ᠬᠠᠷ᠎ᠠ ᠰᠠᠢᠷᠠХар сайрKhar sair
ᠬᠠᠷ᠎ᠠ ᠰᠠᠢᠷᠠ
ᠲᠤᠰ ᠡᠮ ᠪᠣᠯ ᠬᠣᠯᠲᠣᠰᠣᠨ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠨᠢᠭᠡᠯᠡ ᠡᠪᠡᠰᠦ ᠶ᠋ᠢᠨ ᠬᠠᠲᠠᠭᠠᠭᠰᠠᠨ ᠪᠣᠯᠪᠠᠰᠤᠷᠠᠮᠠᠯ ᠦᠷ᠎ᠡ ᠮᠥᠨ᠃ ᠪᠠᠰᠠ ᠰᠠᠢᠷᠠᠨᠠᠭᠪᠤ ᠴᠣᠭ ᠭᠡᠳᠡᠭ᠃
[ᠤᠤᠯ ᠤᠷᠭᠤᠮᠠᠯ] ᠨᠢᠭᠡ ᠨᠠᠰᠤᠲᠤ ᠡᠪᠡᠰᠦᠯᠢᠭ ᠤᠷᠭᠤᠮᠠᠯ᠃30~60cm ᠥᠨᠳᠥᠷ᠂ ᠡᠰᠢ ᠨᠢ ᠰᠢᠯᠤᠭᠤᠨ᠂ ᠳᠡᠭᠡᠷ᠎ᠡ ᠬᠡᠰᠡᠭ ᠲᠡᠭᠡᠨ ᠰᠠᠯᠠᠭᠠᠯᠠᠨ᠎ᠠ᠂ ᠲᠠᠷᠠᠮᠠᠭ ᠣᠬᠣᠷ ᠦᠰᠦ ᠲᠡᠢ᠃ ᠨᠠᠪᠴᠢ ᠨᠢ ᠨᠢᠭᠡ ᠡᠴᠡ ᠬᠣᠶᠠᠷᠳᠠᠭᠰᠠᠨ ᠥᠳᠥᠯᠢᠭ ᠭᠦᠨ ᠣᠨᠢ ᠲᠠᠢ᠂ ᠰᠡᠵᠢᠭᠦᠷ ᠢᠯᠲᠠᠰᠤ ᠨᠢ ᠨᠠᠷᠢᠨ᠂ ᠡᠰᠢᠨ ᠦ᠌ ᠳᠣᠣᠷᠠᠲᠤ ᠬᠡᠰᠡᠭ ᠦ᠋ᠨ ᠨᠠᠪᠴᠢ ᠨᠢ2~3mm ᠤᠷᠲᠤ ᠪᠠᠷᠢᠭᠤᠯ ᠲᠠᠢ᠂ ᠳᠡᠭᠡᠷ᠎ᠡ ᠬᠡᠰᠡᠭ ᠦ᠋ᠨ ᠨᠠᠪᠴᠢ ᠨᠢ ᠪᠠᠷᠢᠭᠤᠯ ᠦᠭᠡᠢ᠃ ᠴᠡᠴᠡᠭ ᠨᠢ ᠡᠰᠢᠨ ᠦ᠌ ᠣᠷᠣᠢ ᠳ᠋ᠤ᠌ ᠭᠠᠭᠴᠠᠭᠠᠷ ᠳᠡᠯᠭᠡᠷᠡᠨ᠎ᠡ᠃ ᠴᠡᠴᠡᠭ ᠦ᠋ᠨ ᠲᠣᠭᠳᠣᠢ ᠨᠢ5᠂ ᠬᠡᠯᠲᠡᠰ ᠬᠡᠯᠪᠡᠷᠢ ᠲᠡᠢ᠂ ᠭᠦᠢᠬᠡᠨ ᠬᠥᠬᠡ ᠥᠩᠭᠡ ᠲᠡᠢ᠂8~12cm ᠤᠷᠲᠤ᠂ ᠵᠤᠤᠪᠠᠩᠯᠢᠭ ᠥᠨᠳᠡᠭᠡᠯᠵᠢᠨ ᠬᠡᠯᠪᠡᠷᠢ ᠲᠡᠢ᠃ ᠴᠡᠴᠡᠭ ᠦ᠋ᠨ ᠬᠡᠯᠲᠡᠰ ᠨᠢ ᠵᠢᠵᠢᠭ᠂ ᠵᠥᠪᠬᠡᠨ2~3mm ᠤᠷᠲᠤ᠂ ᠰᠢᠷᠠᠩᠭᠤᠢ ᠨᠣᠭᠣᠭᠠᠨ ᠪᠤᠶᠤ ᠭᠦᠢᠬᠡᠨ ᠰᠢᠷ᠎ᠠ ᠥᠩᠭᠡ ᠲᠡᠢ᠂ ᠳᠣᠣᠷ᠎ᠠ ᠬᠡᠰᠡᠭ ᠲᠤᠨᠢ ᠪᠠᠯ ᠤ᠋ᠨ ᠪᠤᠯᠴᠢᠷᠬᠠᠢ ᠶ᠋ᠢᠨ ᠬᠣᠩᠭᠢᠯ ᠲᠠᠢ ᠪᠥᠭᠡᠳ ᠳᠣᠲᠣᠷ᠎ᠠ ᠨᠢ ᠦᠰᠦ ᠲᠡᠢ᠂2 ᠣᠨᠢ ᠭᠠᠷᠴᠤ ᠤᠷᠤᠭᠤᠯ ᠬᠡᠯᠪᠡᠷᠢ ᠲᠡᠢ ᠪᠣᠯᠳᠠᠭ᠃ ᠳᠡᠭᠡᠷ᠎ᠡ ᠤᠷᠤᠭᠤᠯ ᠨᠢ ᠣᠬᠣᠷ᠂ ᠳᠣᠣᠷ᠎ᠠ ᠤᠷᠤᠭᠤᠯ ᠨᠢ2 ᠭᠦᠨ ᠣᠨᠢ ᠲᠠᠢ᠂ ᠳᠤᠮᠳᠠ ᠬᠡᠰᠡᠭ ᠲᠡᠭᠡᠨ ᠨᠡᠯᠢᠶᠡᠳ ᠥᠷᠭᠡᠨ᠂ ᠦᠵᠦᠭᠦᠷ ᠪᠠ ᠳᠤᠮᠳᠠ ᠬᠡᠰᠡᠭ ᠲᠤᠨᠢ ᠡᠤ ᠰᠢᠭ ᠳᠣᠪᠣᠭᠣᠷ ᠲᠠᠢ᠃ ᠣᠯᠠᠨ ᠡᠷ᠎ᠡ ᠲᠣᠭᠣᠷᠴᠣᠭ ᠲᠠᠢ᠂ ᠲᠣᠭᠣᠰᠣᠪᠴᠢ ᠶ᠋ᠢᠨ ᠳᠡᠭᠡᠷ᠎ᠡ ᠬᠡᠰᠡᠭ ᠨᠢ ᠮᠤᠬᠤᠷ ᠪᠤᠶᠤ ᠱᠤᠪᠲᠤᠭᠤᠷ᠃5 ᠤᠮᠠᠢ ᠶ᠋ᠢᠨ ᠬᠠᠯᠢᠰᠤ ᠲᠠᠢ᠂ ᠤᠭ ᠢ᠋ᠶ᠋ᠠᠷ ᠢ᠋ᠶ᠋ᠠᠨ ᠨᠡᠢᠯᠡᠵᠦ ᠨᠡᠢᠯᠡᠮᠡᠯ ᠤᠮᠠᠢ ᠪᠦᠷᠢᠯᠳᠦᠳᠡᠭ᠃ ᠴᠠᠨ᠎ᠠ ᠵᠢᠮᠢᠰ ᠨᠢ ᠲᠣᠮᠣᠷᠠᠭᠠᠳ᠂ ᠤᠭ ᠤ᠋ᠨ ᠬᠡᠰᠡᠭ ᠢ᠋ᠶ᠋ᠡᠷ ᠢ᠋ᠶ᠋ᠡᠨ ᠨᠡᠢᠯᠡᠵᠦ᠂ ᠳᠤᠮᠳᠠ ᠬᠡᠰᠡᠭ ᠲᠡᠭᠡᠨ ᠬᠣᠩᠭᠣᠷᠴᠣᠭᠲᠤ ᠵᠢᠮᠢᠰ ᠪᠣᠯᠳᠠᠭ ᠪᠥᠭᠡᠳ ᠣᠷᠣᠢ ᠪᠠᠷ ᠢ᠋ᠶ᠋ᠠᠨ ᠬᠠᠭᠠᠷᠠᠨ᠎ᠠ᠂1.5~2cm ᠤᠷᠲᠤ᠂ ᠦᠵᠦᠭᠦᠷ ᠲᠡᠬᠢ ᠴᠡᠴᠡᠭ ᠦ᠋ᠨ ᠪᠠᠭᠠᠨ᠎ᠠ ᠨᠢ ᠰᠤᠷ ᠬᠡᠯᠪᠡᠷᠢ ᠲᠡᠢ ᠪᠣᠯᠳᠠᠭ᠂8~10mm ᠤᠷᠲᠤ᠃ ᠣᠯᠠᠨ ᠦᠷ᠎ᠡ ᠲᠡᠢ᠂ ᠦᠷ᠎ᠡ ᠨᠢ ᠬᠠᠪᠲᠠᠭᠠᠢ ᠭᠤᠷᠪᠠᠯᠵᠢᠨ ᠬᠡᠯᠪᠡᠷᠢ ᠲᠡᠢ᠂ ᠬᠠᠷ᠎ᠠ ᠥᠩᠭᠡ ᠲᠡᠢ ᠪᠠᠢᠳᠠᠭ᠃
[ ᠤᠷᠭᠤᠬᠤ ᠣᠷᠴᠢᠨ ᠬᠢᠭᠡᠳ ᠲᠠᠷᠬᠠᠴᠠ] ᠰᠢᠨᠵᠢᠶᠠᠩ ᠤ᠋ᠨ ᠡᠮᠦᠨ᠎ᠡ ᠬᠡᠰᠡᠭ ᠲᠦ᠍ ᠠᠷᠠᠴᠢᠯᠠᠨ ᠲᠠᠷᠢᠵᠤ ᠪᠠᠢᠨ᠎ᠠ᠃
[ ᠲᠡᠭᠦᠵᠦ ᠪᠣᠯᠪᠠᠰᠤᠷᠠᠭᠤᠯᠬᠤ] ᠵᠤᠨ᠂ ᠨᠠᠮᠤᠷ ᠦᠷ᠎ᠡ ᠨᠢ ᠪᠣᠯᠪᠠᠰᠤᠷᠠᠬᠤ ᠳ᠋ᠤᠨᠢ ᠬᠠᠳᠤᠵᠤ ᠠᠪᠤᠭᠠᠳ ᠬᠠᠲᠠᠭᠠᠭᠰᠠᠨ ᠤ᠋ ᠰᠡᠭᠦᠯᠡᠷ ᠦᠷ᠎ᠡ ᠶ᠋ᠢ ᠨᠢ ᠭᠦᠪᠢᠵᠦ ᠤᠨᠠᠭᠠᠨ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠠᠮᠲᠠᠯᠢᠭ᠂ ᠭᠤᠱᠤᠭᠤᠨ ᠠᠮᠲᠠ ᠲᠠᠢ; ᠪᠦᠯᠢᠶᠡᠨ ᠴᠢᠨᠠᠷ ᠲᠠᠢ᠂ ᠬᠥᠩᠭᠡᠨ᠂ ᠰᠢᠷᠦᠭᠦᠨ᠂ ᠬᠠᠭᠤᠷᠠᠢ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠢᠯᠴᠢ ᠶ᠋ᠢ ᠰᠡᠯᠪᠢᠬᠦ᠂ ᠢᠳᠡᠭᠡᠨ ᠢ᠋ ᠰᠢᠩᠭᠡᠭᠡᠬᠦ᠂ ᠰᠢᠲᠦ ᠶ᠋ᠢ ᠰᠢᠮᠡᠵᠢᠭᠦᠯᠬᠦ ᠴᠢᠳᠠᠯ ᠲᠠᠢ᠃ ᠡᠯᠢᠭᠡ ᠡᠪᠡᠳᠬᠦ᠂ ᠡᠯᠢᠭᠡ ᠳᠣᠷᠣᠢᠲᠠᠭᠰᠠᠨ᠂ ᠨᠢᠭᠤᠷ ᠴᠢᠷᠠᠢ ᠰᠡᠯᠬᠦᠷᠡᠬᠦ᠂ ᠬᠣᠳᠣᠭᠣᠳᠣᠨ ᠤ᠋ ᠪᠠᠣ᠌ᠭᠠᠠᠨ ᠡᠪᠡᠳᠴᠢᠨ᠂ ᠬᠣᠷᠣᠬᠠᠢ ᠪᠠᠷ ᠰᠢᠳᠦ ᠡᠪᠡᠳᠬᠦ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ黑种草子
ᠠᠩᠭ᠌ᠯᠢ ᠨᠡᠷ᠎ᠡ᠄Nigella glandulifera
ᠦᠰᠦᠭ ᠠᠮᠢᠯᠠᠭᠤᠯᠤᠭᠴᠢ᠄ ᠠᠯᠲᠠᠨᠴᠡᠴᠡᠭ
ᠬᠢᠨᠠᠭᠴᠢ᠄ ᠲᠤᠶᠠᠭ᠎ᠠ