ᠬᠥᠰᠢᠭᠲᠦ ᠦᠷ᠎ᠡХөшигт үрKhöshigt ür ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠬᠥᠰᠢᠭᠲᠦ ᠦᠷ᠎ᠡХөшигт үрKhöshigt ür

ᠬᠥᠰᠢᠭᠲᠦ ᠦᠷ᠎ᠡХөшигт үрKhöshigt ür

2025-04-20

263

ᠬᠥᠰᠢᠭᠲᠦ ᠦᠷ᠎ᠡ

   ᠲᠤᠰ ᠡᠮ ᠪᠣᠯ ᠰᠢᠬᠦᠷ ᠬᠡᠯᠪᠡᠷᠢᠲᠦ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠬᠠᠯᠠᠭᠠᠴᠢ ᠶ᠋ᠢᠨ ᠬᠠᠲᠠᠭᠠᠭᠰᠠᠨ ᠪᠣᠯᠪᠠᠰᠤᠷᠠᠮᠠᠯ ᠵᠢᠮᠢᠰ ᠮᠥᠨ᠃ ᠪᠠᠰᠠ ᠯᠠᠯᠠᠫᠦ᠋ᠳ᠂ ᠮᠣᠭᠠᠢᠳᠠᠰᠢ ᠭᠡᠳᠡᠭ᠃
   [ ᠤᠤᠯ ᠤᠷᠭᠤᠮᠠᠯ] ᠨᠢᠭᠡ ᠨᠠᠰᠤᠲᠤ ᠡᠪᠡᠰᠦᠯᠢᠭ ᠤᠷᠭᠤᠮᠠᠯ᠃30~80cm ᠥᠨᠳᠥᠷ᠂ ᠡᠰᠢ ᠨᠢ ᠰᠢᠯᠤᠭᠤᠨ᠂ ᠭᠤᠯᠳᠤ ᠢᠷᠮᠡᠭ ᠤᠳ ᠲᠠᠢ᠂ ᠲᠠᠷᠠᠮᠠᠭ ᠨᠠᠷᠢᠨ ᠵᠥᠭᠡᠯᠡᠨ ᠦᠰᠦ ᠲᠡᠢ᠃ ᠤᠵᠠᠭᠤᠷ ᠤ᠋ᠨ ᠨᠠᠪᠴᠢ ᠨᠢ ᠪᠠᠷᠢᠭᠤᠯ ᠲᠠᠢ᠂ ᠤᠭ ᠲᠤᠨᠢ ᠣᠬᠣᠷ ᠮᠥᠷᠲᠡᠭᠡᠨ ᠥᠷᠭᠡᠨ ᠨᠠᠪᠴᠢᠨ ᠲᠣᠭᠳᠣᠢ ᠲᠠᠢ᠃ ᠨᠠᠪᠴᠢᠨ ᠢᠯᠲᠠᠰᠤ ᠨᠢ ᠥᠨᠳᠡᠭᠡᠯᠵᠢᠨ ᠬᠡᠯᠪᠡᠷᠢ ᠲᠡᠢ᠂ ᠬᠣᠶᠠᠷ ᠠ᠋ᠴᠠ ᠭᠤᠷᠪᠠᠳᠠᠭᠰᠠᠨ ᠥᠳᠥᠯᠢᠭ ᠣᠨᠢ ᠲᠠᠢ᠂ ᠬᠠᠮᠤᠭ ᠡᠴᠦᠰ ᠦ᠋ᠨ ᠰᠡᠵᠢᠭᠦᠷ ᠢᠯᠲᠠᠰᠤ ᠨᠢ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂ ᠬᠤᠷᠴᠠ ᠱᠣᠪᠬᠣ ᠦᠵᠦᠭᠦᠷ ᠲᠡᠢ᠃ ᠡᠰᠢᠨ ᠦ᠌ ᠳᠡᠭᠡᠳᠦ ᠬᠡᠰᠡᠭ ᠦ᠋ᠨ ᠨᠠᠪᠴᠢ ᠨᠢ ᠤᠵᠠᠭᠤᠷ ᠤ᠋ᠨ ᠨᠠᠪᠴᠢ ᠲᠠᠢ ᠪᠠᠨ ᠲᠥᠰᠦᠭᠡᠲᠡᠢ ᠪᠣᠯᠪᠠᠴᠤ ᠨᠠᠪᠴᠢᠨ ᠪᠠᠷᠢᠭᠤᠯ ᠨᠢ ᠨᠡᠯᠢᠶᠡᠳ ᠣᠬᠣᠷ᠃ ᠨᠡᠢᠯᠡᠮᠡᠯ ᠰᠢᠭᠦᠷ ᠬᠡᠯᠪᠡᠷᠢᠲᠦ ᠪᠠᠭ ᠴᠡᠴᠡᠭ ᠨᠢ ᠡᠰᠢᠨ ᠦ᠌ ᠣᠷᠣᠢ ᠪᠤᠶᠤ ᠬᠠᠵᠠᠭᠤ ᠳ᠋ᠤᠨᠢ ᠳᠡᠯᠭᠡᠷᠡᠨ᠎ᠡ᠃ ᠰᠢᠭᠦᠷ ᠦ᠋ᠨ ᠪᠠᠷᠢᠭᠤᠯ ᠨᠢ10~25᠂ ᠤᠭ ᠤ᠋ᠨ ᠬᠡᠰᠡᠭ ᠲᠡᠬᠢ ᠶᠡᠷᠦᠩᠬᠡᠢ ᠪᠠᠭᠯᠠᠭᠴᠢ ᠢᠯᠲᠠᠰᠤ ᠨᠢ8~10᠂ ᠪᠦᠰᠡᠯᠢᠭ ᠬᠡᠯᠪᠡᠷᠢ ᠲᠡᠢ᠂ ᠬᠥᠪᠡᠭᠡ ᠪᠡᠷ ᠨᠢ ᠦᠰᠦ ᠲᠡᠢ᠃ ᠵᠢᠵᠢᠭ ᠶᠡᠷᠦᠩᠬᠡᠢ ᠪᠠᠭᠯᠠᠭᠴᠢ ᠢᠯᠲᠠᠰᠤ ᠨᠢ8~10᠂ ᠪᠦᠰᠡᠯᠢᠭ ᠬᠡᠯᠪᠡᠷᠢ ᠲᠡᠢ᠃ ᠲᠣᠭᠳᠣᠢ ᠨᠢ ᠮᠡᠳᠡᠭᠳᠡᠮ᠎ᠡ ᠰᠡᠵᠢᠭᠦᠷ ᠣᠨᠢ ᠦᠭᠡᠢ᠃ ᠴᠡᠴᠡᠭ ᠦ᠋ᠨ ᠬᠡᠯᠲᠡᠰ ᠨᠢ5᠂ ᠴᠠᠭᠠᠨ ᠪᠥᠭᠡᠳ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ ᠬᠣᠲᠣᠭᠣᠷ ᠦᠵᠦᠭᠦᠷ ᠲᠡᠢ ᠮᠥᠷᠲᠡᠭᠡᠨ ᠳᠣᠲᠣᠭᠰᠢ ᠪᠠᠨ ᠬᠤᠮᠢᠷᠠᠭᠰᠠᠨ ᠵᠢᠵᠢᠭ ᠬᠡᠯᠡ ᠲᠡᠢ᠃5 ᠡᠷ᠎ᠡ ᠲᠣᠭᠣᠷᠴᠣᠭ ᠲᠠᠢ ᠪᠥᠭᠡᠳ ᠴᠡᠴᠡᠭ ᠦ᠋ᠨ ᠬᠡᠯᠲᠡᠰ ᠲᠡᠢ ᠪᠡᠨ ᠴᠤᠪᠤᠷᠠᠨ ᠤᠷᠭᠤᠨ᠎ᠠ᠃ ᠳᠣᠬᠢᠭᠤᠷ ᠨᠢ ᠨᠠᠷᠢᠨ ᠤᠷᠲᠤ᠂ ᠲᠣᠭᠣᠰᠣᠪᠴᠢ ᠨᠢ ᠵᠤᠤᠪᠠᠩ ᠬᠡᠯᠪᠡᠷᠢ ᠲᠡᠢ᠃ ᠳᠣᠣᠷᠠᠲᠤ ᠣᠷᠣᠨᠲᠤ ᠤᠮᠠᠢ ᠲᠠᠢ᠂2 ᠴᠡᠴᠡᠭ ᠦ᠋ᠨ ᠪᠠᠭᠠᠨ᠎ᠠ ᠲᠠᠢ ᠪᠥᠭᠡᠳ ᠪᠠᠭᠠᠨ᠎ᠠ ᠶ᠋ᠢᠨ ᠤᠭ ᠨᠢ ᠲᠣᠭᠣᠷᠢᠭ ᠱᠣᠷᠣᠯᠵᠢᠨ ᠬᠡᠯᠪᠡᠷᠢ ᠲᠡᠢ᠃ ᠬᠣᠣᠰ ᠳᠡᠭᠦᠵᠢᠩ ᠵᠢᠮᠢᠰ ᠨᠢ ᠵᠤᠤᠪᠠᠩ ᠬᠡᠯᠪᠡᠷᠢ ᠲᠡᠢ᠂ ᠵᠢᠮᠢᠰ ᠦ᠋ᠨ ᠢᠷᠮᠡᠭ ᠨᠢ ᠳᠠᠯᠠᠪᠴᠢ ᠰᠢᠭ᠋ ᠪᠣᠯᠳᠠᠭ᠂ ᠦᠰᠦ ᠦᠭᠡᠢ᠃4~7 ᠳ᠋ᠤᠭᠠᠷ ᠰᠠᠷ᠎ᠠ ᠳ᠋ᠤ᠌ ᠴᠡᠴᠡᠭᠯᠡᠵᠦ᠂6~8 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠬᠠᠵᠠᠭᠤ ᠶ᠋ᠢᠨ ᠡᠪᠡᠰᠦᠨ ᠳᠤᠮᠳᠠ ᠪᠤᠶᠤ ᠲᠠᠷᠢᠶᠠᠨ ᠳᠤᠮᠳᠠ᠂ ᠵᠠᠮ ᠤ᠋ᠨ ᠬᠠᠵᠠᠭᠤ ᠪᠠᠷ ᠤᠷᠭᠤᠨ᠎ᠠ᠃ ᠪᠦᠬᠦ ᠤᠯᠤᠰ ᠤ᠋ᠨ ᠣᠯᠠᠩᠬᠢ ᠭᠠᠵᠠᠷ ᠲᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠵᠢᠮᠢᠰ ᠨᠢ ᠪᠣᠯᠪᠠᠰᠤᠷᠠᠬᠤ ᠳ᠋ᠤᠨᠢ ᠬᠠᠳᠤᠵᠤ ᠠᠪᠤᠭᠠᠳ᠂ ᠨᠠᠷᠠᠨ ᠳ᠋ᠤ᠌ ᠬᠠᠲᠠᠭᠠᠭᠰᠠᠨ ᠤ᠋ ᠰᠡᠭᠦᠯᠡᠷ ᠵᠢᠮᠢᠰ ᠢ᠋ ᠨᠢ ᠭᠦᠪᠢᠵᠦ ᠠᠪᠤᠭᠠᠳ ᠠᠷᠢᠯᠭᠠᠵᠤ ᠴᠡᠪᠡᠷᠯᠡᠭᠡᠳ᠂ ᠳᠠᠬᠢᠨ ᠭᠦᠢᠴᠡᠳ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠤᠱᠤᠭᠤᠨ᠂ ᠭᠠᠰᠢᠭᠤᠨ ᠠᠮᠲᠠ ᠲᠠᠢ᠃ ᠪᠦᠯᠢᠶᠡᠨ ᠴᠢᠨᠠᠷ ᠲᠠᠢ᠃ ᠬᠥᠩᠭᠡᠨ᠂ ᠬᠠᠭᠤᠷᠠᠢ᠂ ᠰᠢᠷᠦᠭᠦᠨ᠂ ᠬᠤᠷᠴᠠ᠂ ᠬᠥᠯᠪᠡᠷᠢᠭᠦᠨ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠢᠯᠴᠢ ᠶ᠋ᠢ ᠰᠡᠯᠪᠢᠬᠦ᠂ ᠬᠣᠷᠣᠬᠠᠢ ᠶ᠋ᠢ ᠨᠢᠲᠤᠯᠬᠤ ᠴᠢᠳᠠᠯ ᠲᠠᠢ᠃ ᠬᠣᠳᠣᠭᠣᠳᠣᠨ ᠤ᠋ ᠢᠯᠴᠢ ᠮᠠᠭᠤᠳᠠᠭᠰᠠᠨ᠂ ᠡᠰᠡ ᠰᠢᠩᠭᠡᠭᠰᠡᠨ᠂ ᠭᠡᠳᠡᠰᠦ ᠬᠥᠭᠡᠭᠡᠬᠦ᠂ ᠭᠡᠭᠡᠷᠡᠬᠦ᠂ ᠤᠮᠠᠢ ᠶ᠋ᠢᠨ ᠬᠣᠷᠣᠬᠠᠢ᠂ ᠬᠣᠰᠬᠢᠨᠠᠭ ᠤ᠋ᠨ ᠨᠠᠮᠤᠰᠤ᠂ ᠪᠠᠮ᠂ ᠰᠢᠷ᠎ᠠ ᠤᠰᠤᠨ ᠡᠪᠡᠳᠴᠢᠨ ᠢ᠋ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄蛇床子(蛇床)
   ᠠᠩᠭ᠌ᠯᠢ ᠨᠡᠷ᠎ᠡ᠄Cnidium monnieri (L.) Cusson

   ᠦᠰᠦᠭ ᠠᠮᠢᠯᠠᠭᠤᠯᠤᠭᠴᠢ᠄ ᠣᠶᠤᠨᠴᠢᠮᠡᠭ
   ᠬᠢᠨᠠᠭᠴᠢ᠄ ᠤᠷᠠᠨᠴᠢᠮᠡᠭ