ᠪᠣᠷᠵᠢᠭᠢᠨ ᠰᠡᠴᠡᠨᠪᠠᠲᠦ <ᠨᠢᠭᠡ>– 1949 ~1978 ᠣᠨ ᠤ ᠬᠣᠭᠣᠷᠣᠨᠳᠤ ᠲᠥᠷᠥᠭᠰᠡᠨ ᠤᠷᠠᠯᠠᠠᠴᠢᠳ 1949 ~1978 оны хооронд төрсөн урлаачид - Боржигон Цэцэнбат
ᠪᠣᠷᠵᠢᠭᠢᠨ ᠰᠡᠴᠡᠨᠪᠠᠲᠦ

ᠪᠣᠷᠵᠢᠭᠢᠨ ᠰᠡᠴᠡᠨᠪᠠᠲᠦ ᠂ ᠮᠣᠩᠭᠣᠯ ᠦᠨᠳᠦᠰᠦᠲᠡᠨ ᠂1960 ᠣᠨ ᠳ᠋ᠤ᠌ ᠠᠷᠤ ᠬᠣᠷᠴᠢᠨ ᠬᠤᠰᠢᠭᠤᠨ ᠤ᠋ ᠪᠠᠶᠠᠨᠪᠤᠯᠠᠭ ᠰᠤᠮᠤᠨ ᠳ᠋ᠤ᠌ ᠲᠥᠷᠥᠵᠡᠢ᠃ 1980 ᠣᠨ ᠳ᠋ᠤ᠌ ᠤᠯᠠᠭᠠᠨᠬᠠᠳᠠ ᠳᠡᠭᠡᠳᠦ ᠰᠤᠷᠭᠠᠭᠤᠯᠢ ᠶ᠋ᠢᠨ ᠮᠣᠩᠭᠣᠯ ᠬᠡᠯᠡ ᠤᠳᠬ᠎ᠠ ᠵᠣᠬᠢᠶᠠᠯ ᠤ᠋ᠨ ᠰᠠᠯᠪᠤᠷᠢ ᠠ᠋ᠴᠠ ᠲᠡᠭᠦᠰᠴᠡᠢ᠃ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠭᠡᠰᠢᠭᠦᠨ᠂ ᠲᠥᠷᠥ ᠶ᠋ᠢᠨ ᠠᠯᠪᠠᠲᠠᠨ᠂ ᠰᠠᠯᠠᠭᠠᠨ ᠳᠡᠰ ᠦ᠋ᠨ ᠠᠬᠠᠯᠠᠭᠴᠢ ᠭᠡᠰᠢᠭᠦᠨᠴᠢ᠂ ᠠᠵᠢᠯ ᠠ᠋ᠴᠠ ᠪᠠᠨ ᠳᠠᠷᠬᠠᠯᠠᠭᠳᠠᠭᠰᠠᠨ ᠠᠬᠠᠮᠠᠳ ᠺᠠᠲᠷ᠂ ᠰᠣᠶᠣᠯ ᠤ᠋ᠨ ᠵᠢᠳᠬᠦᠯᠲᠡᠨ᠃
ᠲᠡᠷᠡ ᠮᠠᠨᠢ ᠨᠢᠭᠡᠨ ᠰᠢᠯᠢᠳᠡᠭ ᠪᠠᠭᠰᠢ ᠪᠥᠭᠡᠳ ᠠᠯᠪᠠᠨ ᠤ᠋ ᠰᠠᠢᠨ ᠺᠠᠲᠷ ᠢ᠋ᠶ᠋ᠠᠷ ᠪᠠᠷᠠᠬᠤ ᠦᠭᠡᠢ ᠣᠯᠠᠨ ᠤᠯᠤᠰ ᠤ᠋ᠨ ᠤᠷᠠᠨ ᠪᠢᠴᠢᠯᠭᠡ ᠶ᠋ᠢᠨ ᠦᠵᠡᠬᠦᠯᠭᠡ ᠶ᠋ᠢᠨ ᠲᠠᠪᠴᠠᠩ ᠳ᠋ᠤ᠌ ᠬᠦᠷᠲᠡᠯ᠎ᠡ ᠮᠣᠩᠭᠣᠯ ᠤᠷᠠᠨ ᠪᠢᠴᠢᠯᠭᠡ ᠶ᠋ᠢᠨ ᠪᠦᠲᠦᠭᠡᠯ ᠢ᠋ᠶ᠋ᠡᠷ ᠢ᠋ᠶ᠋ᠡᠨ ᠲᠠᠨᠢᠭᠳᠠᠵᠤ᠂ ᠮᠣᠩᠭᠣᠯ ᠤᠷᠠᠨ ᠪᠢᠴᠢᠯᠭᠡ ᠪᠡᠨ ᠳᠡᠯᠡᠬᠡᠢ ᠶ᠋ᠢᠨ ᠬᠠᠷᠠᠭᠠᠨ ᠳ᠋ᠤ᠌ ᠭᠠᠢᠬᠠᠭᠤᠯᠤᠨ ᠶᠠᠪᠤᠭ᠎ᠠ ᠰᠢᠯᠢᠳᠡᠭ ᠮᠣᠩᠭᠣᠯ ᠤᠷᠠᠨ ᠪᠢᠴᠢᠯᠭᠡᠲᠡᠨ ᠪᠢᠯᠡ᠃
2011 ᠣᠨ ᠳ᠋ᠤ᠌ ᠠᠷᠤ ᠬᠣᠷᠴᠢᠨ ᠬᠤᠰᠢᠭᠤᠨ ᠤ᠋ ᠮᠣᠩᠭᠣᠯ ᠤᠷᠠᠨ ᠪᠢᠴᠢᠯᠭᠡᠲᠡᠨ ᠦ᠌ ᠨᠡᠢᠭᠡᠮᠯᠢᠭ ᠢ᠋ ᠡᠭᠦᠰᠬᠡᠨ ᠪᠠᠢᠭᠤᠯᠤᠭᠴᠢᠳ ᠤ᠋ᠨ ᠨᠢᠭᠡ ᠨᠢ ᠪᠠᠢᠵᠤ᠂ 2015 ᠣᠨ ᠳ᠋ᠤ᠌ ᠲᠤᠰ ᠨᠡᠢᠭᠡᠮᠯᠢᠭ ᠦ᠋ᠨ ᠲᠡᠷᠢᠭᠦᠯᠡᠭᠴᠢ ᠪᠡᠷ ᠰᠣᠩᠭᠣᠭᠳᠠᠵᠤ᠂ ᠠᠷᠤ ᠬᠣᠷᠴᠢᠨ ᠬᠣᠰᠢᠭᠤ ᠪᠠ ᠮᠣᠩᠭᠣᠯ ᠤᠷᠠᠨ ᠪᠢᠴᠢᠯᠭᠡ ᠶ᠋ᠢᠨ ᠦᠢᠯᠡᠰ ᠦ᠋ᠨ ᠬᠥᠭᠵᠢᠯᠲᠡ ᠳ᠋ᠦ᠍ ᠮᠠᠰᠢ ᠣᠯᠠᠨ ᠠᠰᠢᠭᠲᠠᠢ ᠠᠵᠢᠯ ᠬᠢᠵᠦ᠂ ᠨᠡᠮᠡᠷᠢ ᠬᠠᠨᠳᠢᠪ ᠭᠠᠪᠢᠶ᠎ᠠ ᠵᠢᠳᠬᠦᠯ ᠢ᠋ᠶ᠋ᠡᠨ ᠦᠵᠡᠭᠦᠯᠵᠦ ᠶᠠᠪᠤᠵᠠᠢ᠃ ᠥᠪᠥᠷ ᠮᠣᠩᠭᠣᠯ ᠤ᠋ᠨ ᠵᠢᠷᠤᠭᠲᠤ ᠷᠠᠳᠢᠣ᠋ ᠬᠣᠷᠢᠶ᠎ᠠ᠂ ᠤᠯᠠᠭᠠᠨᠬᠠᠳᠠ ᠬᠣᠲᠠ ᠶ᠋ᠢᠨ ᠡᠳᠦᠷ ᠦ᠋ᠨ ᠰᠣᠨᠢᠨ ᠂ ᠤᠯᠠᠭᠠᠨᠬᠠᠳᠠ ᠬᠣᠲᠠ ᠶ᠋ᠢᠨ ᠵᠢᠷᠤᠭᠲᠤ ᠷᠠᠳᠢᠣ᠋ ᠬᠣᠷᠢᠶᠠᠨ ᠤ᠋ ᠰᠤᠷᠪᠤᠯᠵᠢᠯᠠᠭ᠎ᠠ ᠶ᠋ᠢ ᠬᠦᠯᠢᠶᠡᠵᠦ᠂ ᠬᠣᠰᠢᠭᠤ ᠨᠤᠲᠤᠭ ᠤ᠋ᠨ ᠨᠡᠷ᠎ᠡ ᠠᠯᠳᠠᠷ ᠢ᠋ ᠡᠷᠭᠦᠵᠦ᠂ ᠬᠡᠢᠮᠣᠷᠢ ᠰᠦᠯᠳᠡ ᠪᠡᠨ ᠡᠷᠭᠦᠵᠦ ᠶᠠᠪᠤᠭᠰᠠᠨ ᠶᠤᠮ᠃
2008 ᠣᠨ ᠳ᠋ᠤ᠌ ᠳᠤᠮᠳᠠᠳᠤ ᠤᠯᠤᠰ ᠤ᠋ᠨ ᠤᠳᠬ᠎ᠠ ᠵᠣᠬᠢᠶᠠᠯ ᠤᠷᠠᠯᠢᠭ ᠰᠤᠳᠤᠯᠬᠤ ᠲᠥᠪ ᠡᠴᠡ ᠵᠣᠬᠢᠶᠠᠨ ᠪᠠᠢᠭᠤᠯᠤᠭᠰᠠᠨ ᠳᠡᠯᠡᠬᠡᠢ ᠶ᠋ᠢᠨ ᠳᠤᠮᠳᠠᠳᠤ ᠶ᠋ᠢᠨ ᠬᠥᠮᠦᠨ ᠦ᠌ ᠠᠩᠬᠠᠳᠤᠭᠠᠷ ᠤᠳᠠᠭᠠᠨ ᠤ᠋《 ᠴᠸᠨ᠋ᠸᠰ ᠬᠤᠨᠳᠠᠭᠠᠲᠤ》ᠪᠢᠴᠢᠯᠭᠡ ᠵᠢᠷᠤᠭ ᠤ᠋ᠨ ᠤᠷᠤᠯᠳᠤᠭᠠᠨ ᠳ᠋ᠤ᠌《ᠴᠣᠭ ᠪᠢᠯᠢᠭ᠂ ᠵᠣᠷᠢᠭ》ᠭᠡᠬᠦ ᠪᠦᠲᠦᠭᠡᠯ ᠢ᠋ᠶ᠋ᠡᠷ ᠢ᠋ᠶ᠋ᠡᠨ ᠬᠦᠷᠡᠯ ᠮᠧᠳᠠᠯ ᠤ᠋ᠨ ᠱᠠᠩᠨᠠᠯ ᠲᠣᠰᠴᠤ᠂ 2011 ᠣᠨ ᠳ᠋ᠤ᠌ ᠲᠤᠰ ᠲᠥᠪ ᠦ᠋ᠨ ᠵᠣᠬᠢᠶᠠᠨ ᠪᠠᠢᠭᠤᠯᠤᠭᠰᠠᠨ ᠴᠠᠭᠠᠭᠴᠢᠨ ᠭᠠᠬᠠᠢ ᠵᠢᠯ ᠦ᠋ᠨ ᠬᠤᠪᠢᠰᠬᠠᠯ ᠤ᠋ᠨ100 ᠵᠢᠯ ᠦ᠋ᠨ ᠣᠢ ᠶ᠋ᠢ ᠳᠤᠷᠠᠰᠬᠠᠭᠰᠠᠨ 100 ᠤᠷᠠᠨ ᠪᠢᠴᠢᠯᠭᠡᠲᠡᠨ ᠦ᠌ 100 ᠮᠧᠲ᠋ᠷ ᠤᠷᠲᠤ ᠤᠷᠠᠨ ᠪᠢᠴᠢᠯᠭᠡ ᠶ᠋ᠢᠨ ᠪᠦᠲᠦᠭᠡᠯ ᠦ᠋ᠨ ᠣᠷᠢᠶᠠᠮᠠᠯ ᠳ᠋ᠤ᠌《ᠲᠥᠷᠥ ᠲᠦᠮᠡᠨ ᠦ᠌ ᠬᠢ》ᠭᠡᠰᠡᠨ ᠪᠦᠲᠦᠭᠡᠯ ᠨᠢ ᠰᠣᠩᠭᠣᠭᠳᠠᠵᠤ᠂ ᠠᠽᠢᠶ᠎ᠠ ᠲᠢᠪ ᠦ᠋ᠨ ᠬᠣᠷᠢ ᠭᠠᠷᠤᠢ ᠤᠯᠤᠰ ᠣᠷᠣᠨ ᠤ᠋ ᠦᠵᠡᠬᠦᠯᠭᠡ ᠳ᠋ᠦ᠍ ᠣᠷᠣᠯᠴᠠᠵᠤ᠂ ᠭᠤᠸᠠᠩᠵᠸᠦ ᠬᠣᠲᠠ ᠶ᠋ᠢᠨ ᠬᠤᠸᠠᠩ ᠬᠤᠸᠠ ᠭᠠᠩ ᠴᠡᠴᠡᠷᠯᠢᠭ ᠦ᠋ᠨ ᠪᠠᠭᠠᠲᠤᠷᠴᠤᠳ ᠤ᠋ᠨ ᠳᠤᠷᠠᠰᠬᠠᠯ ᠤ᠋ᠨ ᠣᠷᠳᠣᠨ ᠳ᠋ᠤ᠌ ᠬᠠᠨᠳᠢᠪᠯᠠᠭᠳᠠᠪᠠ᠃
2016 ᠣᠨ ᠳ᠋ᠤ᠌ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠣᠩᠭᠣᠯ ᠤᠷᠠᠨ ᠪᠢᠴᠢᠯᠭᠡᠲᠡᠨ ᠦ᠌ ᠨᠡᠢᠭᠡᠮᠯᠢᠭ ᠦ᠋ᠨ《ᠤᠷᠠᠨ ᠪᠢᠷ》ᠮᠧᠳᠠᠯ ᠤ᠋ᠨ ᠱᠠᠩᠨᠠᠯ ᠢ᠋ ᠲᠣᠰᠴᠤ᠂ ᠲᠤᠰ ᠵᠢᠯ ᠦ᠋ᠨ11 ᠰᠠᠷ᠎ᠠ ᠳ᠋ᠤ᠌ ᠣᠯᠠᠨ ᠤᠯᠤᠰ ᠤ᠋ᠨ ᠮᠣᠩᠭᠣᠯ ᠤᠷᠠᠨ ᠪᠢᠴᠢᠯᠭᠡ ᠶ᠋ᠢᠨ ᠨᠡᠢᠭᠡᠮᠯᠢᠭ ᠪᠠᠢᠭᠤᠯᠤᠭᠳᠠᠬᠤ ᠶᠣᠰᠣᠯᠠᠯ ᠳ᠋ᠤ᠌ ᠳᠤᠮᠳᠠᠳᠤ ᠤᠯᠤᠰ ᠤ᠋ᠨ ᠲᠥᠯᠥᠭᠡᠯᠡᠭᠴᠢᠳ ᠦ᠋ᠨ ᠪᠦᠯᠬᠦᠮ ᠦ᠋ᠨ ᠭᠡᠰᠢᠭᠦᠨ ᠦ᠌ ᠬᠤᠪᠢ ᠪᠠᠷ ᠮᠣᠩᠭᠣᠯ ᠤᠯᠤᠰ ᠤ᠋ᠨ ᠤᠯᠠᠭᠠᠨᠪᠠᠭᠠᠲᠤᠷ ᠬᠣᠲᠠ ᠳ᠋ᠤ᠌ ᠬᠦᠷᠴᠦ《ᠲᠡᠭᠷᠢ ᠶ᠋ᠢᠨ ᠪᠢᠴᠢᠭ》ᠬᠡᠮᠡᠬᠦ ᠣᠯᠠᠨ ᠤᠯᠤᠰ ᠤ᠋ᠨ ᠮᠣᠩᠭᠣᠯ ᠤᠷᠠᠨ ᠪᠢᠴᠢᠯᠭᠡ ᠶ᠋ᠢᠨ ᠦᠵᠡᠬᠦᠯᠭᠡ ᠳ᠋ᠦ᠍ ᠪᠦᠲᠦᠭᠡᠯ ᠨᠢ ᠰᠢᠯᠢᠭᠳᠡᠨ ᠲᠡᠭᠦᠪᠦᠷᠢᠯᠡᠭᠳᠡᠵᠦ᠂ ᠮᠣᠩᠭᠣᠯ ᠤ᠋ᠨ ᠠᠷᠠᠳ ᠲᠦᠮᠡᠨ ᠦ᠌ ᠪᠠᠬᠠᠷᠬᠠᠯ ᠪᠠ ᠵᠣᠷᠢᠭᠵᠢᠭᠤᠯᠤᠯ ᠢ᠋ ᠬᠦᠷᠲᠡᠨ᠂ ᠲᠤᠬᠠᠢ ᠶ᠋ᠢᠨ ᠦᠶ᠎ᠡ ᠶ᠋ᠢᠨ ᠮᠣᠩᠭᠣᠯ ᠤᠯᠤᠰ ᠤ᠋ᠨ ᠶᠡᠷᠦᠩᠬᠡᠢᠯᠡᠭᠴᠢ ᠡᠯᠪᠡᠭᠳᠣᠷᠵᠢ ᠶ᠋ᠢᠨ ᠠᠭᠤᠯᠵᠠᠯᠲᠠ ᠶ᠋ᠢ ᠬᠦᠯᠢᠶᠡᠨ ᠠᠪᠴᠤ᠂ ᠪᠦᠲᠦᠭᠡᠯ ᠦ᠋ᠨ ᠲᠤᠬᠠᠢ ᠦᠨᠡᠯᠡᠯᠲᠡ ᠳ᠋ᠦ᠍ᠨᠢ ᠵᠣᠷᠢᠭᠵᠢᠨ᠂ ᠮᠥᠩᠭᠥ ᠲᠥᠭᠥᠷᠢᠭ ᠦ᠋ᠨ ᠭᠠᠷ ᠤ᠋ᠨ ᠪᠡᠯᠡᠭ ᠢ᠋ ᠨᠢ ᠭᠠᠷᠳᠠᠨ᠂ ᠮᠣᠩᠭᠣᠯ ᠤᠯᠤᠰ ᠤ᠋ᠨ ᠶᠠᠪᠤᠳᠠᠯ ᠤ᠋ᠨ ᠬᠣᠷᠢᠶᠠᠨ ᠤ᠋ ᠲᠠᠮᠠᠭ᠎ᠠ ᠶ᠋ᠢᠨ ᠭᠠᠵᠠᠷ ᠤ᠋ᠨ ᠬᠠᠨᠳᠢᠪ ᠤ᠋ᠨ ᠪᠠᠲᠤᠯᠠᠮᠵᠢ ᠶ᠋ᠢᠨ ᠦᠨᠡᠮᠯᠡᠯ ᠢ᠋ ᠲᠤᠰᠤᠭᠰᠠᠨ ᠪᠠᠢᠨ᠎ᠠ᠃ ᠲᠤᠰ ᠤᠳᠠᠭ᠎ᠠ ᠬᠣᠶᠠᠷ ᠪᠦᠲᠦᠭᠡᠯ ᠨᠢ《ᠲᠡᠭᠷᠢ ᠶ᠋ᠢᠨ ᠪᠢᠴᠢᠭ》ᠮᠣᠩᠭᠣᠯ ᠤᠷᠠᠨ ᠪᠢᠴᠢᠯᠭᠡ ᠶ᠋ᠢᠨ ᠦᠵᠡᠬᠦᠯᠭᠡ ᠳ᠋ᠦ᠍ ᠰᠣᠩᠭᠣᠭᠳᠠᠵᠤ᠂ ᠪᠠᠰᠠ ᠬᠣᠶᠠᠷ ᠪᠦᠲᠦᠭᠡᠯ ᠨᠢ ᠴᠤᠨᠵᠢᠨ ᠪᠣᠯᠳᠣᠭ ᠳᠠᠬᠢ ᠴᠢᠩᠭᠢᠰ ᠦ᠋ᠨ ᠴᠣᠭᠴᠠᠯᠠᠪᠤᠷᠢ ᠶ᠋ᠢᠨ ᠭᠣᠣᠯ ᠲᠢᠩᠬᠢᠮ ᠳ᠋ᠦ᠍ ᠬᠠᠳᠠᠭᠠᠯᠠᠭᠳᠠᠭᠰᠠᠨ ᠪᠠᠢᠨ᠎ᠠ᠃
2018 ᠣᠨ ᠳ᠋ᠤ᠌ ᠥᠪᠥᠷ ᠮᠣᠩᠭᠣᠯ ᠤ᠋ᠨ ᠨᠠᠰᠤᠲᠠᠢᠴᠤᠳ ᠤ᠋ᠨ ᠤᠷᠠᠨ ᠪᠢᠴᠢᠯᠭᠡ ᠶ᠋ᠢᠨ ᠨᠡᠢᠭᠡᠮᠯᠢᠭ ᠦ᠋ᠨ ᠨᠠᠢᠳᠠᠯᠭ᠎ᠠ ᠪᠠᠷ ᠮᠣᠩᠭᠣᠯ ᠤᠯᠤᠰ ᠤ᠋ᠨ ᠤᠯᠠᠭᠠᠨᠪᠠᠭᠠᠲᠤᠷ ᠬᠣᠲᠠ ᠶ᠋ᠢᠨ ᠰᠦᠬᠡᠪᠠᠭᠠᠲᠤᠷ ᠠᠭᠤᠳᠠᠮ ᠲᠠᠯᠠᠪᠠᠢ ᠳ᠋ᠤ᠌ ᠬᠤᠪᠢ ᠬᠥᠮᠦᠨ ᠦ᠌ ᠦᠵᠡᠬᠦᠯᠭᠡ ᠡᠷᠬᠢᠯᠡᠨ ᠣᠯᠠᠨ ᠤᠯᠤᠰ ᠤ᠋ᠨ ᠰᠣᠶᠣᠯ ᠤ᠋ᠨ ᠰᠣᠯᠢᠯᠴᠠᠭ᠎ᠠ ᠶ᠋ᠢᠨ ᠠᠵᠢᠯᠯᠠᠭᠠᠨ ᠳ᠋ᠤ᠌ ᠣᠷᠣᠯᠴᠠᠭᠰᠠᠨ ᠪᠠᠢᠨ᠎ᠠ᠃
2017 ᠣᠨ ᠳ᠋ᠤ᠌ ᠳᠡᠯᠡᠬᠡᠢ ᠶ᠋ᠢᠨ ᠦᠰᠦᠭ ᠪᠢᠴᠢᠭ ᠤᠷᠠᠨ ᠪᠢᠴᠢᠯᠭᠡ ᠶ᠋ᠢᠨ ᠤᠷᠤᠯᠳᠤᠭᠠᠨ ᠳ᠋ᠤ᠌ ᠮᠥᠩᠭᠥᠨ ᠮᠧᠳᠠᠯ᠂ ᠨᠠᠢ᠍ᠮᠠᠨ ᠮᠣᠵᠢ ᠣᠷᠣᠨ ᠤ᠋ ᠨᠠᠢ᠍ᠮᠠᠳᠤᠭᠠᠷ ᠤᠳᠠᠭᠠᠨ ᠤ᠋《ᠡᠬᠡ ᠬᠡᠯᠡ》ᠬᠤᠨᠳᠠᠭᠠᠲᠤ ᠮᠣᠩᠭᠣᠯ ᠤᠷᠠᠨ ᠪᠢᠴᠢᠯᠭᠡ ᠶ᠋ᠢᠨ ᠤᠷᠤᠯᠳᠤᠭᠠᠨ ᠳ᠋ᠤ᠌ ᠨᠢᠭᠡᠳᠦᠭᠡᠷ ᠪᠠᠢᠷᠢ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠤᠬᠠᠭᠤᠯᠬᠤ ᠬᠡᠯᠲᠡᠰ ᠡᠴᠡ ᠬᠡᠪᠯᠡᠨ ᠲᠠᠷᠬᠠᠭᠠᠭᠰᠠᠨ《ᠮᠣᠩᠭᠣᠯ ᠤᠷᠠᠨ ᠪᠢᠴᠢᠯᠭᠡ ᠶ᠋ᠢᠨ ᠪᠦᠷᠢᠨ ᠲᠡᠭᠦᠪᠦᠷᠢ》 ᠳ᠋ᠦ᠍ ᠰᠢᠯᠢᠭᠦᠯᠦᠭᠰᠡᠨ ᠪᠠᠢᠳᠠᠭ᠃ 2014 ᠣᠨ ᠳ᠋ᠤ᠌《ᠭᠡᠷᠡᠯ ᠰᠠᠴᠤᠷᠠᠭᠰᠠᠨ 65 ᠵᠢᠯ᠂ ᠪᠦᠬᠦ ᠤᠯᠤᠰ ᠤ᠋ᠨ ᠢᠳᠡᠷ ᠨᠠᠰᠤᠲᠠᠢᠴᠤᠳ ᠤ᠋ᠨ ᠨᠡᠷᠡᠲᠦ ᠤᠷᠠᠨ ᠪᠢᠴᠢᠯᠭᠡᠲᠡᠨ ᠦ᠌ ᠪᠦᠲᠦᠭᠡᠯ ᠦ᠋ᠨ ᠲᠡᠭᠦᠪᠦᠷᠢ》 ᠳ᠋ᠦ᠍ ᠪᠦᠲᠦᠭᠡᠯ ᠨᠢ ᠰᠢᠯᠢᠭᠳᠡᠵᠦ᠂《ᠳᠤᠮᠳᠠᠳᠤ ᠤᠯᠤᠰ ᠤ᠋ᠨ ᠭᠠᠪᠢᠶᠠᠲᠤ ᠤᠷᠠᠨ ᠪᠢᠴᠢᠯᠭᠡᠲᠡᠨ》 ᠢ᠋ᠶ᠋ᠡᠷ ᠴᠤᠯᠯᠠᠭᠳᠠᠵᠤ ᠠᠯᠲᠠᠨ ᠮᠧᠳᠠᠯ ᠬᠦᠷᠲᠡᠪᠡ᠃
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠶᠡᠷᠦᠩᠬᠡᠢ ᠡᠪᠯᠡᠯ ᠦ᠋ᠨ ᠤᠷᠠᠨ ᠪᠢᠴᠢᠯᠭᠡ ᠶ᠋ᠢᠨ ᠤᠷᠤᠯᠳᠤᠭᠠᠨ ᠳ᠋ᠤ᠌ ᠬᠣᠶᠠᠳᠤᠭᠠᠷ ᠪᠠᠢᠷᠢ ᠶ᠋ᠢᠨ ᠱᠠᠩᠨᠠᠯ᠂ ᠤᠯᠠᠭᠠᠨᠬᠠᠳᠠ ᠬᠣᠲᠠ ᠶ᠋ᠢᠨ ᠠᠵᠢᠯᠴᠢᠨ ᠤ᠋ ᠡᠪᠯᠡᠯ ᠦ᠋ᠨ ᠬᠣᠶᠠᠳᠤᠭᠠᠷ ᠪᠠᠢᠷᠢ ᠶ᠋ᠢᠨ ᠱᠠᠩᠨᠠᠯ᠂ ᠤᠯᠠᠭᠠᠨᠬᠠᠳᠠ ᠬᠣᠲᠠ ᠶ᠋ᠢᠨ ᠨᠠᠰᠤᠲᠠᠢᠴᠤᠳ ᠤ᠋ᠨ ᠤᠷᠠᠨ ᠪᠢᠴᠢᠯᠭᠡ ᠶ᠋ᠢᠨ ᠤᠷᠤᠯᠳᠤᠭᠠᠨ ᠳ᠋ᠤ᠌ ᠬᠣᠶᠠᠳᠤᠭᠠᠷ ᠪᠠᠢᠷᠢ ᠶ᠋ᠢᠨ ᠱᠠᠩᠨᠠᠯ᠂ ᠤᠯᠠᠭᠠᠨᠬᠠᠳᠠ ᠬᠣᠲᠠ ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠤᠷᠠᠨ ᠪᠢᠴᠢᠯᠭᠡ ᠶ᠋ᠢᠨ ᠤᠷᠤᠯᠳᠤᠭᠠᠨ ᠳ᠋ᠤ᠌ ᠬᠣᠶᠠᠳᠤᠭᠠᠷ ᠪᠠᠢᠷᠢ ᠶ᠋ᠢᠨ ᠱᠠᠩᠨᠠᠯ ᠢ᠋ ᠲᠣᠰᠴᠤ᠂ ᠭᠤᠴᠢ ᠭᠠᠷᠤᠢ ᠪᠦᠲᠦᠭᠡᠯ ᠦ᠋ᠨ ᠲᠡᠭᠦᠪᠦᠷᠢ ᠳ᠋ᠦ᠍ ᠪᠦᠲᠦᠭᠡᠯ ᠨᠢ ᠰᠢᠯᠢᠭᠳᠡᠨ ᠣᠷᠣᠭᠰᠠᠨ ᠪᠠᠢᠨ᠎ᠠ᠃
2014ᠣᠨ ᠳ᠋ᠤ᠌ ᠰᠣᠶᠣᠯ ᠤ᠋ᠨ ᠶᠠᠮᠤᠨ ᠤ᠋ ᠳᠤᠮᠳᠠᠳᠤ ᠤᠯᠤᠰ ᠤ᠋ᠨ ᠤᠷᠠᠯᠢᠭ ᠰᠢᠨᠵᠢᠯᠡᠭᠡᠨ ᠦ᠌ ᠰᠤᠳᠤᠯᠭᠠᠨ ᠤ᠋ ᠭᠠᠵᠠᠷ ᠠ᠋ᠴᠠ ᠰᠢᠯᠭᠠᠨ ᠲᠣᠭᠲᠠᠭᠠᠭᠰᠠᠨ《ᠠᠷᠪᠠᠳᠤᠭᠠᠷ ᠳᠡᠰ(ᠬᠠᠮᠤᠭ ᠥᠨᠳᠥᠷ ᠳᠡᠰ) ᠦ᠋ᠨ ᠮᠣᠩᠭᠣᠯ ᠤᠷᠠᠨ ᠪᠢᠴᠢᠯᠭᠡᠲᠡᠨ》 ᠢ᠋ᠶ᠋ᠡᠷ ᠰᠢᠯᠭᠠᠷᠠᠵᠤ᠂ 2016 ᠣᠨ ᠳ᠋ᠤ᠌ ᠳᠤᠮᠳᠠᠳᠤ ᠤᠯᠤᠰ ᠤ᠋ᠨ ᠪᠢᠴᠢᠯᠭᠡ ᠵᠢᠷᠤᠭ ᠤ᠋ᠨ ᠪᠦᠲᠦᠭᠡᠯ ᠦ᠋ᠨ ᠦᠨ᠎ᠡ ᠥᠷᠲᠡᠭ ᠢ᠋ ᠬᠢᠨᠠᠨ ᠲᠣᠭᠲᠠᠭᠠᠬᠤ ᠵᠥᠪᠯᠡᠯ ᠪᠠ ᠣᠯᠠᠨ ᠤᠯᠤᠰ ᠤ᠋ᠨ IS200 ᠤᠷᠠᠯᠢᠭ ᠤ᠋ᠨ ᠪᠦᠲᠦᠭᠡᠯ ᠦ᠋ᠨ ᠬᠢᠨᠠᠨ ᠲᠣᠭᠲᠠᠭᠠᠬᠤ ᠵᠥᠪᠯᠡᠯ ᠡᠴᠡ ᠪᠣᠷᠵᠢᠭᠢᠨ ᠰᠡᠴᠡᠨᠪᠠᠲᠦ ᠶ᠋ᠢᠨ ᠮᠣᠩᠭᠣᠯ ᠤᠷᠠᠨ ᠪᠢᠴᠢᠯᠭᠡ ᠶ᠋ᠢᠨ《ᠲᠡᠭᠰᠢ ᠳᠥᠷᠪᠡᠯᠵᠢᠨ ᠲᠤᠬᠠᠢ ᠪᠦᠷᠢ ᠶ᠋ᠢᠨ ᠦᠨ᠎ᠡ ᠨᠢ 5000 ᠲᠥᠭᠥᠷᠢᠭ》ᠭᠡᠮᠡᠨ ᠲᠣᠭᠲᠠᠭᠠᠪᠠ ᠃
《ᠵᠣᠣ ᠤᠳᠠ ᠶ᠋ᠢᠨ ᠮᠣᠩᠭᠣᠯ ᠤᠷᠠᠨ ᠪᠢᠴᠢᠯᠭᠡᠲᠡᠨ ᠦ᠌ ᠪᠦᠲᠦᠭᠡᠯ ᠦ᠋ᠨ ᠰᠣᠩᠭᠣᠮᠠᠯ 》ᠭᠡᠬᠦ ᠨᠣᠮ ᠤ᠋ᠨ ᠨᠠᠢᠷᠠᠭᠤᠯᠤᠭᠴᠢ᠂《ᠪᠡᠬᠡ ᠶ᠋ᠢᠨ ᠦᠨᠦᠷ ᠲᠡᠢ》ᠭᠡᠬᠦ ᠨᠣᠮ ᠤ᠋ᠨ ᠶᠡᠷᠦᠩᠬᠡᠢ ᠨᠠᠢᠷᠠᠭᠤᠯᠤᠭᠴᠢ ᠪᠠᠷ ᠠᠵᠢᠯᠯᠠᠵᠤ᠂ ᠲᠤᠬᠠᠢ ᠶ᠋ᠢᠨ ᠦᠶ᠎ᠡ ᠳ᠋ᠦ᠍ ᠨᠠᠢ᠍ᠮᠠᠨ ᠮᠣᠵᠢ ᠣᠷᠣᠨ ᠤ᠋ ᠮᠣᠩᠭᠣᠯ ᠤᠷᠠᠨ ᠪᠢᠴᠢᠯᠭᠡᠲᠡᠨ ᠦ᠌ ᠲᠤᠰᠬᠠᠢ ᠮᠡᠷᠭᠡᠵᠢᠯᠲᠡᠳ ᠪᠠ ᠮᠣᠩᠭᠣᠯ ᠤᠷᠠᠨ ᠪᠢᠴᠢᠯᠭᠡᠲᠡᠳ ᠦ᠋ᠨ ᠥᠨᠳᠥᠷ ᠦᠨᠡᠯᠡᠯᠲᠡ ᠶ᠋ᠢ ᠣᠯᠵᠤ ᠬᠦᠷᠲᠡᠭᠰᠡᠨ ᠪᠠᠢᠨ᠎ᠠ᠃
2024 ᠣᠨ ᠳ᠋ᠤ᠌ ᠤᠯᠠᠭᠠᠨᠬᠠᠳᠠ ᠬᠣᠲᠠ ᠶ᠋ᠢᠨ ᠭᠧ ᠯᠢᠨ ᠡᠮ ᠦ᠋ᠨ ᠦᠢᠯᠡᠰ ᠪᠣᠯᠤᠨ ᠬᠣᠩ ᠱᠠᠨ ᠣᠷᠣᠢ ᠶ᠋ᠢᠨ ᠰᠣᠨᠢᠨ ᠠ᠋ᠴᠠ ᠡᠷᠬᠢᠯᠡᠭᠰᠡᠨ ᠵᠠᠭᠤᠨ ᠬᠦᠴᠦᠷᠬᠡᠭ ᠤᠷᠠᠨ ᠪᠢᠴᠢᠯᠭᠡᠴᠢᠨ ᠦ᠌ ᠰᠢᠯᠭᠠᠷᠠᠭᠤᠯᠤᠯᠲᠠ ᠳ᠋ᠤ᠌ ᠲᠣᠳᠣᠷᠠᠪᠠ᠃
ᠳᠤᠮᠳᠠᠳᠤ ᠤᠯᠤᠰ ᠤ᠋ᠨ ᠴᠥᠭᠡᠨ ᠲᠣᠭᠠᠲᠤ ᠦᠨᠳᠦᠰᠦᠲᠡᠨ ᠦ᠌ ᠵᠢᠷᠤᠭ ᠪᠢᠴᠢᠯᠭᠡ ᠶ᠋ᠢ ᠠᠬᠢᠭᠤᠯᠬᠤ ᠬᠤᠷᠠᠯ ᠤ᠋ᠨ ᠭᠡᠰᠢᠭᠦᠨ᠂ ᠳᠤᠮᠳᠠᠳᠤ ᠤᠯᠤᠰ ᠤ᠋ᠨ ᠤᠯᠠᠮᠵᠢᠯᠠᠯᠲᠤ ᠰᠣᠶᠣᠯ ᠤ᠋ᠨ ᠵᠢᠷᠤᠭ ᠪᠢᠴᠢᠯᠭᠡ ᠶ᠋ᠢᠨ ᠪᠠᠢᠩᠭᠤ ᠶ᠋ᠢᠨ ᠭᠡᠰᠢᠭᠦᠨ᠂ ᠳᠤᠮᠳᠠᠳᠤ ᠤᠯᠤᠰ ᠤ᠋ᠨ ᠨᠠᠰᠤᠲᠠᠢᠴᠤᠳ ᠤ᠋ᠨ ᠤᠷᠠᠨ ᠪᠢᠴᠢᠯᠭᠡ ᠶ᠋ᠢᠨ ᠰᠤᠳᠤᠯᠭᠠᠨ ᠤ᠋ ᠨᠡᠢᠭᠡᠮᠯᠢᠭ ᠦ᠋ᠨ ᠭᠡᠰᠢᠭᠦᠨ᠂ ᠥᠪᠥᠷ ᠮᠣᠩᠭᠣᠯ ᠤ᠋ᠨ ᠤᠷᠠᠨ ᠪᠢᠴᠢᠯᠭᠡᠲᠡᠨ ᠦ᠌ ᠨᠡᠢᠭᠡᠮᠯᠢᠭ ᠦ᠋ᠨ ᠭᠡᠰᠢᠭᠦᠨ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠣᠩᠭᠣᠯ ᠤᠷᠠᠨ ᠪᠢᠴᠢᠯᠭᠡᠲᠡᠨ ᠦ᠌ ᠨᠡᠢᠭᠡᠮᠯᠢᠭ ᠦ᠋ᠨ ᠪᠠᠢᠩᠭᠤ ᠶ᠋ᠢᠨ ᠬᠡᠷᠡᠭ ᠡᠷᠬᠢᠯᠡᠭᠴᠢ᠂ ᠳᠡᠳ᠋ ᠨᠠᠷᠢᠨ ᠪᠢᠴᠢᠭ ᠦ᠋ᠨ ᠳᠠᠷᠤᠭ᠎ᠠ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠣᠩᠭᠣᠯ ᠨᠠᠰᠤᠲᠠᠢᠴᠤᠳ ᠤ᠋ᠨ ᠤᠷᠠᠨ ᠪᠢᠴᠢᠯᠭᠡ ᠶ᠋ᠢᠨ ᠨᠡᠢᠭᠡᠮᠯᠢᠭ ᠦ᠋ᠨ ᠪᠠᠢᠩᠭᠤ ᠶ᠋ᠢᠨ ᠭᠡᠰᠢᠭᠦᠨ᠂ ᠤᠯᠠᠭᠠᠨᠬᠠᠳᠠ ᠬᠣᠲᠠ ᠶ᠋ᠢᠨ ᠪᠢᠴᠢᠯᠭᠡᠲᠡᠨ ᠦ᠌ ᠨᠡᠢᠭᠡᠮᠯᠢᠭ ᠦ᠋ᠨ ᠭᠡᠰᠢᠭᠦᠨ᠂ ᠤᠯᠠᠭᠠᠨᠬᠠᠳᠠ ᠬᠣᠲᠠ ᠶ᠋ᠢᠨ ᠮᠣᠩᠭᠣᠯ ᠤᠷᠠᠨ ᠪᠢᠴᠢᠯᠭᠡᠲᠡᠨ ᠦ᠌ ᠨᠡᠢᠭᠡᠮᠯᠢᠭ ᠦ᠋ᠨ ᠪᠠᠢᠩᠭᠤ ᠶ᠋ᠢᠨ ᠭᠡᠰᠢᠭᠦᠨ᠂ ᠤᠯᠠᠭᠠᠨᠬᠠᠳᠠ ᠬᠣᠲᠠ ᠶ᠋ᠢᠨ ᠨᠠᠰᠤᠲᠠᠢᠴᠤᠳ ᠤ᠋ᠨ ᠤᠷᠠᠨ ᠪᠢᠴᠢᠯᠭᠡᠲᠡᠨ ᠦ᠌ ᠨᠡᠢᠭᠡᠮᠯᠢᠭ ᠦ᠋ᠨ ᠮᠣᠩᠭᠣᠯ ᠬᠤᠪᠢᠶᠠᠷᠢ ᠨᠡᠢᠭᠡᠮᠯᠢᠭ ᠦ᠋ᠨ ᠲᠡᠷᠢᠭᠦᠯᠦᠭᠴᠢ᠂ ᠠᠷᠤ ᠬᠣᠷᠴᠢᠨ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠲᠡᠷᠢᠭᠦᠯᠦᠭᠴᠢ ᠵᠡᠷᠭᠡ ᠨᠡᠢᠭᠡᠮ ᠦ᠋ᠨ ᠲᠤᠰᠢᠶᠠᠯ ᠬᠠᠷᠢᠭᠤᠴᠠᠵᠤ ᠪᠠᠢᠬᠤ ᠮᠥᠷᠲᠡᠭᠡᠨ《ᠠᠷᠤ ᠬᠣᠷᠴᠢᠨ ᠪᠢᠴᠢᠯᠭᠡ ᠵᠢᠷᠤᠭ》ᠰᠣᠨᠢᠨ ᠤ᠋ ᠶᠡᠷᠦᠩᠬᠡᠢ ᠨᠠᠢᠷᠠᠭᠤᠯᠤᠭᠴᠢ ᠶ᠋ᠢᠨ ᠠᠵᠢᠯ ᠢ᠋ᠶ᠋ᠠᠨ ᠦᠷᠭᠦᠯᠵᠢᠯᠡᠨ ᠬᠠᠷᠢᠭᠤᠴᠠᠨ ᠠᠵᠢᠯᠯᠠᠵᠤ᠂ ᠨᠠᠰᠤᠨ ᠤ᠋ ᠨᠠᠮᠤᠷ ᠢ᠋ᠶ᠋ᠠᠨ ᠤᠭᠲᠤᠨ ᠨᠡᠢᠭᠡᠮ ᠨᠡᠢᠲᠡ ᠳ᠋ᠦ᠍ ᠮᠥᠨ ᠯᠡ ᠵᠥᠪ ᠡᠨᠧᠷᠭᠢ ᠤᠯᠠᠮᠵᠢᠯᠠᠵᠤ ᠶᠠᠪᠤᠨ᠎ᠠ᠃

