ᠰᠣᠩᠭᠣᠭᠳᠠᠨ᠂ ᠮᠥᠨ ᠪᠠᠰᠠ ᠢᠲ᠋ᠠᠯᠢ ᠤᠯᠤᠰ ᠤ᠋ᠨ《ᠪᠧᠢ ᠨᠠ ᠲᠦᠩ ᠨᠡᠷᠡᠮᠵᠢᠲᠦ ᠡᠷᠳᠡᠮ ᠰᠢᠨᠵᠢᠯᠡᠭᠡ ᠶ᠋ᠢᠨ ᠰᠠᠭᠤᠷᠢ ᠮᠥᠩᠭᠥᠨ ᠦ᠌ ᠨᠡᠢᠭᠡᠮᠯᠢᠭ》 ᠲᠦ᠍ ᠥᠨᠢᠳᠡ ᠬᠠᠳᠠᠭᠠᠯᠠᠭᠳᠠᠬᠤ ᠪᠤᠶᠤ ᠣᠯᠠᠨ ᠤᠯᠤᠰ ᠢ᠋ᠶ᠋ᠠᠷ ᠳᠡᠯᠭᠡᠨ ᠦᠵᠡᠭᠦᠯᠬᠦ ᠪᠡᠷ ᠰᠣᠩᠭᠣᠭᠳᠠᠭᠰᠠᠨ ᠪᠠᠢᠨ᠎ᠠ᠃ 2017ᠣᠨ ᠤ᠋ 8 ᠰᠠᠷ᠎ᠠ ᠳ᠋ᠤ᠌ ᠶᠠᠪᠤᠭᠳᠠᠭᠰᠠᠨ ᠳᠥᠷᠪᠡᠳᠦᠭᠡᠷ ᠤᠳᠠᠭᠠᠨ ᠤ᠋ ᠪᠦᠬᠦ ᠣᠷᠣᠨ ᠤ᠋ ᠦᠨᠳᠦᠰᠦᠲᠡᠨ ᠦ᠌ ᠰᠤᠷᠭᠠᠭᠤᠯᠢ ᠶ᠋ᠢᠨ ᠮᠣᠩᠭᠣᠯ ᠬᠢᠲᠠᠳ ᠦᠭᠡ ᠬᠡᠯᠡ ᠦᠰᠦᠭ ᠪᠢᠴᠢᠭ ᠢ᠋ᠶ᠋ᠡᠷ ᠳᠤᠮᠳᠠᠳᠤ ᠶ᠋ᠢᠨ ᠰᠣᠩᠭᠣᠳᠠᠭ ᠪᠦᠲᠦᠭᠡᠯ ᠢ᠋ ᠤᠩᠰᠢᠵᠤ ᠪᠢᠴᠢᠬᠦ ᠤᠷᠤᠯᠳᠤᠭᠠᠨ ᠳ᠋ᠤ᠌ ᠪᠠᠭᠰᠢ ᠶ᠋ᠢᠨ ᠳᠤᠭᠤᠢᠯᠠᠩ ᠤ᠋ᠨ ᠦᠰᠦᠨ ᠪᠢᠷ ᠦ᠋ᠨ ᠪᠢᠴᠢᠯᠭᠡ ᠶ᠋ᠢᠨ ᠤᠷᠤᠯᠳᠤᠭᠠᠨ ᠤ᠋ ᠨᠢᠭᠡᠳᠦᠭᠡᠷ ᠳᠡᠰ ᠦ᠋ᠨ ᠱᠠᠩᠨᠠᠯ ᠬᠦᠷᠲᠡᠪᠡ᠃ 2018 ᠣᠨ ᠳ᠋ᠤ᠌《ᠲᠣᠷᠭᠠᠨ ᠵᠠᠮ ᠪᠠ ᠲᠥᠷᠥ ᠶ᠋ᠢᠨ ᠥᠬᠢᠳ》ᠭᠡᠬᠦ ᠨᠣᠮ ᠢ᠋ᠶ᠋ᠠᠷ ᠢ᠋ᠶ᠋ᠠᠨ ᠬᠥᠬᠡᠬᠣᠲᠠ ᠶ᠋ᠢᠨ《ᠲᠠᠪᠤ ᠨᠢᠭᠡ ᠶ᠋ᠢᠨ ᠢᠨᠵᠧᠨᠧᠷᠢᠩ》 ᠦ᠋ᠨ ᠲᠡᠳᠬᠦᠮᠵᠢ ᠶ᠋ᠢ ᠬᠦᠷᠲᠡᠵᠦ᠂ 2019 ᠣᠨ ᠳ᠋ᠤ᠌ ᠬᠥᠬᠡᠬᠣᠲᠠ ᠣᠷᠣᠨ ᠤ᠋《ᠲᠠᠪᠤ ᠨᠢᠭᠡ ᠶ᠋ᠢᠨ ᠢᠨᠵᠧᠨᠧᠷᠢᠩ》 ᠦ᠋ᠨ ᠤᠷᠠᠨ ᠵᠣᠬᠢᠶᠠᠯ ᠤ᠋ᠨ ᠰᠢᠯᠢᠳᠡᠭ ᠱᠠᠩᠨᠠᠯ ᠬᠦᠷᠲᠡᠪᠡ᠃ 2018 ᠣᠨ ᠤ᠋ ᠨᠠᠢ᠍ᠮᠠᠨ ᠰᠠᠷ᠎ᠠ ᠳ᠋ᠤ᠌ ᠺᠣᠷᠢᠶᠠ ᠤᠯᠤᠰ ᠠ᠋ᠴᠠ ᠶᠠᠪᠤᠭᠳᠠᠭᠤᠯᠵᠤ ᠪᠠᠢᠭ᠎ᠠ《ᠠᠷᠪᠠᠨ ᠲᠠᠪᠤᠳᠤᠭᠠᠷ ᠤᠳᠠᠭᠠᠨ ᠤ᠋ ᠣᠯᠠᠨ ᠤᠯᠤᠰ ᠤ᠋ᠨ ᠦᠰᠦᠭ ᠪᠢᠴᠢᠭ ᠤᠷᠠᠯᠢᠭ ᠤ᠋ᠨ ᠤᠷᠤᠯᠳᠤᠭᠠᠨ》 ᠤ᠋ ᠳᠡᠯᠭᠡᠨ ᠦᠵᠡᠭᠦᠯᠦᠯᠭᠡ ᠳ᠋ᠦ᠍ ᠰᠣᠩᠭᠣᠭᠳᠠᠨ ᠣᠷᠣᠪᠠ᠃ ᠮᠥᠨ ᠲᠤᠰ ᠰᠠᠷ᠎ᠠ ᠳ᠋ᠤ᠌᠂ ᠥᠪᠥᠷ ᠮᠣᠩᠭᠣᠯ ᠤ᠋ᠨ ᠤᠷᠠᠨ ᠪᠢᠴᠢᠯᠭᠡᠲᠡᠨ ᠦ᠌ ᠨᠡᠢᠭᠡᠮᠯᠢᠭ ᠡᠴᠡ ᠡᠷᠬᠢᠯᠡᠭᠰᠡᠨ《ᠠᠷᠪᠠᠨ ᠲᠠᠪᠤᠳᠤᠭᠠᠷ ᠬᠤᠭᠤᠴᠠᠭᠠᠨ ᠤ᠋ ᠳᠤᠮᠳᠠᠳᠤ ᠤᠯᠤᠰ᠂ ᠥᠪᠥᠷ ᠮᠣᠩᠭᠣᠯ ᠤ᠋ᠨ ᠲᠠᠯ᠎ᠠ ᠨᠤᠲᠤᠭ ᠤ᠋ᠨ ᠰᠣᠶᠣᠯ ᠤ᠋ᠨ ᠨᠠᠢᠷ》 ᠲᠤ᠌ ᠵᠣᠷᠢᠭᠤᠯᠤᠭᠰᠠᠨ《ᠳᠤᠮᠳᠠᠳᠤ ᠤᠯᠤᠰ ᠤ᠋ᠨ ᠥᠭᠡᠷᠡᠴᠢᠯᠡᠯᠲᠡ ᠬᠢᠵᠦ ᠴᠢᠯᠥᠭᠡᠲᠡᠢ ᠶᠠᠪᠤᠯᠴᠠᠭᠰᠠᠨ40 ᠵᠢᠯ ᠦ᠋ᠨ ᠣᠢ ᠶ᠋ᠢ ᠪᠡᠯᠭᠡᠯᠡᠬᠦ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠷᠠᠨ ᠪᠢᠴᠢᠯᠭᠡ ᠲᠠᠮᠠᠭ᠎ᠠ ᠰᠡᠢᠯᠦᠮᠡᠯ ᠦ᠋ᠨ ᠪᠦᠲᠦᠭᠡᠯ ᠦ᠋ᠨ ᠦᠵᠡᠭᠦᠯᠦᠯᠭᠡ》 ᠳ᠋ᠦ᠍ ᠰᠣᠩᠭᠣᠭᠳᠠᠨ ᠳᠡᠯᠭᠡᠭᠳᠡᠭᠰᠡᠨ ᠮᠥᠷᠲᠡᠭᠡᠨ ᠳᠡᠯᠭᠡᠨ ᠦᠵᠡᠭᠦᠯᠦᠯᠭᠡ ᠳ᠋ᠦ᠍ ᠰᠣᠩᠭᠣᠭᠳᠠᠭᠰᠠᠨ ᠪᠦᠲᠦᠭᠡᠯ ᠦ᠋ᠳ ᠦ᠋ᠨ ᠲᠡᠭᠦᠪᠦᠷᠢ ᠳ᠋ᠦ᠍ ᠴᠦ᠍ ᠰᠣᠩᠭᠣᠭᠳᠠᠨ ᠬᠡᠪᠯᠡᠭᠳᠡᠭᠰᠡᠨ ᠪᠠᠢᠨ᠎ᠠ᠃ 2018 ᠣᠨ ᠤ᠋ ᠭᠤᠷᠪᠠᠳᠤᠭᠠᠷ ᠬᠤᠭᠤᠴᠠᠭᠠᠨ ᠤ᠋《ᠵᠢᠷᠢᠮ ᠦ᠋ᠨ ᠤᠷᠠᠨ ᠵᠣᠬᠢᠶᠠᠯ》ᠰᠡᠳᠬᠦᠯ ᠦ᠋ᠨ ᠳᠣᠲᠣᠷ᠎ᠠ ᠨᠢᠭᠤᠷ ᠲᠤ᠌ ᠳᠥᠷᠪᠡᠨ ᠪᠦᠲᠦᠭᠡᠯ ᠨᠡᠢᠲᠡᠯᠡᠭᠳᠡᠵᠡᠢ᠃ 2019 ᠣᠨ ᠤ᠋ 9 ᠰᠠᠷ᠎ᠠ ᠶ᠋ᠢᠨ 29 ᠦ᠌ ᠡᠳᠦᠷ ᠲᠦᠮᠡᠳ ᠵᠡᠭᠦᠨ ᠬᠤᠰᠢᠭᠤᠨ ᠤ᠋ ᠮᠦᠽᠧᠢ ᠳ᠋ᠦ᠍ ᠬᠤᠪᠢ ᠬᠥᠮᠦᠨ ᠦ᠌ ᠤᠷᠠᠨ ᠪᠢᠴᠢᠯᠭᠡ ᠶ᠋ᠢᠨ ᠦᠵᠡᠬᠦᠯᠭᠡ ᠪᠡᠨ ᠠᠮᠵᠢᠯᠲᠠ ᠲᠠᠢ ᠳᠡᠯᠭᠡᠨ ᠦᠵᠡᠭᠦᠯᠵᠡᠢ᠃ 2024 ᠣᠨ ᠤ᠋ 1 ᠰᠠᠷ᠎ᠠ ᠶ᠋ᠢᠨ11 ᠦ᠌ ᠡᠳᠦᠷ ᠂ ᠣᠯᠠᠨ ᠤᠯᠤᠰ ᠢ᠋ ᠬᠠᠮᠤᠷᠤᠭᠰᠠᠨ ᠤᠷᠠᠨ ᠪᠢᠴᠢᠯᠭᠡ ᠶ᠋ᠢᠨ ᠤᠷᠤᠯᠳᠤᠭᠠᠨ᠂ ᠮᠣᠩᠭᠣᠯ ᠤᠯᠤᠰ ᠲᠤ᠌ ᠶᠠᠪᠤᠭᠳᠠᠭᠰᠠᠨ《ᠮᠣᠩᠭᠣᠯ ᠰᠠᠢᠬᠠᠨ ᠪᠢᠴᠢᠭᠲᠡᠨ — 2023》ᠭᠡᠬᠦ ᠬᠣᠷᠢᠨ ᠳᠣᠯᠣᠳᠤᠭᠠᠷ ᠤᠳᠠᠭᠠᠨ ᠤ᠋ ᠤᠷᠤᠯᠳᠤᠭᠠᠨ ᠤ᠋ ᠭᠠᠳᠠᠭᠠᠳᠤ ᠶ᠋ᠢᠨ ᠢᠷᠭᠡᠨ ᠦ᠌ ᠠᠩᠭᠢᠯᠠᠯ ᠳ᠋ᠤ᠌ ᠲᠤᠰᠬᠠᠢ ᠪᠠᠢᠷᠢ ᠡᠵᠡᠯᠡᠭᠰᠡᠨ ᠪᠠᠢᠨ᠎ᠠ᠃
ᠣᠳᠣᠬᠠᠨ ᠳ᠋ᠤ᠌᠂ ᠡᠳᠦᠷᠵᠢᠨ ᠠᠮᠢᠳᠤᠷᠠᠯ᠂ ᠭᠡᠷ ᠪᠦᠯᠢ᠂ ᠬᠢᠴᠢᠶᠡᠯ ᠬᠥᠮᠦᠵᠢᠯ᠂ ᠤᠷᠠᠨ ᠵᠣᠬᠢᠶᠠᠯ᠂ ᠤᠷᠠᠨ ᠪᠢᠴᠢᠯᠭᠡ ᠵᠢᠴᠢ ᠨᠡᠢᠭᠡᠮ ᠦ᠋ᠨ ᠡᠯ᠎ᠡ ᠵᠦᠢᠯ ᠦ᠋ᠨ ᠬᠥᠳᠡᠯᠭᠡᠭᠡᠨ ᠳ᠋ᠦ᠍ ᠮᠠᠰᠢ ᠥᠷᠨᠢᠭᠦᠨ ᠢ᠋ᠶ᠋ᠡᠷ ᠢᠳᠡᠪᠬᠢᠯᠡᠨ ᠣᠷᠣᠯᠴᠠᠵᠤ᠂ ᠨᠠᠰᠤ ᠪᠠᠨ ᠮᠠᠷᠲᠠᠵᠤ ᠴᠢᠷᠮᠠᠢᠵᠤ ᠪᠠᠢᠨ᠎ᠠ᠃


