ᠮᠣᠭᠠᠢ ᠬᠡᠭᠡᠷ᠎ -ᠮᠠᠨᠳᠤᠬᠤ ᠪᠠᠭᠰᠢ ᠶ᠋ᠢᠨ ᠤᠷᠠᠨ ᠪᠢᠴᠢᠯᠭᠡ ᠤᠷᠠᠨ ᠪᠢᠴᠢᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠮᠣᠭᠠᠢ ᠬᠡᠭᠡᠷ᠎ -ᠮᠠᠨᠳᠤᠬᠤ ᠪᠠᠭᠰᠢ ᠶ᠋ᠢᠨ ᠤᠷᠠᠨ ᠪᠢᠴᠢᠯᠭᠡ

ᠮᠣᠭᠠᠢ ᠬᠡᠭᠡᠷ᠎ -ᠮᠠᠨᠳᠤᠬᠤ ᠪᠠᠭᠰᠢ ᠶ᠋ᠢᠨ ᠤᠷᠠᠨ ᠪᠢᠴᠢᠯᠭᠡ

ᠠᠩᠭᠢᠯᠠᠯ:ᠤᠷᠠᠨ ᠪᠢᠴᠢᠯᠭᠡ
2025-04-14

316

ᠮᠣᠭᠠᠢ ᠬᠡᠭᠡᠷ


     ᠮᠣᠩᠭᠣᠯ ᠠᠷᠠᠳ ᠤ᠋ᠨ ᠳᠠᠭᠤᠤ      
     ᠳᠠᠭᠤᠴᠢᠨ᠄ ᠴᠡᠩᠭᠡᠯᠮ᠎ᠠ᠂ ᠮᠦᠩᠬᠡᠵᠢᠶᠠᠭ᠎ᠠ ᠨᠠᠷ    

ᠠᠭᠤᠯᠠᠨ ᠳᠡᠭᠡᠷ᠎ᠡ ᠪᠡᠨ ᠤᠨᠠᠭᠠᠯᠠᠭᠰᠠᠨ   
ᠤᠯᠠᠭᠠᠭᠴᠢ ᠭᠡᠭᠦᠦ ᠶ᠋ᠢᠨ ᠤᠨᠠᠭ᠎ᠠ ᠶᠤᠮ ᠠ᠋ ᠬᠦ  
ᠤᠯᠤᠰ ᠤ᠋ᠨ ᠢ᠋ᠶ᠋ᠠᠨ ᠨᠠᠭᠠᠳᠤᠮ ᠳ᠋ᠤ᠌ ᠲᠥᠷᠥᠭᠦᠯᠦᠭᠰᠡᠨ ᠬᠦᠯᠦᠭ ᠠ᠋  
ᠮᠣᠭᠠᠢ ᠬᠡᠭᠡᠷ ᠮᠣᠷᠢ ᠮᠢᠨᠢ ᠠ᠋ ᠬᠦ᠃   

ᠬᠠᠳᠠᠨ ᠳᠡᠭᠡᠷ᠎ᠡ ᠪᠡᠨ ᠤᠨᠠᠭᠠᠯᠠᠭᠰᠠᠨ 
ᠬᠠᠷᠠᠭᠴᠢ ᠭᠡᠭᠦᠦ ᠶ᠋ᠢᠨ ᠤᠨᠠᠭ᠎ᠠ ᠶᠤᠮ ᠠ᠋ ᠬᠦ 
ᠬᠠᠮᠤᠭ ᠤ᠋ᠨ ᠢ᠋ᠶ᠋ᠠᠨ ᠨᠠᠭᠠᠳᠤᠮ ᠳ᠋ᠤ᠌ ᠲᠥᠷᠥᠭᠦᠯᠦᠭᠰᠡᠨ ᠬᠦᠯᠦᠭ ᠠ᠋
ᠮᠣᠭᠠᠢ ᠬᠡᠭᠡᠷ ᠮᠣᠷᠢ ᠮᠢᠨᠢ ᠠ᠋ ᠬᠦ
ᠬᠠᠮᠤᠭ ᠤ᠋ᠨ ᠢ᠋ᠶ᠋ᠠᠨ ᠨᠠᠭᠠᠳᠤᠮ ᠳ᠋ᠤ᠌ ᠲᠥᠷᠥᠭᠦᠯᠦᠭᠰᠡᠨ ᠬᠦᠯᠦᠭ ᠠ᠋
ᠮᠣᠭᠠᠢ ᠬᠡᠭᠡᠷ ᠮᠣᠷᠢ ᠮᠢᠨᠢ ᠠ᠋ ᠬᠦ᠃

ᠴᠠᠰᠤᠨ ᠤ᠋ ᠳᠡᠭᠡᠷ᠎ᠡ ᠪᠡᠨ ᠤᠨᠠᠭᠠᠯᠠᠭᠰᠠᠨ
ᠴᠠᠭᠠᠭᠴᠢ ᠭᠡᠭᠦᠦ ᠶ᠋ᠢᠨ ᠤᠨᠠᠭ᠎ᠠ ᠶᠤᠮ ᠠ᠋ ᠬᠦ
ᠴᠠᠭ ᠤ᠋ᠨ ᠢ᠋ᠶ᠋ᠠᠨ ᠨᠠᠭᠠᠳᠤᠮ ᠳ᠋ᠤ᠌ ᠲᠥᠷᠥᠭᠦᠯᠦᠭᠰᠡᠨ ᠬᠦᠯᠦᠭ ᠠ᠋
ᠮᠣᠭᠠᠢ ᠬᠡᠭᠡᠷ ᠮᠣᠷᠢ ᠮᠢᠨᠢ ᠠ᠋ ᠬᠦ
ᠴᠠᠭ ᠤ᠋ᠨ ᠢ᠋ᠶ᠋ᠠᠨ ᠨᠠᠭᠠᠳᠤᠮ ᠳ᠋ᠤ᠌ ᠲᠥᠷᠥᠭᠦᠯᠦᠭᠰᠡᠨ ᠬᠦᠯᠦᠭ ᠠ᠋
ᠮᠣᠭᠠᠢ ᠬᠡᠭᠡᠷ ᠮᠣᠷᠢ ᠮᠢᠨᠢ ᠠ᠋ ᠬᠦ
ᠮᠣᠭᠠᠢ ᠬᠡᠭᠡᠷ ᠮᠣᠷᠢ ᠮᠢᠨᠢ ᠠ᠋ ᠬᠦ᠃
     
       ᠦᠰᠦᠭ ᠠᠮᠢᠯᠠᠭᠤᠯᠤᠭᠴᠢ᠄ ᠨᠠᠷᠠᠨᠲᠣᠭᠣᠰ
       ᠬᠢᠨᠠᠭᠴᠢ᠄ ᠤᠤᠭᠠᠨᠵᠢᠳ