ᠬᠤᠯᠤХулKhul ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠬᠤᠯᠤХулKhul

ᠬᠤᠯᠤХулKhul

2025-04-17

354

ᠬᠤᠯᠤ

   ᠲᠤᠰ ᠡᠮ ᠪᠣᠯ ᠬᠤᠯᠤ ᠶ᠋ᠢᠨ ᠢᠵᠠᠭᠤᠷ ᠤ᠋ᠨ ᠤᠷᠭᠤᠮᠠᠯ ᠪᠣᠯᠬᠤ ᠬᠤᠯᠤ ᠶ᠋ᠢᠨ ᠪᠣᠯᠪᠠᠰᠤᠷᠠᠮᠠᠯ ᠵᠢᠮᠢᠰ ᠬᠢᠭᠡᠳ ᠦᠷ᠎ᠡ ᠮᠥᠨ᠃ ᠪᠠᠰᠠ ᠭᠠᠪᠸᠤᠨ ᠭᠡᠳᠡᠭ᠃

   [ᠤᠤᠯ ᠤᠷᠭᠤᠮᠠᠯ] ᠵᠡᠯᠡᠯᠡᠵᠦ ᠤᠷᠭᠤᠬᠤ ᠨᠢᠭᠡ ᠨᠠᠰᠤᠲᠤ ᠡᠪᠡᠰᠦᠯᠢᠭ ᠤᠷᠭᠤᠮᠠᠯ᠃ ᠡᠰᠢ ᠮᠥᠴᠢᠷ ᠲᠤᠨᠢ ᠬᠣᠪᠢᠯ ᠠᠷᠲᠠᠢ᠂ ᠨᠢᠯᠴᠠᠭᠠᠷ ᠤᠷᠲᠤ ᠵᠥᠭᠡᠯᠡᠨ ᠦᠰᠦ ᠲᠡᠢ᠂ ᠬᠥᠭᠰᠢᠷᠡᠭᠰᠡᠨ ᠦ᠌ ᠰᠡᠭᠦᠯᠡᠷ ᠠᠶᠠᠨᠳᠠᠭᠠᠨ ᠵᠤᠯᠭᠠᠷᠠᠨ᠎ᠠ᠃ ᠨᠠᠪᠴᠢᠨ ᠪᠠᠷᠢᠭᠤᠯ ᠨᠢ ᠰᠢᠷᠬᠡᠭᠯᠢᠭ ᠨᠠᠷᠢᠨ᠂16 ~ 20cm ᠤᠷᠲᠤ᠂ ᠦᠰᠦ ᠲᠡᠢ᠂ ᠣᠷᠣᠢ ᠳ᠋ᠤᠨᠢ2 ᠪᠤᠯᠴᠢᠷᠬᠠᠢ ᠲᠠᠢ᠃ ᠨᠠᠪᠴᠢᠨ ᠢᠯᠲᠠᠰᠤ ᠨᠢ ᠥᠨᠳᠡᠭᠡᠯᠵᠢᠨ ᠵᠢᠷᠦᠬᠡᠨ ᠬᠡᠯᠪᠡᠷᠢ ᠲᠡᠢ ᠪᠤᠶᠤ ᠪᠥᠭᠡᠷᠡᠯᠵᠢᠨ  ᠵᠢᠷᠦᠬᠡᠨ ᠬᠡᠯᠪᠡᠷᠢ ᠲᠡᠢ᠂ ᠤᠷᠲᠤ ᠪᠠ ᠥᠷᠭᠡᠨ ᠨᠢ ᠪᠦᠷ10 ~ 35cm᠂ ᠣᠨᠢ ᠦᠭᠡᠢ ᠪᠤᠶᠤ3 ~ 5 ᠣᠨᠢ ᠲᠠᠢ᠂ ᠬᠤᠷᠴᠠ ᠱᠣᠪᠬᠣ ᠦᠵᠦᠭᠦᠷ ᠲᠡᠢ᠂ ᠬᠥᠪᠡᠭᠡ ᠪᠡᠷ ᠨᠢ ᠵᠢᠭᠳᠡ ᠪᠤᠰᠤ ᠬᠡᠷᠴᠢᠶᠡᠰᠦ ᠲᠡᠢ᠂ ᠵᠢᠷᠦᠬᠡᠨ ᠬᠡᠯᠪᠡᠷᠢᠲᠦ ᠤᠭ ᠲᠠᠢ᠂ ᠬᠣᠶᠠᠷ ᠲᠠᠯ᠎ᠠ ᠳ᠋ᠤᠨᠢ ᠪᠦᠷ ᠵᠥᠭᠡᠯᠡᠨ ᠦᠰᠦ ᠲᠡᠢ᠂ ᠨᠠᠪᠴᠢᠨ ᠠᠷᠤ ᠬᠢᠭᠡᠳ ᠰᠤᠳᠠᠯ ᠳᠡᠭᠡᠷᠡᠬᠢ ᠨᠢ ᠨᠡᠯᠢᠶᠡᠳ ᠨᠢᠭ᠃5 ~ 7 ᠠᠯᠠᠭᠠᠯᠢᠭ ᠰᠤᠳᠠᠯ ᠲᠠᠢ᠃ ᠣᠷᠢᠶᠠᠩᠭᠤ ᠨᠢ ᠰᠢᠷᠬᠡᠭᠯᠢᠭ ᠨᠠᠷᠢᠨ᠂ ᠠᠩᠬᠠᠨ ᠳ᠋ᠠᠭᠠᠨ ᠵᠥᠭᠡᠯᠡᠨ ᠦᠰᠦ ᠲᠡᠢ᠂ ᠳᠡᠭᠡᠷ᠎ᠡ ᠬᠡᠰᠡᠭ ᠲᠡᠭᠡᠨ ᠰᠠᠯᠠᠭ᠎ᠠ ᠲᠠᠢ᠃ ᠴᠡᠴᠡᠭ ᠨᠢ ᠭᠠᠭᠴᠠ ᠪᠡᠯᠭᠡ ᠲᠡᠢ᠂ ᠨᠢᠭᠡ ᠬᠡᠷᠲᠡᠢ᠂ ᠡᠷ᠎ᠡ ᠴᠡᠴᠡᠭ ᠦ᠋ᠨ ᠪᠠᠷᠢᠭᠤᠯ ᠨᠢ ᠨᠠᠷᠢᠨ ᠪᠥᠭᠡᠳ ᠨᠠᠪᠴᠢᠨ ᠤ᠋ ᠪᠠᠷᠢᠭᠤᠯ ᠠ᠋ᠴᠠ ᠪᠠᠨ ᠤᠷᠲᠤ᠂ ᠴᠡᠴᠡᠭ ᠦ᠋ᠨ ᠪᠠᠷᠢᠭᠤᠯ᠂ ᠲᠣᠭᠳᠣᠢ᠂ ᠳᠡᠯᠪᠢ ᠳᠡᠭᠡᠷ᠎ᠡ ᠨᠢ ᠪᠦᠷ ᠵᠢᠭᠠᠬᠠᠨ ᠵᠥᠭᠡᠯᠡᠨ ᠦᠰᠦ ᠲᠡᠢ ᠲᠣᠭᠳᠣᠢ ᠬᠣᠭᠣᠯᠠᠢ ᠨᠢ ᠶᠡᠭᠦᠯᠡᠭᠦᠷ ᠬᠡᠯᠪᠡᠷᠢ ᠲᠡᠢ᠂2cm ᠣᠷᠴᠢᠮ ᠤᠷᠲᠤ᠂ ᠰᠡᠵᠢᠭᠦᠷ ᠢᠯᠲᠠᠰᠤ ᠨᠢ ᠬᠠᠪᠲᠠᠭᠠᠢ ᠲᠡᠪᠡᠨᠡ ᠬᠡᠯᠪᠡᠷᠢ ᠲᠡᠢ᠂5mm ᠤᠷᠲᠤ᠂ ᠴᠡᠴᠡᠭ ᠦ᠋ᠨ ᠳᠡᠯᠪᠢ ᠨᠢ ᠴᠠᠭᠠᠨ᠂ ᠰᠡᠵᠢᠭᠦᠷ ᠢᠯᠲᠠᠰᠤ ᠨᠢ ᠳᠣᠯᠭᠢᠶᠠᠯᠢᠭ᠂3 ~ 4cm ᠤᠷᠲᠤ᠂2 ~ 3cm ᠥᠷᠭᠡᠨ᠂ ᠤᠬᠤᠮᠠᠢ ᠦᠵᠦᠭᠦᠷ ᠲᠡᠢ ᠪᠥᠭᠡᠳ ᠣᠷᠣᠢ ᠳ᠋ᠤᠨᠢ ᠵᠢᠵᠢᠭ ᠱᠣᠪᠬᠣ ᠲᠣᠯᠣᠭᠠᠢ ᠲᠠᠢ᠂ 5 ᠰᠤᠳᠠᠯ ᠲᠠᠢ᠂ ᠡᠷ᠎ᠡ ᠲᠣᠭᠣᠷᠴᠣᠭ ᠨᠢ3᠂ ᠳᠣᠬᠢᠭᠤᠷ ᠨᠢ3 ~ 4mm ᠤᠷᠲᠤ᠂ ᠲᠣᠭᠣᠰᠣᠪᠴᠢ ᠨᠢ8 ~ 10mm ᠤᠷᠲᠤ᠂ ᠤᠷᠲᠤ ᠲᠣᠭᠣᠷᠢᠭ ᠬᠡᠯᠪᠡᠷᠢ ᠲᠡᠢ᠂ ᠲᠣᠭᠣᠰᠣᠪᠴᠢ ᠶ᠋ᠢᠨ ᠲᠠᠰᠤᠭ ᠨᠢ ᠮᠤᠷᠤᠢ᠃ ᠡᠮ᠎ᠡ ᠴᠡᠴᠡᠭ ᠦ᠋ᠨ ᠪᠠᠷᠢᠭᠤᠯ ᠨᠢ ᠨᠠᠪᠴᠢᠨ ᠪᠠᠷᠢᠭᠤᠯ ᠠ᠋ᠴᠠ ᠪᠠᠨ ᠵᠢᠭᠠᠬᠠᠨ ᠣᠬᠣᠷ ᠪᠤᠶᠤ ᠲᠡᠩᠴᠡᠭᠦᠦ ᠤᠷᠲᠤ᠂ ᠴᠡᠴᠡᠭ ᠦ᠋ᠨ ᠲᠣᠭᠳᠣᠢ ᠪᠠ ᠬᠡᠯᠲᠡᠰ ᠨᠢ ᠡᠷ᠎ᠡ ᠴᠡᠴᠡᠭ ᠰᠢᠭ᠂ ᠲᠣᠭᠳᠣᠢ ᠶ᠋ᠢᠨ ᠬᠣᠭᠣᠯᠠᠢ ᠶ᠋ᠢᠨ ᠤᠷᠲᠤ ᠨᠢ2 ~ 3mm᠂ ᠤᠮᠠᠢ ᠨᠢ ᠭᠣᠣᠯ ᠢ᠋ᠶ᠋ᠠᠷ ᠢ᠋ᠶ᠋ᠠᠨ ᠪᠣᠭᠣᠭᠳᠠᠨ ᠠᠪᠴᠢᠭᠰᠠᠨ ᠪᠠᠢᠳᠠᠭ ᠨᠢᠭ᠋ ᠨᠢᠯᠴᠠᠭᠠᠢ ᠤᠷᠲᠤ ᠵᠥᠭᠡᠯᠡᠨ ᠦᠰᠦ ᠲᠡᠢ᠂ ᠴᠡᠴᠡᠭ ᠦ᠋ᠨ ᠪᠠᠭᠠᠨ᠎ᠠ ᠨᠢ ᠪᠦᠳᠦᠭᠦᠨ ᠣᠬᠣᠷ᠂ ᠭᠤᠷᠪᠠᠨ ᠠᠮᠠᠰᠠᠷ ᠲᠠᠢ᠂ ᠲᠣᠮᠣᠷᠠᠭᠰᠠᠨ2 ᠰᠡᠵᠢᠭᠦᠷ ᠲᠡᠢ᠃ ᠵᠢᠮᠢᠰ ᠦ᠋ᠨ ᠬᠡᠯᠪᠡᠷᠢ ᠶ᠋ᠢᠨ ᠬᠤᠪᠢᠷᠠᠯ ᠨᠢ ᠨᠡᠯᠢᠶᠡᠳ ᠶᠡᠬᠡ᠂ ᠪᠣᠯᠪᠠᠰᠤᠷᠠᠪᠠᠯ ᠵᠢᠮᠢᠰ ᠦ᠋ᠨ ᠬᠠᠯᠢᠰᠤ ᠨᠢ ᠮᠣᠳᠣᠯᠢᠬᠵᠢᠨ᠎ᠠ᠃ ᠦᠷ᠎ᠡ ᠨᠢ ᠴᠠᠭᠠᠨ ᠥᠩᠭᠡ ᠲᠡᠢ᠂ ᠲᠣᠩᠭᠣᠷᠤᠤ ᠥᠨᠳᠡᠭᠡᠯᠵᠢᠨ ᠪᠤᠶᠤ ᠭᠤᠷᠪᠠᠯᠵᠢᠨ ᠬᠡᠯᠪᠡᠷᠢ ᠲᠡᠢ᠂ ᠣᠷᠣᠢ ᠨᠢ ᠲᠡᠭᠰᠢ ᠪᠤᠶᠤ2 ᠬᠡᠷᠴᠢᠶᠡᠰᠦ ᠣᠨᠢ ᠲᠠᠢ᠂ ᠲᠣᠭᠣᠷᠢᠭ ᠨᠢ ᠴᠥᠭᠡᠨ᠂ ᠪᠠᠷᠤᠭ20mm ᠤᠷᠲᠤ᠃7 ~ 8 ᠳ᠋ᠤᠭᠠᠷ ᠰᠠᠷ᠎ᠠ ᠳ᠋ᠤ᠌ ᠴᠡᠴᠡᠭᠯᠡᠵᠦ᠂8 ~ 9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃

   [ ᠤᠷᠭᠤᠬᠤ ᠣᠷᠴᠢᠨ ᠬᠢᠭᠡᠳ ᠲᠠᠷᠬᠠᠴᠠ] ᠮᠠᠨ ᠤ᠋ ᠤᠯᠤᠰ ᠤ᠋ᠨ ᠡᠯ᠎ᠡ ᠭᠠᠵᠠᠷ ᠲᠤ᠌ ᠨᠡᠢᠳᠡᠮ ᠠᠷᠠᠴᠢᠯᠠᠨ ᠲᠠᠷᠢᠵᠤ ᠪᠠᠢᠨ᠎ᠠ᠃

   [ᠲᠡᠭᠦᠵᠦ ᠪᠣᠯᠪᠠᠰᠤᠷᠠᠭᠤᠯᠬᠤ] ᠨᠠᠮᠤᠷ ᠪᠣᠯᠪᠠᠰᠤᠷᠠᠭᠰᠠᠨ ᠵᠢᠮᠢᠰ ᠢ᠋ ᠨᠢ ᠲᠡᠭᠦᠵᠦ᠂ ᠦᠷ᠎ᠡ ᠪᠠ ᠬᠠᠯᠢᠰᠤ ᠶ᠋ᠢ ᠨᠢ ᠢᠯᠭᠠᠨ ᠠᠪᠴᠤ ᠨᠠᠷᠠᠨ ᠳ᠋ᠤ᠌ ᠬᠠᠲᠠᠭᠠᠨ᠎ᠠ᠃

   [ ᠠᠮᠲᠠ᠂ ᠴᠢᠨᠠᠷ᠂ ᠡᠷᠳᠡᠮ] ᠵᠢᠮᠢᠰ ᠦ᠋ᠨ ᠬᠠᠯᠢᠰᠤ ᠨᠢ ᠠᠮᠲᠠᠯᠢᠭ᠂ ᠦᠷ᠎ᠡ ᠨᠢ ᠢᠰᠬᠦᠯᠡᠩ᠂ ᠡᠬᠡᠭᠦᠨ ᠠᠮᠲᠠ ᠲᠠᠢ᠂ ᠲᠡᠭᠰᠢ ᠴᠢᠨᠠᠷ ᠲᠠᠢ᠃ ᠬᠠᠭᠤᠷᠠᠢ᠂ ᠰᠢᠷᠦᠭᠦᠨ᠂ ᠪᠠᠲᠤᠯᠢᠭ ᠡᠷᠳᠡᠮ ᠲᠡᠢ᠃

   [ ᠴᠢᠳᠠᠯ ᠪᠠ ᠭᠣᠣᠯᠳᠠᠭᠤ ᠵᠠᠰᠠᠬᠤ] ᠰᠠᠭᠤᠯᠭᠠᠬᠤ ᠶ᠋ᠢ ᠵᠣᠭᠰᠣᠭᠠᠬᠤ᠂ ᠰᠢᠷᠬ᠎ᠠ ᠶ᠋ᠢ ᠠᠨᠠᠭᠠᠬᠤ᠂ ᠠᠭᠤᠰᠬᠢᠨ ᠲᠠᠮᠢᠷ ᠢ᠋ ᠰᠠᠢᠵᠢᠷᠠᠭᠤᠯᠬᠤ ᠴᠢᠳᠠᠯ ᠲᠠᠢ᠃ ᠬᠠᠯᠠᠭᠤᠨ ᠬᠦᠢᠲᠡᠨ ᠢ᠋ᠶ᠋ᠡᠷ ᠰᠠᠭᠤᠯᠭᠠᠬᠤ᠂ ᠭᠡᠳᠡᠰᠦᠨ ᠬᠠᠳᠬᠤᠯᠭ᠎ᠠ᠂ ᠡᠰᠡ ᠰᠢᠩᠭᠡᠭᠰᠡᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

 

   ᠬᠢᠲᠠᠳ ᠨᠡᠷ᠎ᠡ᠄葫芦

   ᠠᠩᠭ᠌ᠯᠢ ᠨᠡᠷ᠎ᠡ᠄ Lagenaria siceraria (Molinu) Standl.

 

   ᠦᠰᠦᠭ ᠠᠮᠢᠯᠠᠭᠤᠯᠤᠭᠴᠢ᠄ ᠤᠷᠠᠨᠴᠢᠮᠡᠭ

   ᠬᠢᠨᠠᠭᠴᠢ᠄ ᠣᠶᠤᠨᠴᠢᠮᠡᠭ