ᠬᠣᠰᠢᠭ᠎ᠠ ᠶ᠋ᠢᠨ ᠴᠥᠮ᠎ᠡ Хушгын цөм Khushgyn tsöm
ᠬᠣᠰᠢᠭ᠎ᠠ ᠶ᠋ᠢᠨ ᠴᠥᠮ᠎ᠡ
ᠲᠤᠰ ᠡᠮ ᠪᠣᠯ ᠬᠣᠰᠢᠭ᠎ᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠬᠤᠰᠢᠭ᠎ᠠ ᠶ᠋ᠢᠨ ᠬᠠᠲᠠᠭᠠᠭᠰᠠᠨ ᠪᠣᠯᠪᠠᠰᠤᠷᠠᠮᠠᠯ ᠦᠷ᠎ᠡ ᠶ᠋ᠢᠨ ᠴᠥᠮ᠎ᠡ ᠮᠥᠨ᠃ ᠪᠠᠰᠠ ᠳ᠋ᠠᠷᠭᠠ ᠭᠡᠳᠡᠭ᠃
[ ᠤᠤᠯ ᠤᠷᠭᠤᠮᠠᠯ] ᠨᠠᠪᠴᠢ ᠵᠤᠯᠭᠠᠷᠠᠬᠤ ᠲᠤᠷᠤᠭ ᠮᠣᠳᠣ᠃30~35m ᠥᠨᠳᠥᠷ᠂ ᠮᠥᠴᠢᠷ ᠨᠢ ᠨᠢᠯᠬ᠎ᠠ ᠦᠶᠡᠰ ᠣᠬᠣᠷ ᠪᠤᠯᠴᠢᠷᠬᠠᠢᠲᠤ ᠦᠰᠦ ᠲᠡᠢ᠂ ᠮᠥᠴᠢᠷ ᠦ᠋ᠨ ᠭᠣᠣᠯ ᠨᠢ ᠢᠯᠲᠠᠰᠤᠯᠢᠭ ᠰᠣᠨᠳᠣᠭᠣᠢ ᠥᠳᠥᠯᠢᠭ ᠨᠡᠢᠯᠡᠮᠡᠯ ᠨᠠᠪᠴᠢ ᠲᠠᠢ᠂ ᠵᠢᠵᠢᠭ ᠨᠠᠪᠴᠢ ᠨᠢ5~11᠂ ᠲᠣᠭᠣᠷᠢᠭ ᠥᠨᠳᠡᠭᠡᠯᠵᠢᠨ ᠡᠴᠡ ᠤᠷᠲᠤ ᠵᠤᠤᠪᠠᠩ ᠬᠡᠯᠪᠡᠷᠢ ᠲᠡᠢ᠂5~13cm ᠤᠷᠲᠤ᠂2~7cm ᠥᠷᠭᠡᠨ᠂ ᠮᠣᠬᠣᠭᠣ ᠪᠤᠶᠤ ᠱᠣᠪᠬᠣ ᠦᠵᠦᠭᠦᠷ ᠲᠡᠢ᠂ ᠲᠣᠭᠣᠷᠢᠭ ᠤᠭ ᠲᠠᠢ᠂ ᠵᠢᠭᠠᠬᠠᠨ ᠬᠠᠵᠠᠭᠠᠢ ᠰᠢᠭ᠋᠂ ᠪᠦᠲᠦᠨ ᠬᠥᠪᠡᠭᠡ ᠲᠡᠢ᠂ ᠨᠢᠯᠬ᠎ᠠ ᠨᠠᠪᠴᠢ ᠨᠢ ᠬᠠᠶᠠ ᠳᠣᠯᠭᠢᠶᠠᠯᠢᠭ ᠬᠢᠷᠦᠭᠡᠨ ᠰᠢᠳᠦ ᠲᠡᠢ᠂ ᠨᠠᠪᠴᠢᠨ ᠥᠪᠥᠷ ᠲᠤᠨᠢ ᠦᠰᠦ ᠦᠭᠡᠢ᠂ ᠠᠷᠤ ᠳ᠋ᠠᠬᠢ ᠨᠢᠯᠬ᠎ᠠ ᠨᠠᠪᠴᠢ ᠶ᠋ᠢᠨ ᠬᠢᠨᠢ ᠰᠤᠳᠠᠯ ᠤ᠋ᠨ ᠰᠤᠭᠤ ᠳ᠋ᠤᠨᠢ ᠦᠰᠦ ᠲᠡᠢ᠃ ᠴᠡᠴᠡᠭ ᠨᠢ ᠭᠠᠭᠴᠠ ᠪᠡᠯᠭᠡ ᠲᠡᠢ᠂ ᠨᠢᠭᠡ ᠭᠡᠷᠲᠡᠢ᠃ ᠡᠷ᠎ᠡ ᠴᠡᠴᠡᠭ ᠨᠢ ᠪᠠᠭᠯᠠᠷᠠᠵᠤ ᠤᠨᠵᠢᠭᠢᠷ ᠪᠠᠭ ᠴᠡᠴᠡᠭ ᠪᠣᠯᠵᠤ ᠰᠤᠭᠤ ᠳ᠋ᠤᠨᠢ ᠳᠡᠯᠭᠡᠷᠡᠨ᠎ᠡ᠂5~12cm ᠤᠷᠲᠤ᠂ ᠴᠡᠴᠡᠭ ᠨᠢ ᠵᠢᠵᠢᠭ ᠪᠥᠭᠡᠳ ᠢᠬᠴᠤ᠂ ᠪᠠᠭᠯᠠᠭᠴᠢ ᠢᠯᠲᠠᠰᠤ ᠲᠠᠢ᠂ ᠬᠠᠪᠲᠠᠭᠠᠢ ᠲᠣᠭᠣᠷᠢᠭ ᠬᠡᠯᠪᠡᠷᠢ ᠲᠡᠢ᠂ ᠬᠣᠶᠠᠷ ᠬᠠᠵᠠᠭᠤ ᠶ᠋ᠢᠨ ᠵᠢᠵᠢᠭ ᠪᠠᠭᠯᠠᠭᠴᠢ ᠢᠯᠲᠠᠰᠤ ᠨᠢ ᠤᠷᠲᠤ ᠥᠨᠳᠡᠭᠡᠯᠵᠢᠨ ᠬᠡᠯᠪᠡᠷᠢ ᠲᠡᠢ᠃ ᠴᠡᠴᠡᠭ ᠦ᠋ᠨ ᠰᠢᠳᠠᠷ ᠨᠢ ᠶᠡᠷᠦ ᠳ᠋ᠡᠭᠡᠨ3 ᠢᠯᠲᠠᠰᠤ ᠲᠠᠢ᠂ ᠪᠠᠭᠯᠠᠭᠴᠢ ᠢᠯᠲᠠᠰᠤ ᠪᠠ ᠴᠡᠴᠡᠭ ᠦ᠋ᠨ ᠰᠢᠳᠠᠷ ᠳᠡᠭᠡᠷ᠎ᠡ ᠨᠢ ᠪᠦᠷ ᠵᠥᠭᠡᠯᠡᠨ ᠴᠠᠭᠠᠨ ᠦᠰᠦ ᠲᠡᠢ᠃ ᠡᠷ᠎ᠡ ᠲᠣᠭᠣᠷᠴᠣᠭ ᠨᠢ15~30᠃ ᠡᠮ᠎ᠡ ᠪᠠᠭ ᠴᠡᠴᠡᠭ ᠨᠢ ᠨᠢᠯᠬ᠎ᠠ ᠮᠥᠴᠢᠷ ᠦ᠋ᠨ ᠣᠷᠣᠢ ᠳ᠋ᠤ᠌ ᠲᠦᠷᠦᠭᠦᠦ ᠬᠡᠯᠪᠡᠷᠢ ᠲᠡᠢ ᠪᠠᠢᠷᠢᠯᠠᠨ᠎ᠠ᠂ ᠤᠷᠲᠤ ᠥᠨᠳᠡᠭᠡᠯᠵᠢᠨ ᠬᠡᠯᠪᠡᠷᠢᠲᠦ3 ᠪᠠᠭᠯᠠᠭᠴᠢ ᠢᠯᠲᠠᠰᠤ ᠲᠠᠢ᠂ ᠴᠡᠴᠡᠭ ᠦ᠋ᠨ ᠰᠢᠳᠠᠷ ᠨᠢ ᠪᠦᠰᠡ ᠬᠡᠯᠪᠡᠷᠢᠲᠦ4 ᠰᠡᠵᠢᠭᠦᠷ ᠢᠯᠲᠠᠰᠤ ᠲᠠᠢ᠃ ᠳᠣᠣᠷᠠᠲᠤ ᠣᠷᠣᠨᠲᠤ ᠤᠮᠠᠢ ᠲᠠᠢ᠂ ᠴᠡᠴᠡᠭ ᠦ᠋ᠨ ᠪᠠᠭᠠᠨ᠎ᠠ ᠨᠢ ᠣᠬᠣᠷ᠂ ᠪᠠᠭᠠᠨ᠎ᠠ ᠶ᠋ᠢᠨ ᠠᠮᠠᠰᠠᠷ ᠨᠢ ᠠᠴᠠ ᠬᠡᠯᠪᠡᠷᠢ ᠲᠡᠢ᠃ ᠵᠢᠮᠢᠰ ᠨᠢ ᠪᠥᠮᠪᠥᠭᠡᠯᠢᠭ᠂ ᠳ᠋ᠢᠶᠠᠮᠧᠲ᠋ᠷ ᠨᠢ3~5cm᠂ ᠵᠢᠮᠢᠰ ᠦ᠋ᠨ ᠭᠠᠳᠠᠷ ᠬᠠᠯᠢᠰᠤ ᠨᠢ ᠮᠢᠬᠠᠯᠢᠭ᠂ ᠴᠠᠢᠪᠤᠷ ᠨᠣᠭᠣᠭᠠᠨ ᠪᠥᠭᠡᠳ ᠤᠯᠠᠪᠤᠷ ᠲᠣᠯᠪᠣ ᠲᠠᠢ᠃ ᠵᠢᠮᠢᠰ ᠦ᠋ᠨ ᠳᠣᠲᠣᠷ᠎ᠠ ᠬᠠᠯᠢᠰᠤ ᠨᠢ ᠪᠡᠬᠢ ᠬᠠᠲᠠᠭᠤ᠂ ᠭᠦᠢᠬᠡᠨ ᠠᠲᠤᠷᠢᠶ᠎ᠠ ᠦᠷᠴᠢᠯᠡᠭᠡᠰᠦ ᠲᠡᠢ᠂ ᠰᠢᠷᠠᠪᠲᠤᠷ ᠬᠦᠷᠡᠩ ᠥᠩᠭᠡ ᠲᠡᠢ᠃4~5 ᠳ᠋ᠤᠭᠠᠷ ᠰᠠᠷ᠎ᠠ ᠳ᠋ᠤ᠌ ᠴᠡᠴᠡᠭᠯᠡᠵᠦ᠂10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠳᠤᠯᠠᠭᠠᠨ ᠰᠢᠮᠡᠯᠢᠭ ᠬᠥᠷᠥᠰᠥᠨ ᠳ᠋ᠦ᠍ ᠤᠷᠭᠤᠨ᠎ᠠ᠃ ᠪᠦᠬᠦ ᠤᠯᠤᠰ ᠤ᠋ᠨ ᠡᠯ᠎ᠡ ᠭᠠᠵᠠᠷ ᠲᠤ᠌ ᠴᠥᠮ ᠠᠷᠠᠴᠢᠯᠠᠨ ᠲᠠᠷᠢᠵᠤ ᠪᠠᠢᠨ᠎ᠠ᠃
[ ᠲᠡᠭᠦᠵᠦ ᠪᠣᠯᠪᠠᠰᠤᠷᠠᠭᠤᠯᠬᠤ]9~10 ᠳ᠋ᠤᠭᠠᠷ ᠰᠠᠷ᠎ᠠ ᠳ᠋ᠤ᠌ ᠵᠢᠮᠢᠰ ᠨᠢ ᠪᠣᠯᠪᠠᠰᠤᠷᠠᠬᠤ ᠳ᠋ᠤᠨᠢ ᠲᠡᠭᠦᠵᠦ᠂ ᠵᠢᠮᠢᠰ ᠦ᠋ᠨ ᠭᠠᠳᠠᠷ ᠬᠠᠯᠢᠰᠤ ᠶ᠋ᠢ ᠨᠢ ᠦᠦᠯᠭᠡᠵᠦ ᠠᠷᠢᠯᠭᠠᠭᠠᠳ ᠵᠢᠮᠢᠰ ᠦ᠋ᠨ ᠶᠠᠰᠤ ᠶ᠋ᠢ ᠨᠢ ᠨᠠᠷᠠᠨ ᠳ᠋ᠤ᠌ ᠬᠠᠲᠠᠭᠠᠬᠤ ᠪᠤᠶᠤ ᠴᠥᠮ᠎ᠡ ᠶ᠋ᠢ ᠨᠢ ᠠᠪᠴᠤ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠠᠮᠲᠠᠯᠢᠭ ᠠᠮᠲᠠ ᠲᠠᠢ᠃ ᠪᠦᠯᠢᠶᠡᠨ ᠴᠢᠨᠠᠷ ᠲᠠᠢ᠃ ᠲᠣᠰᠣᠯᠢᠭ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠬᠡᠢ ᠶ᠋ᠢ ᠳᠠᠷᠤᠵᠤ᠂ ᠬᠥᠰᠢᠵᠦ ᠲᠠᠲᠠᠭᠰᠠᠨ ᠢ᠋ ᠲᠠᠯᠪᠢᠭᠳᠠᠭᠤᠯᠬᠤ᠂ ᠬᠣᠷᠭᠣᠰᠤ ᠶ᠋ᠢ ᠵᠥᠭᠡᠯᠡᠷᠡᠭᠦᠯᠬᠦ᠂ ᠠᠮᠢᠰᠬᠤᠯ ᠢ᠋ ᠠᠭᠤᠵᠢᠷᠠᠭᠤᠯᠬᠤ᠂ ᠳᠤᠰᠤᠯ ᠴᠤᠪᠤᠷᠠᠬᠤ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠭᠤ ᠬᠣᠷᠭᠣᠰᠤ ᠬᠠᠲᠠᠵᠤ ᠭᠡᠳᠡᠰᠦ ᠬᠥᠭᠡᠭᠡᠬᠦ᠂ ᠦᠶ᠎ᠡ ᠭᠡᠰᠢᠭᠦᠦ ᠬᠥᠰᠢᠵᠦ ᠠᠲᠤᠷᠢᠬᠤ᠂ ᠬᠠᠮᠠᠭᠤ ᠮᠠᠭᠠᠵᠢᠭᠤᠷ᠂ ᠰᠢᠷ᠎ᠠ ᠰᠢᠭᠦᠰᠦᠲᠦ ᠶᠠᠷ᠎ᠠ᠂ ᠢᠯᠢᠳᠦ ᠭᠦᠪᠳᠦᠷᠦᠦ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄核桃仁(胡桃)
ᠠᠩᠭ᠌ᠯᠢ ᠨᠡᠷ᠎ᠡ᠄Juglans regia L.
ᠦᠰᠦᠭ ᠠᠮᠢᠯᠠᠭᠤᠯᠤᠭᠴᠢ᠄ ᠲᠣᠣᠬᠣᠸᠠᠷ
ᠬᠢᠨᠠᠭᠴᠢ᠄ ᠣᠶᠤᠨᠴᠢᠮᠡᠭ ᠲᠤᠶᠠᠭ᠎ᠠ
