ᠮᠠᠨᠳᠤᠬᠤ <ᠨᠢᠭᠡ>– 1949 ~1978 ᠣᠨ ᠤ ᠬᠣᠭᠣᠷᠣᠨᠳᠤ ᠲᠥᠷᠥᠭᠰᠡᠨ ᠤᠷᠠᠯᠠᠠᠴᠢᠳ 1949 ~1978 оны хооронд төрсөн урлаачид - Мандах
ᠮᠠᠨᠳᠤᠬᠤ


ᠮᠠᠨᠳᠤᠬᠤ ᠨᠥᠬᠥᠷ᠂ ᠥᠪᠥᠷ ᠮᠣᠩᠭᠣᠯ ᠤ᠋ᠨ ᠤᠷᠠᠨ ᠪᠢᠴᠢᠯᠭᠡᠲᠡᠨ ᠦ᠌ ᠨᠡᠢᠭᠡᠮᠯᠢᠭ ᠦ᠋ᠨ ᠭᠡᠰᠢᠭᠦᠨ᠂ ᠥᠪᠥᠷ ᠮᠣᠩᠭᠣᠯ ᠤ᠋ᠨ ᠤᠯᠤᠰ ᠲᠥᠷᠥ ᠶ᠋ᠢᠨ ᠵᠥᠪᠯᠡᠯᠭᠡᠨ ᠦ᠌ ᠤᠷᠠᠨ ᠵᠢᠷᠤᠭ ᠤᠷᠠᠨ ᠪᠢᠴᠢᠯᠭᠡ ᠶ᠋ᠢᠨ ᠬᠦᠷᠢᠶᠡᠯᠡᠩ ᠦ᠋ᠨ ᠠᠺᠠᠳᠧᠮᠢᠴᠢ᠂ ᠣᠷᠳᠣᠰ ᠬᠣᠲᠠ ᠶ᠋ᠢᠨ ᠤᠯᠤᠰ ᠲᠥᠷᠥ ᠶ᠋ᠢᠨ ᠵᠥᠪᠯᠡᠯᠭᠡᠨ ᠦ᠌ ᠤᠷᠠᠨ ᠵᠢᠷᠤᠭ ᠤᠷᠠᠨ ᠪᠢᠴᠢᠯᠭᠡ ᠶ᠋ᠢᠨ ᠬᠦᠷᠢᠶᠡᠯᠡᠩ ᠦ᠋ᠨ ᠠᠺᠠᠳᠧᠮᠢᠴᠢ᠂ ᠳᠡᠳ᠋ ᠲᠡᠷᠢᠭᠦᠯᠡᠭᠴᠢ᠂ ᠳᠤᠮᠳᠠᠳᠤ ᠭᠠᠳᠠᠭᠠᠳᠤ ᠶ᠋ᠢᠨ ᠤᠷᠠᠨ ᠪᠢᠴᠢᠯᠭᠡᠲᠡᠳ ᠤᠷᠠᠨ ᠵᠢᠷᠤᠭᠴᠢᠳ ᠤ᠋ᠨ ᠠᠯᠳᠠᠷᠲᠤ ᠬᠥᠮᠦᠰ ᠦ᠋ᠨ ᠰᠤᠳᠤᠯᠭᠠᠨ ᠤ᠋ ᠬᠦᠷᠢᠶᠡᠯᠡᠩ ᠦ᠋ᠨ ᠨᠡᠷ᠎ᠡ ᠬᠦᠨᠳᠦᠲᠦ ᠫᠷᠣᠹᠧᠰᠰᠣᠷ ᠵᠡᠷᠭᠡ ᠨᠡᠢᠭᠡᠮ ᠦ᠋ᠨ ᠲᠤᠰᠢᠶᠠᠯ ᠲᠠᠢ᠃

ᠮᠠᠨᠳᠤᠬᠤ ᠶ᠋ᠢᠨ ᠤᠷᠠᠨ ᠪᠢᠴᠢᠯᠭᠡ ᠶ᠋ᠢᠨ ᠪᠦᠲᠦᠭᠡᠯ ᠦ᠋ᠳ ᠨᠢ ᠠᠢᠮᠠᠭ᠂ ᠣᠷᠣᠨ ᠤᠯᠤᠰ᠂ ᠳᠡᠯᠡᠬᠡᠢ ᠶ᠋ᠢᠨ ᠴᠢᠨᠠᠷᠲᠠᠢ ᠤᠷᠤᠯᠳᠤᠭᠠᠨ ᠳ᠋ᠤ᠌ ᠣᠷᠣᠯᠴᠠᠨ ᠣᠯᠠᠨ ᠤᠳᠠᠭ᠎ᠠ ᠱᠠᠩᠨᠠᠯ ᠬᠦᠷᠲᠡᠭᠰᠡᠨ ᠪᠥᠭᠡᠳ ᠵᠠᠷᠢᠮ ᠪᠦᠲᠦᠭᠡᠯ ᠨᠢ ᠰᠢᠶᠠᠩᠭᠠᠩ᠂ ᠣᠣᠮᠸᠨ᠂ ᠲᠠᠢᠸᠠᠨ᠂ ᠣᠷᠣᠰ᠂ ᠮᠣᠩᠭᠣᠯ᠂ ᠶᠠᠫᠣᠨ᠂ ᠰᠢᠩᠭᠠᠪᠤᠷ᠂ ᠫᠷᠢᠽᠢᠯ᠂ ᠠᠮᠧᠷᠢᠺᠠ᠂ ᠭᠧᠷᠮᠠᠨ ᠵᠡᠷᠭᠡ ᠤᠯᠤᠰ ᠣᠷᠣᠨ ᠳ᠋ᠤ᠌ ᠳᠡᠯᠭᠡᠨ ᠦᠵᠡᠭᠦᠯᠦᠭᠳᠡᠵᠦ ᠬᠠᠳᠠᠭᠠᠯᠠᠭᠳᠠᠭᠰᠠᠨ ᠪᠠ ᠴᠢᠩᠭᠢᠰ ᠦ᠋ᠨ ᠣᠩᠭᠣᠨ ᠤ᠋ ᠬᠥᠰᠢᠶᠡᠨ ᠪᠢᠴᠢᠭ᠂ ᠰᠢᠨᠡᠯᠡᠮ᠎ᠡ ᠶ᠋ᠢᠨ ᠳᠤᠷᠠᠰᠬᠠᠯ ᠤ᠋ᠨ ᠰᠤᠪᠤᠷᠭ᠎ᠠ ᠵᠡᠷᠭᠡ ᠬᠦᠰᠢᠶᠡᠨ ᠦ᠌ ᠪᠢᠴᠢᠭ ᠢ᠋ ᠪᠢᠴᠢᠵᠡᠢ᠃ ᠪᠦᠲᠦᠭᠡᠯ ᠪᠠ ᠨᠠᠮᠲᠠᠷ ᠨᠢ᠄《ᠳᠤᠮᠳᠠᠳᠤ ᠤᠯᠤᠰ ᠤ᠋ᠨ ᠤᠷᠠᠨ ᠪᠢᠴᠢᠯᠭᠡᠲᠡᠳ ᠤᠷᠠᠨ ᠵᠢᠷᠤᠭᠴᠢᠳ ᠤ᠋ᠨ ᠨᠡᠷᠡᠲᠦ ᠬᠥᠮᠦᠰ ᠦ᠋ᠨ ᠲᠠᠮᠠᠭ᠎ᠠ ᠤᠷᠠᠯᠠᠯ ᠤ᠋ᠨ ᠬᠤᠷᠢᠶᠠᠩᠭᠤᠢ᠂《ᠣᠯᠠᠨ ᠤᠯᠤᠰ ᠤ᠋ᠨ ᠤᠷᠠᠨ ᠪᠢᠴᠢᠯᠭᠡᠲᠡᠳ᠂ ᠳᠠᠯᠠᠢ ᠶ᠋ᠢᠨ ᠬᠣᠭᠣᠯᠠᠢ ᠶ᠋ᠢᠨ ᠬᠣᠶᠠᠷ ᠡᠷᠭᠢ ᠶ᠋ᠢᠨ ᠤᠷᠠᠨ ᠪᠢᠴᠢᠯᠭᠡᠲᠡᠳ ᠤᠷᠠᠨ ᠵᠢᠷᠤᠭᠴᠢᠳ ᠤ᠋ᠨ ᠶᠡᠬᠡ ᠲᠣᠯᠢ 》᠂《ᠣᠳᠣ ᠦᠶ᠎ᠡ ᠶ᠋ᠢᠨ ᠤᠷᠠᠨ ᠪᠢᠴᠢᠯᠭᠡᠲᠡᠳ ᠤᠷᠠᠨ ᠵᠢᠷᠤᠭᠴᠢᠳ ᠤ᠋ᠨ ᠪᠦᠲᠦᠭᠡᠯ ᠦ᠋ᠨ ᠰᠣᠩᠭᠣᠮᠠᠯ》᠂《ᠣᠳᠣ ᠦᠶ᠎ᠡ ᠶ᠋ᠢᠨ ᠮᠣᠩᠭᠣᠯ ᠦᠨᠳᠦᠰᠦᠲᠡᠨ ᠦ᠌ ᠤᠷᠠᠨ ᠪᠢᠴᠢᠯᠭᠡᠲᠡᠳ ᠤᠷᠠᠨ ᠵᠢᠷᠤᠭᠴᠢᠳ ᠤ᠋ᠨ ᠪᠦᠲᠦᠭᠡᠯ ᠦ᠋ᠨ ᠰᠣᠩᠭᠣᠮᠠᠯ》᠂《ᠳᠤᠮᠳᠠᠳᠤ ᠭᠠᠳᠠᠭᠠᠳᠤ ᠶ᠋ᠢᠨ ᠭᠣᠷ ᠰᠡᠢᠯᠦᠮᠡᠯᠴᠢᠳ ᠦ᠋ᠨ ᠤᠢᠯᠠᠯᠭ᠎ᠠ 》᠂《ᠳᠤᠮᠳᠠᠳᠤ ᠵᠡᠷᠭᠡ ᠶ᠋ᠢᠨ ᠪᠠᠭᠰᠢ ᠶ᠋ᠢᠨ ᠰᠤᠷᠭᠠᠭᠤᠯᠢ ᠶ᠋ᠢᠨ ᠭᠤᠷᠪᠠᠨ ᠪᠢᠷ ᠦ᠋ᠨ ᠪᠢᠴᠢᠯᠭᠡ ᠶ᠋ᠢᠨ ᠵᠢᠯᠣᠭᠣᠳᠤᠮᠵᠢ》᠂《ᠪᠦᠬᠦ ᠤᠯᠤᠰ ᠤ᠋ᠨ ᠳᠡᠭᠡᠳᠦ ᠰᠤᠷᠭᠠᠭᠤᠯᠢ ᠶ᠋ᠢᠨ ᠤᠷᠠᠨ ᠪᠢᠴᠢᠯᠭᠡ ᠶ᠋ᠢᠨ ᠤᠳᠤᠷᠢᠳᠤᠮᠵᠢ》᠂《ᠮᠣᠩᠭᠣᠯ ᠤᠷᠠᠨ ᠪᠢᠴᠢᠯᠭᠡ ᠶ᠋ᠢᠨ ᠬᠥᠭᠵᠢᠯ ᠦ᠋ᠨ ᠲᠡᠦᠬᠡ》᠂《ᠳᠡᠯᠡᠬᠡᠢ ᠶ᠋ᠢᠨ ᠠᠯᠳᠠᠷᠲᠤ ᠬᠥᠮᠦᠰ ᠦ᠋ᠨ ᠨᠠᠮᠲᠠᠷ 》ᠵᠡᠷᠭᠡ ᠨᠣᠮ ᠤ᠋ᠳ ᠲᠤ᠌ ᠲᠡᠮᠳᠡᠭᠯᠡᠭᠳᠡᠭᠰᠡᠨ ᠪᠠᠢᠳᠠᠭ᠃《ᠮᠠᠨᠳᠤᠬᠤ ᠶ᠋ᠢᠨ ᠮᠣᠩᠭᠣᠯ ᠤᠷᠠᠨ ᠪᠢᠴᠢᠯᠭᠡ ᠶ᠋ᠢᠨ ᠲᠡᠭᠦᠪᠦᠷᠢ》ᠭᠡᠬᠦ ᠪᠦᠲᠦᠭᠡᠯ ᠦ᠋ᠨ ᠨᠣᠮ ᠲᠠᠢ᠃ ᠪᠠᠰᠠ《ᠮᠣᠩᠭᠣᠯ ᠤ᠋ᠨ ᠨᠢᠭᠤᠴᠠ ᠲᠣᠪᠴᠢᠶᠠᠨ》᠂《ᠠᠯᠲᠠᠨ ᠲᠣᠪᠴᠢ》᠂《ᠡᠷᠳᠡᠨᠢ ᠶ᠋ᠢᠨ ᠲᠣᠪᠴᠢ》᠂《ᠠᠷᠪᠠᠨ ᠪᠤᠶᠠᠨᠲᠤ ᠨᠣᠮ ᠤ᠋ᠨ ᠴᠠᠭᠠᠨ ᠲᠡᠦᠬᠡ》᠂《ᠭᠠᠩᠭ᠎ᠠ ᠶ᠋ᠢᠨ ᠤᠷᠤᠰᠬᠠᠯ》᠂《ᠡᠷᠳᠡᠨᠢ ᠶ᠋ᠢᠨ ᠰᠠᠩ ᠰᠤᠪᠢᠰᠢᠲᠠᠢ》᠂《ᠮᠡᠷᠭᠡᠨ ᠭᠡᠭᠡᠨ ᠦ᠌ ᠰᠢᠯᠦᠭ》᠂《ᠢᠰᠢᠳᠠᠨᠽᠠᠨᠸᠠᠩᠵᠢᠯ ᠤ᠋ᠨ ᠵᠣᠬᠢᠶᠠᠯ ᠪᠦᠲᠦᠭᠡᠯ》᠂《ᠡᠷᠳᠡᠨᠢ ᠶ᠋ᠢᠨ ᠡᠷᠢᠭᠡ》᠂《ᠰᠤᠪᠤᠳ ᠡᠷᠢᠭᠡ》᠂《ᠪᠢᠯᠢᠭ ᠦ᠋ᠨ ᠵᠤᠯᠠ》᠂《ᠰᠢᠷ᠎ᠠ ᠲᠣᠭᠣᠵᠢ》᠂《ᠭᠡᠭᠡᠨ ᠲᠣᠯᠢ》᠂《ᠴᠢᠩᠭᠢᠰ ᠬᠠᠭᠠᠨ ᠤ᠋ ᠴᠠᠳᠢᠭ》᠂《ᠴᠢᠩᠭᠢᠰ ᠦ᠋ᠨ ᠪᠢᠯᠢᠭ ᠰᠤᠷᠭᠠᠯ》᠂《ᠭᠡᠰᠡᠷ》᠂《ᠵᠢᠩᠭᠠᠷ》᠂《ᠬᠠᠳ ᠤ᠋ᠨ ᠦᠨᠳᠦᠰᠦᠨ ᠬᠤᠷᠢᠶᠠᠩᠭᠤᠢ ᠠᠯᠲᠠᠨ ᠲᠣᠪᠴᠢ》᠂《ᠪᠣᠯᠣᠷ ᠡᠷᠢᠭᠡ》᠂《ᠠᠯᠲᠠᠨ ᠭᠡᠷᠡᠯ》ᠵᠡᠷᠭᠡ ᠶ᠋ᠢᠨ ᠲᠠᠪᠢᠭᠠᠳ ᠪᠣᠳᠢ ᠰᠡᠢᠷᠡᠭᠦᠯᠦᠯ ᠪᠦᠲᠦᠭᠡᠯ ᠲᠡᠢ᠃

